ᠱᠠᠩᠬᠠᠶ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠬᠦᠴᠦᠨ᠎ᠢ ᠨᠢᠭ᠍ᠲᠠᠷᠠᠭᠤᠯᠵᠤ
ᠪᠥᠬᠥ᠌ ᠪᠥᠮᠪᠥᠷᠴᠡᠭ᠎ᠦᠨ ᠵᠠᠰᠠᠯᠲᠠ᠎ᠶ᠋ᠢ ᠲᠡᠭᠦᠯᠳᠡᠷᠵᠢᠭᠦᠯᠦᠶ᠎ᠡ
— 《ᠱᠠᠩᠬᠠᠶ ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ+》 ᠬᠤᠷᠠᠯ ᠳᠡᠭᠡᠷᠡᠬᠢ ᠶᠠᠷᠢᠶ᠎ᠡ
(2025 ᠣᠨ᠎ᠤ 9 ᠰᠠᠷ᠎ᠠ᠎ᠶ᠋ᠢᠨ 1 ᠤ᠋ ᠡᠳᠦᠷ᠂ ᠲᠢᠶᠠᠨᠵᠢᠨ ᠳ᠋ᠦ)
ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ
ᠬᠦᠨᠳᠦᠲᠦ ᠬᠠᠮᠲᠤ ᠠᠵᠢᠯᠯᠠᠭ᠍ᠰᠠᠳ ᠡ᠄
ᠡᠨᠡ ᠵᠢᠯ ᠪᠣᠯ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ᠎ᠦ ᠢᠯᠠᠯᠲᠠ ᠤᠯᠤᠬᠰᠡᠨ ᠪᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠪᠠᠢᠭᠤᠯᠤᠭ᠍ᠳᠠᠭ᠍ᠰᠠᠨ 80 ᠵᠢᠯ᠎ᠦᠨ ᠤᠢ ᠪᠣᠯᠤᠨ᠎ᠠ᠂ ᠲᠡᠦᠬᠡ᠎ᠶ᠋ᠢ ᠪᠠᠲᠤ ᠴᠡᠭᠡᠵᠢᠯᠡᠵᠦ᠍᠂ ᠢᠷᠡᠭᠡᠳᠦᠢ᠎ᠶ᠋ᠢ ᠬᠠᠮᠲᠤ᠎ᠪᠠᠷ ᠴᠣᠭ᠍ᠴᠠᠯᠠᠬᠤ ᠴᠢᠬᠤᠯᠠ ᠴᠠᠭ ᠮᠥᠴᠡ ᠪᠣᠯᠤᠨ᠎ᠠ᠃ 80 ᠵᠢᠯ᠎ᠦᠨ ᠡᠮᠦᠨ᠎ᠡ᠂ ᠬᠣᠶᠠᠷ ᠤᠳᠠᠭ᠎ᠠ᠎ᠶ᠋ᠢᠨ ᠳᠡᠯᠡᠬᠡᠢ᠎ᠶ᠋ᠢᠨ ᠶᠡᠬᠡ ᠲᠠᠢ᠌ᠨ᠎ᠦ ᠶᠡᠬᠡ ᠭᠠᠮᠱᠢᠭ ᠨᠢ ᠳᠡᠯᠡᠬᠡᠢ ᠨᠡᠢᠭᠡᠮ᠎ᠢ ᠡᠪᠡᠳᠬᠦ ᠨᠢ ᠵᠤᠭᠰᠤᠪᠠᠴᠤ ᠡᠪᠡᠷᠰᠢᠶᠡᠯ᠎ᠢᠶᠡᠨ ᠰᠠᠨᠠᠭᠠᠯᠵᠠᠬᠤ ᠪᠤᠯᠭᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠪᠠᠢᠳᠠᠯ᠎ᠢ ᠲᠠᠭᠠᠨ ᠪᠠᠢᠭᠤᠯᠤᠭ᠍ᠳᠠᠵᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶᠢᠨ ᠱᠢᠨ᠎ᠡ ᠬᠠᠭᠤᠳᠠᠰᠤ᠎ᠶ᠋ᠢ ᠰᠡᠬᠥᠪᠠ᠃ 80 ᠵᠢᠯ᠎ᠦᠨ ᠳᠠᠷᠠᠭ᠎ᠠ᠂ ᠡᠩᠬᠡ ᠲᠠᠢᠪᠤᠩ᠂ ᠬᠥᠭ᠌ᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠱᠢᠭ ᠬᠦᠷᠲᠡᠬᠦ᠌ ᠴᠠᠭ ᠦᠶ᠎ᠡ᠎ᠶ᠋ᠢᠨ ᠤᠷᠤᠰᠭᠠᠯ ᠬᠤᠪᠢᠷᠠᠭ᠍ᠰᠠᠨ ᠦᠭᠡᠢ᠂ ᠭᠡᠪᠡᠴᠦ᠍ ᠬᠦᠢᠲᠡᠨ ᠳᠠᠢ᠌ᠨ᠎ᠦ ᠰᠡᠳᠭᠢᠬᠦᠢ᠂ ᠡᠵᠡᠷᠬᠡᠬᠦ᠌ ᠦᠵᠡᠯ᠂ ᠬᠠᠮᠠᠭᠠᠯᠠᠬᠤ ᠦᠵᠡᠯ᠎ᠦᠨ ᠤᠨᠢᠶᠠᠷ ᠬᠦᠳᠡᠩ ᠰᠠᠷᠨᠢᠬᠤ ᠦᠭᠡᠢ ᠪᠠᠢᠵᠤ᠂ ᠱᠢᠨ᠎ᠡ ᠰᠦᠷᠳᠡᠭᠦᠯᠦᠯ ᠱᠢᠨ᠎ᠡ ᠥᠷᠢᠰᠥᠯᠳᠦᠭᠡᠨ ᠨᠡᠮᠡᠭ᠌ᠳᠡᠬᠰᠡᠨᠡᠴᠡ ᠪᠢᠰᠢ ᠬᠠᠰᠤᠭ᠍ᠳᠠᠭᠰᠠᠨ ᠦᠭᠡᠢ᠂ ᠳᠡᠯᠡᠬᠡᠢ ᠳ᠋ᠠᠬᠢᠨ ᠱᠢᠨ᠎ᠡ ᠤᠷᠪᠠᠭᠠᠨ ᠬᠥᠷᠪᠡᠭᠡᠨ᠎ᠲᠡᠶ ᠬᠤᠪᠢᠰᠤᠯᠲᠠ᠎ᠶ᠋ᠢᠨ ᠬᠤᠭᠤᠴᠠᠭᠠᠨ᠎ᠳᠤ ᠣᠷᠣᠵᠤ᠂ ᠪᠦᠬᠦ᠌ ᠪᠥᠮᠪᠥᠷᠴᠡᠭ᠎ᠦᠨ ᠵᠠᠰᠠᠯᠲᠠ ᠱᠢᠨ᠎ᠡ ᠲᠣᠨᠣᠯᠵᠢᠨ ᠵᠠᠮ᠎ᠳᠤ ᠣᠷᠣᠪᠠ᠃
ᠲᠡᠦᠬᠡ ᠪᠢᠳᠡᠨ᠎ᠳᠦ᠂ ᠬᠡᠳᠦᠢ ᠬᠦᠴᠢᠷ ᠪᠡᠷᠬᠡᠱᠢᠶᠡᠯ᠎ᠲᠡᠶ ᠴᠠᠭ ᠮᠥᠴᠡ ᠪᠣᠯᠬᠤ ᠲᠤᠳᠤᠮ ᠨᠠᠢᠷᠠᠮᠳᠠᠯ᠎ᠢᠶᠠᠷ ᠵᠡᠷᠭᠡᠴᠡᠨ ᠣᠷᠣᠱᠢᠬᠤ ᠤᠬ ᠰᠠᠨᠠᠭ᠎ᠠ᠎ᠪᠠᠨ ᠲᠡᠳᠦᠢ ᠪᠠᠷᠢᠮᠲᠠᠯᠠᠵᠤ᠂ ᠬᠠᠮᠲᠤᠷᠠᠯᠴᠠᠭ᠎ᠠ ᠬᠢᠵᠦ᠍ ᠬᠠᠮᠲᠤ᠎ᠪᠠᠷ ᠠᠱᠢᠭ ᠬᠦᠷᠳᠡᠬᠦ᠌ ᠢᠲᠡᠭᠡᠯ᠎ᠢᠶᠡᠨ ᠪᠠᠲᠤᠳᠭᠠᠵᠤ᠂ ᠲᠡᠦᠬᠡ᠎ᠶ᠋ᠢᠨ ᠤᠷᠤᠭ᠍ᠰᠢᠯᠠᠯᠲᠠ᠎ᠶ᠋ᠢᠨ ᠯᠣᠭᠢᠭ ᠳᠤᠮᠳᠠ ᠤᠷᠤᠭ᠍ᠰᠢᠯᠠᠵᠤ᠂ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠤᠷᠤᠰᠭᠠᠯ ᠳᠤᠮᠳᠠ ᠬᠥᠭ᠌ᠵᠢᠬᠦ᠌᠎ᠶ᠋ᠢ ᠪᠠᠷᠢᠮᠲᠠᠯᠠᠬᠤ ᠬᠡᠷᠡᠭ᠌ᠲᠡᠢ ᠭᠡᠳᠡᠭ᠎ᠢ ᠬᠡᠯᠡᠵᠦ᠍ ᠥᠭ᠌ᠴᠡᠢ᠃
ᠡᠭᠦᠨ᠎ᠦ ᠲᠤᠯᠠᠳᠠ᠂ ᠪᠢ ᠳᠤᠷᠠᠲᠠᠶ᠎ᠠ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠡᠯ᠎ᠡ ᠤᠯᠤᠰ᠎ᠲᠠᠶ ᠬᠠᠮᠲᠤ᠎ᠪᠠᠷ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠵᠤ᠂ ᠭᠠᠷ ᠬᠣᠯᠪᠣᠯᠴᠠᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ ᠲᠡᠢᠰᠢ ᠤᠷᠤᠭ᠍ᠰᠢᠯᠠᠨ᠎ᠠ᠃
ᠨᠢᠭᠡᠳᠦᠭᠡᠷ᠎ᠲᠦ᠂ ᠡᠷᠬᠡ ᠮᠡᠳᠡᠯ ᠠᠳᠠᠯᠢ ᠲᠡᠭ᠌ᠰᠢ ᠪᠠᠢᠬᠤ᠎ᠶ᠋ᠢ ᠬᠡᠷᠡᠭ᠌ᠵᠢᠭᠦᠯᠦᠶᠠ᠃ ᠡᠯ᠎ᠡ ᠤᠯᠤᠰ ᠶᠡᠬᠡ ᠪᠠᠭ᠎ᠠ᠂ ᠬᠦᠴᠦᠷᠬᠡᠭ ᠪᠠᠭᠤᠷᠠᠢ᠂ ᠶᠠᠳᠠᠭᠤ ᠪᠠᠶᠠᠨ ᠭᠡᠰᠡᠨ ᠦᠭᠡᠢ ᠴᠥᠮ ᠪᠦᠬᠦ᠌ ᠪᠥᠮᠪᠥᠷᠴᠡᠭ᠎ᠦᠨ ᠵᠠᠰᠠᠯᠲᠠ᠎ᠳᠤ ᠡᠷᠬᠡ ᠲᠡᠭ᠌ᠰᠢ᠎ᠪᠡᠷ ᠣᠷᠣᠯᠴᠠᠵᠤ᠂ ᠡᠷᠬᠡ ᠲᠡᠭ᠌ᠰᠢ᠎ᠪᠡᠷ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠡᠷᠬᠡ ᠲᠡᠭ᠌ᠰᠢ᠎ᠪᠡᠷ ᠠᠱᠢᠭ ᠬᠦᠷᠳᠡᠬᠦ᠌᠎ᠶ᠋ᠢ ᠪᠠᠷᠢᠮᠲᠠᠯᠠᠶ᠎ᠠ᠃ ᠤᠯᠠᠨ ᠤᠯᠤᠰ᠎ᠤᠨ ᠬᠠᠷᠢᠯᠴᠠᠭᠠᠨ᠎ᠤ ᠠᠷᠠᠳᠴᠢᠯᠠᠯᠲᠠ᠎ᠶ᠋ᠢ ᠠᠬᠢᠭᠤᠯᠵᠤ᠂ ᠬᠥᠭ᠌ᠵᠢᠵᠦ᠍ ᠪᠠᠢᠭ᠎ᠠ ᠤᠯᠤᠰ᠎ᠤᠨ ᠲᠥᠯᠥᠭᠡᠯᠡᠬᠦ᠌ ᠴᠢᠨᠠᠷ ᠪᠠ ᠦᠭᠡ ᠬᠡᠯᠡᠬᠦ᠌ ᠡᠷᠬᠡ᠎ᠶ᠋ᠢ ᠳᠡᠭᠡᠭ᠌ᠰᠢᠯᠡᠭᠦᠯᠦᠶᠠ᠃
ᠬᠣᠶᠠᠳᠤᠭᠠᠷ᠎ᠲᠤ᠂ ᠤᠯᠠᠨ ᠤᠯᠤᠰ᠎ᠤᠨ ᠬᠠᠤᠯᠢ᠎ᠪᠠᠷ ᠵᠠᠰᠠᠬᠤ᠎ᠶ᠋ᠢ ᠵᠢᠷᠤᠮᠯᠠᠨ ᠰᠠᠬᠢᠶ᠎ᠠ᠃ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠦᠨᠳᠦᠰᠦᠨ ᠲᠦᠷᠢᠮ᠎ᠦᠨ ᠵᠣᠷᠢᠯᠲᠠ ᠪᠠ ᠵᠠᠷᠴᠢᠮ ᠵᠡᠷᠭᠡ ᠨᠡᠢᠲᠡ᠎ᠪᠡᠷ ᠮᠡᠳᠡᠷᠡᠭ᠌ᠰᠡᠨ ᠣᠯᠠᠨ ᠤᠯᠤᠰ᠎ᠤᠨ ᠬᠠᠷᠢᠴᠠᠭᠠᠨ᠎ᠤ ᠦᠨᠳᠦᠰᠦᠨ ᠪᠠᠷᠢᠮᠵᠢᠶ᠎ᠠ᠎ᠶ᠋ᠢ ᠪᠥᠬᠥ᠌ ᠲᠠᠯ᠎ᠠ᠎ᠪᠠᠷ᠂ ᠪᠥᠷᠢᠨ ᠭᠦᠶ᠋ᠴᠡᠳ᠂ ᠪᠦᠷᠢᠨ ᠪᠦᠲᠦᠨ ᠵᠢᠷᠤᠮᠯᠠᠵᠤ᠂ ᠣᠯᠠᠨ ᠤᠯᠤᠰ᠎ᠤᠨ ᠬᠠᠤᠯᠢ ᠪᠠ ᠣᠯᠠᠨ ᠤᠯᠤᠰ᠎ᠤᠨ ᠲᠦᠷᠢᠮ᠎ᠢ ᠡᠷᠬᠡ ᠲᠡᠭ᠌ᠰᠢ ᠨᠢᠭᠡᠳᠦᠯᠲᠡᠶ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠵᠤ᠂ 《ᠬᠤᠤᠰ ᠪᠠᠷᠢᠮᠵᠢᠶ᠎ᠠ》 ᠭᠠᠷᠭᠠᠬᠤ ᠥᠬᠡᠶ᠂ ᠴᠥᠭᠡᠨ ᠲᠣᠭᠠᠨ᠎ᠤ ᠤᠯᠤᠰ᠎ᠤᠨ 《ᠬᠡᠷ᠎ᠦᠨ ᠶᠤᠰᠤ》᠎ᠶᠢ ᠪᠤᠰᠤᠳ᠎ᠲᠤ ᠠᠯᠪᠠ᠎ᠪᠠᠷ ᠲᠤᠬᠤᠬᠤ ᠥᠬᠡᠶ ᠪᠠᠢᠶ᠎ᠠ᠃
ᠭᠤᠷᠪᠠᠳᠤᠭᠠᠷ᠎ᠲᠤ᠂ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠦᠶᠠ᠃ ᠬᠠᠮᠲᠤ᠎ᠪᠠᠷ ᠵᠥᠪᠳᠡᠬᠦ᠌ ᠬᠠᠮᠲᠤ᠎ᠪᠠᠷ ᠪᠠᠢᠭᠤᠯᠬᠤ ᠬᠠᠮᠲᠤ᠎ᠪᠠᠷ ᠡᠳ᠋ᠯᠡᠬᠦ᠌ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠪᠦᠯᠬᠦᠮᠳᠡᠨ ᠬᠠᠮᠵᠢᠯᠴᠠᠬᠤ᠎ᠪᠠᠨ ᠴᠢᠩᠭᠠᠳᠭᠠᠵᠤ᠂ ᠭᠠᠭ᠍ᠴᠠ ᠲᠠᠯᠠᠲᠤ ᠦᠵᠡᠯ᠎ᠢ ᠡᠰᠡᠷᠭᠦᠴᠡᠵᠦ᠍᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠪᠠᠢᠷᠢ ᠰᠠᠭᠤᠷᠢ ᠪᠠ ᠡᠷᠬᠡ ᠰᠦᠷ᠎ᠢ ᠡᠷᠡᠰ ᠬᠠᠮᠠᠭᠠᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠪᠦᠬᠦ᠌ ᠪᠥᠮᠪᠥᠷᠴᠡᠭ᠎ᠦᠨ ᠵᠠᠰᠠᠯᠲᠠ᠎ᠳᠠᠬᠢ ᠣᠷᠣᠯᠠᠭᠤᠯᠵᠤ ᠪᠣᠯᠤᠰᠢ ᠦᠭᠡᠢ ᠴᠢᠬᠤᠯᠠ ᠦᠢᠯᠡᠳᠦᠯ᠎ᠢ ᠦᠨᠡᠨ ᠬᠦ᠌ ᠪᠠᠳᠠᠷᠠᠭᠤᠯᠤᠶ᠎ᠠ᠃
ᠳᠥᠷᠪᠡᠳᠦᠭᠡᠷ᠎ᠲᠦ᠂ ᠬᠥᠮᠦᠨ᠎ᠢᠶᠡᠷ ᠦᠨᠳᠦᠰᠦ ᠪᠣᠯᠭᠠᠬᠤ᠎ᠶ᠋ᠢ ᠰᠠᠨᠠᠭᠠᠴᠢᠯᠠᠶ᠎ᠠ᠃ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠥᠭᠡᠷᠡᠴᠢᠯᠡᠨ ᠲᠡᠭᠦᠯᠳᠡᠷᠵᠢᠭᠦᠯᠵᠦ᠍᠂ ᠡᠯ᠎ᠡ ᠤᠯᠤᠰ᠎ᠤᠨ ᠠᠷᠠᠳ ᠲᠦᠮᠡᠨ᠎ᠦ ᠪᠦᠬᠦ᠌ ᠪᠥᠮᠪᠥᠷᠴᠡᠭ᠎ᠦᠨ ᠵᠠᠰᠠᠯᠲᠠ᠎ᠳᠤ ᠬᠠᠮᠲᠤ᠎ᠪᠠᠷ ᠣᠷᠣᠯᠴᠠᠬᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌᠎ᠶ᠋ᠢ ᠪᠠᠲᠤᠯᠠᠵᠤ᠂ ᠬᠥᠮᠦᠨ ᠲᠥᠷᠥᠯᠬᠢᠲᠡᠨ᠎ᠦ ᠨᠡᠢᠭᠡᠮ᠎ᠳᠦ ᠲᠤᠯᠭᠠᠷᠠᠵᠤ ᠪᠠᠢᠭ᠎ᠠ ᠬᠠᠮᠲᠤ᠎ᠶ᠋ᠢᠨ ᠥᠷᠢᠰᠥᠯᠳᠦᠭᠡᠨ᠎ᠢ ᠨᠡᠩ ᠰᠠᠢᠲᠤᠷ ᠠᠷᠭᠠᠴᠠᠭᠠᠵᠤ᠂ ᠬᠦᠭᠵᠢᠵᠦ ᠪᠠᠢᠭ᠎ᠠ ᠤᠯᠤᠰ ᠪᠠ ᠬᠦᠭᠵᠢᠭᠰᠡᠨ ᠤᠯᠤᠰ᠎ᠤᠨ ᠬᠥᠭ᠌ᠵᠢᠯᠲᠡ᠎ᠶ᠋ᠢᠨ ᠵᠠᠭᠠᠭ᠎ᠢ ᠨᠡᠩ ᠰᠠᠢᠲᠤᠷ ᠨᠥᠬᠥᠪᠥᠷᠢᠯᠡᠵᠦ᠍᠂ ᠳᠡᠯᠡᠬᠡᠢ᠎ᠶ᠋ᠢᠨ ᠡᠯ᠎ᠡ ᠤᠯᠤᠰ᠎ᠤᠨ ᠬᠠᠮᠲᠤ᠎ᠶ᠋ᠢᠨ ᠠᠱᠢᠭ ᠲᠤᠰᠠ᠎ᠶ᠋ᠢ ᠨᠡᠩ ᠰᠠᠢᠲᠤᠷ ᠬᠠᠮᠠᠭᠠᠯᠠᠶ᠎ᠠ ᠃
ᠲᠠᠪᠤᠳᠤᠭᠠᠷ᠎ᠲᠤ᠂ ᠠᠵᠢᠯᠯᠠᠭᠠᠨ᠎ᠤ ᠤᠳᠤᠷᠢᠳᠤᠮᠵᠢ᠎ᠶ᠋ᠢ ᠴᠢᠬᠤᠯᠠᠴᠢᠯᠠᠶ᠎ᠠ᠃ ᠱᠢᠰᠲ᠋ᠧᠮ᠎ᠲᠡᠶ ᠲᠥᠯᠥᠪᠵᠢᠭᠦᠯᠬᠦ᠌᠂ ᠪᠦᠬᠦᠯᠢ ᠴᠣᠭ᠍ᠴᠠ᠎ᠪᠠᠷ ᠠᠬᠢᠭᠤᠯᠬᠤ᠎ᠶ᠋ᠢ ᠪᠠᠷᠢᠮᠲᠠᠯᠠᠵᠤ᠂ ᠪᠦᠬᠦ᠌ ᠪᠥᠮᠪᠥᠷᠴᠡᠭ᠎ᠦᠨ ᠠᠵᠢᠯᠯᠠᠭ᠎ᠠ᠎ᠶ᠋ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠡᠯ᠎ᠡ ᠲᠠᠯ᠎ᠠ᠎ᠶ᠋ᠢᠨ ᠡᠬᠢ ᠪᠠᠶᠠᠯᠢᠭ᠎ᠢ ᠭᠦᠢᠴᠡᠳ ᠳᠠᠢ᠌ᠴᠢᠯᠠᠵᠤ᠂ ᠨᠡᠩ ᠤᠯᠠᠨ ᠦᠵᠡᠭ᠌ᠳᠡᠬᠦᠢ ᠦᠷ᠎ᠡ ᠪᠦᠲᠦᠭᠡᠯ᠎ᠢ ᠡᠭᠦᠳᠴᠦ᠍᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠷ ᠵᠠᠰᠠᠯᠲᠠ᠎ᠶ᠋ᠢᠨ ᠤᠳᠠᠭᠠᠱᠢᠷᠠᠬᠤ ᠪᠠ ᠬᠡᠰᠡᠭ ᠪᠤᠰᠠᠭ ᠪᠣᠯᠬᠤ᠎ᠠᠴᠠ ᠵᠠᠢᠯᠠᠰᠭᠢᠶᠠ ᠃
ᠬᠠᠮᠲᠤ ᠠᠵᠢᠯᠯᠠᠭ᠍ᠰᠠᠳ ᠡ!
ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠨᠢ ᠪᠠᠢᠭᠤᠯᠤᠭ᠍ᠳᠠᠭ᠍ᠰᠠᠨ ᠲᠤᠩᠬᠠᠭ ᠪᠣᠯᠤᠨ ᠵᠣᠬᠢᠶᠠᠨ ᠪᠠᠢᠭᠤᠯᠤᠯᠲᠠ᠎ᠶ᠋ᠢᠨ ᠦᠨᠳᠦᠰᠦᠨ ᠲᠦᠷᠢᠮ᠎ᠳᠡᠭᠡᠨ᠂ ᠤᠯᠠᠨ ᠤᠯᠤᠰ᠎ᠤᠨ ᠤᠯᠤᠰ ᠲᠦᠷᠦ᠍ ᠠᠵᠤ ᠠᠬᠤᠢ᠎ᠶ᠋ᠢᠨ ᠡᠮᠬᠢ ᠳᠢᠭ᠌ᠯᠢᠮ᠎ᠦᠨ ᠨᠡᠩ ᠠᠷᠠᠳᠴᠢᠯᠠᠯ᠎ᠲᠠᠶ᠂ ᠲᠥᠪ ᠭᠣᠣᠯᠴᠢ᠂ ᠵᠦᠢ ᠵᠣᠬᠢᠰᠲᠠᠢ ᠴᠢᠭ᠌ᠯᠡᠯ ᠲᠡᠢᠰᠢ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ ᠭᠡᠵᠦ ᠤᠳᠬ᠎ᠠ ᠳᠤᠳᠤᠷᠬᠠᠢ ᠵᠢᠭᠠᠵᠤ ᠭᠠᠷᠭᠠᠪᠠ᠃ 24 ᠵᠢᠯ᠎ᠦᠨ ᠲᠤᠷᠰᠢ᠂ ᠵᠣᠬᠢᠶᠠᠨ ᠪᠠᠢᠭᠤᠯᠤᠯᠲᠠ ᠬᠠᠷᠢᠯᠴᠠᠨ ᠢᠲᠡᠭᠡᠯᠴᠡᠬᠦ᠌᠂ ᠬᠠᠷᠢᠯᠴᠠᠨ ᠠᠱᠢᠭ᠍ᠲᠠᠢ ᠪᠠᠢᠬᠤ᠂ ᠡᠷᠬᠡ ᠲᠡᠭ᠌ᠰᠢ ᠪᠠᠢᠬᠤ᠂ ᠵᠥᠪᠳᠡᠯᠴᠡᠬᠦ᠌᠂ ᠤᠯᠠᠨ ᠶᠠᠩᠵᠤᠳᠤ ᠪᠣᠯᠪᠠᠰᠤᠨ᠎ᠢ ᠬᠦᠨᠳᠦᠳᠭᠡᠬᠦ᠌᠂ ᠬᠠᠮᠲᠤ᠎ᠶ᠋ᠢᠨ ᠬᠥᠭ᠌ᠵᠢᠯᠲᠡ᠎ᠶ᠋ᠢ ᠡᠷᠢᠯᠬᠢᠯᠡᠬᠦ᠌ 《ᠱᠠᠩᠬᠠᠢ᠎ᠶ᠋ᠢᠨ ᠵᠣᠷᠢᠭ ᠰᠠᠨᠠᠭ᠎ᠠ》᠎ᠶᠢ ᠪᠠᠷᠢᠮᠲᠠᠯᠠᠵᠤ᠂ ᠭᠠᠵᠠᠷ ᠣᠷᠣᠨ᠎ᠤ ᠬᠡᠷᠡᠭ ᠶᠠᠪᠤᠳᠠᠯ᠎ᠢ ᠬᠠᠮᠲᠤ᠎ᠪᠠᠷ ᠵᠥᠪᠳᠡᠯᠴᠡᠬᠦ᠌᠂ ᠲᠠᠪᠴᠠᠩ ᠲᠣᠭ᠍ᠲᠠᠴᠠ᠎ᠶ᠋ᠢ ᠬᠠᠮᠲᠤ᠎ᠪᠠᠷ ᠪᠠᠢᠭᠤᠯᠬᠤ᠂ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌᠎ᠶ᠋ᠢ ᠪᠠᠷᠢᠮᠲᠠᠯᠠᠵᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠮᠠᠰᠢ ᠤᠯᠠᠨ ᠱᠢᠨ᠎ᠡ ᠣᠢᠯᠠᠭᠠᠭ᠍ᠳᠠᠬᠤᠨ᠎ᠢ ᠳᠤᠷᠠᠳᠤᠨ ᠬᠡᠷᠡᠭ᠌ᠵᠢᠭᠦᠯᠵᠦ᠍᠂ ᠡᠳᠦᠷ ᠢᠷᠡᠬᠦᠶ᠎ᠡ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲᠸᠮ᠎ᠤᠨ ᠪᠠᠢᠭᠤᠯᠤᠯᠲᠠ ᠪᠠ ᠥᠭᠡᠷᠡᠴᠢᠯᠡᠯᠲᠡ᠎ᠶ᠋ᠢ ᠢᠳᠡᠪᠬᠢᠲᠡᠢ ᠠᠬᠢᠭᠤᠯᠬᠤ ᠬᠦᠴᠦᠨ ᠪᠣᠯᠪᠠ᠃
ᠳᠡᠯᠡᠬᠡᠢ ᠶᠢᠷᠳᠢᠨᠴᠦ᠎ᠶ᠋ᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠳᠦᠷᠭᠡᠰᠦᠨ ᠤᠯᠠᠷᠢᠵᠤ ᠪᠠᠢᠭ᠎ᠠ ᠪᠠᠢᠳᠠᠯ᠎ᠤᠨ ᠡᠮᠦᠨ᠎ᠡ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠬᠦᠳᠦᠯᠦᠨ ᠳᠠᠭᠠᠭᠤᠯᠬᠤ ᠦᠢᠯᠡᠳᠦᠯ᠎ᠢᠶᠡᠨ ᠪᠠᠳᠠᠷᠠᠭᠤᠯᠵᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠦᠢᠯᠡᠳᠦᠯᠭᠡᠵᠢᠭᠦᠯᠬᠦ᠌ ᠦᠯᠢᠭᠡᠷ ᠳᠠᠭᠤᠷᠢᠶᠠᠯ ᠪᠣᠯᠤᠶ᠎ᠠ᠃
ᠪᠢᠳᠡ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠠᠮᠠᠭᠠᠯᠠᠬᠤ᠎ᠳᠤ 《ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠬᠦᠴᠦᠨ》᠎ᠢᠶᠡᠨ ᠡᠷᠬᠥᠶᠠ᠃ ᠡᠯ᠎ᠡ ᠪᠦᠷᠢᠯᠳᠦᠬᠦᠨ ᠤᠯᠤᠰ ᠬᠠᠮᠲᠤ᠎ᠶ᠋ᠢᠨ ᠠᠮᠤᠷ ᠲᠦᠪᠱᠢᠨ᠎ᠢ ᠪᠣᠳᠣᠯᠬᠢᠯᠠᠵᠤ᠂ ᠤᠷᠳᠤ ᠬᠤᠭᠤᠴᠠᠭᠠᠨ᠎ᠤ ᠡᠶᠡᠯᠳᠡᠭ ᠬᠥᠷᠰᠢ᠎ᠶ᠋ᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ ᠪᠠᠢᠭᠤᠯᠵᠤ᠂ ᠠᠮᠤᠷ ᠲᠦᠪᠱᠢᠨ᠎ᠦ ᠬᠠᠮᠲᠤᠷᠠᠯᠴᠠᠭ᠎ᠠ᠎ᠶ᠋ᠢ ᠥᠨᠳᠥᠷ ᠪᠦᠲᠦᠮᠵᠢᠲᠡᠢ ᠥᠷᠨᠢᠭᠦᠯᠵᠦ᠍᠂ ᠣᠷᠣᠨ ᠪᠦᠰᠡ᠎ᠶ᠋ᠢᠨ ᠲᠣᠭ᠍ᠲᠠᠭᠤᠨ ᠪᠠᠢᠳᠠᠯ᠎ᠤᠨ ᠶᠡᠬᠡ ᠲᠠᠯ᠎ᠠ᠎ᠶ᠋ᠢ ᠬᠠᠮᠠᠭᠠᠯᠠᠪᠠ᠃ ᠪᠢᠳᠡ ᠬᠣᠯᠪᠣᠭ᠎ᠠ ᠪᠠᠢᠭᠤᠯᠬᠤ ᠦᠭᠡᠢ᠂ ᠡᠰᠡᠷᠭᠦᠴᠡᠯᠳᠦᠬᠦ᠌ ᠦᠭᠡᠢ᠂ ᠭᠤᠷᠪᠠᠳᠠᠭ᠍ᠴᠢ ᠲᠠᠯ᠎ᠠ᠎ᠳᠤ ᠴᠢᠭ᠌ᠯᠡᠭᠦᠯᠬᠦ᠌ ᠦᠭᠡᠢ ᠪᠠᠢᠬᠤ ᠵᠠᠷᠴᠢᠮ᠎ᠢ ᠦᠷᠭᠦᠯᠵᠢᠯᠡᠨ ᠪᠠᠷᠢᠮᠲᠠᠯᠠᠵᠤ᠂ ᠡᠯ᠎ᠡ ᠲᠦᠷᠦᠯ᠎ᠦᠨ ᠰᠦᠷᠳᠡᠭᠦᠯᠦᠯ᠎ᠦᠨ ᠱᠢᠯᠭᠠᠯᠲᠠ᠎ᠶ᠋ᠢ ᠬᠦᠴᠦ᠍᠎ᠪᠡᠨ ᠬᠠᠮᠲᠤᠳᠭᠠᠨ ᠠᠷᠭᠠᠴᠠᠭᠠᠵᠤ᠂ ᠰᠠᠶᠢᠬᠠᠨ ᠪᠠᠢᠭᠤᠯᠤᠭ᠍ᠳᠠᠭ᠍ᠰᠠᠨ ᠠᠮᠤᠷ ᠲᠦᠪᠱᠢᠨ᠎ᠦ ᠰᠦᠷᠳᠡᠭᠦᠯᠦᠯ ᠪᠠ ᠱᠢᠯᠭᠠᠯᠲᠠ᠎ᠶ᠋ᠢ ᠠᠷᠭᠠᠴᠠᠭᠠᠬᠤ ᠶᠡᠷᠦᠩᠬᠡᠢᠯᠡᠭ᠌ᠰᠡᠨ ᠲᠥᠪ ᠪᠠ ᠬᠣᠣᠷ ᠴᠠᠭᠠᠵᠠᠯᠠᠬᠤ ᠲᠥᠪ᠎ᠦᠨ ᠦᠢᠯᠡᠳᠦᠯ᠎ᠢᠶᠡᠨ ᠰᠠᠢᠲᠤᠷ ᠪᠠᠳᠠᠷᠠᠭᠤᠯᠵᠤ᠂ ᠭᠠᠵᠠᠷ ᠣᠷᠣᠨ᠎ᠤ ᠠᠮᠤᠷ ᠲᠦᠪᠱᠢᠨ᠎ᠦ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠵᠤ᠂ ᠤᠷᠤᠭ᠎ᠠ ᠪᠤᠰᠬᠠᠭ᠎ᠠ ᠳᠡᠯᠡᠬᠡᠢ ᠳ᠋ᠠᠬᠢᠨᠳᠦᠲᠣᠭ᠍ᠲᠠᠭᠤᠨ ᠬᠦᠴᠦᠨ ᠪᠣᠯᠤᠶ᠎ᠠ᠃
ᠪᠢᠳᠡ ᠪᠦᠬᠦ᠌ ᠪᠥᠮᠪᠥᠷᠴᠡᠭ᠎ᠦᠨ ᠨᠡᠭᠡᠭᠡᠯᠲᠡᠲᠦ ᠬᠠᠮᠲᠤᠷᠠᠯᠴᠠᠭ᠎ᠠ᠎ᠶ᠋ᠢ ᠠᠬᠢᠭᠤᠯᠬᠤ᠎ᠳᠤ 《ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠡᠭᠦᠷᠭᠡᠯᠡᠯ》᠎ᠢ ᠢᠯᠡᠷᠡᠭᠦᠯᠦᠶ᠎ᠡ᠃ ᠡᠯ᠎ᠡ ᠪᠦᠷᠢᠯᠳᠦᠬᠦᠨ ᠤᠯᠤᠰ᠎ᠤᠨ ᠡᠨᠧᠷᠭᠢ᠎ᠶ᠋ᠢᠨ ᠡᠬᠢ ᠪᠠᠶᠠᠯᠢᠭ ᠡᠯᠪᠡᠭ᠂ ᠵᠠᠬ᠎ᠠ ᠳᠡᠯᠭᠡᠭᠦᠷ᠎ᠦᠨ ᠬᠡᠪᠴᠢᠶ᠎ᠡ ᠯᠤᠲᠤ ᠶᠡᠬᠡ᠂ ᠳᠣᠲᠣᠭᠠᠳᠤ ᠬᠥᠳᠡᠯᠭᠡᠬᠦ᠌ ᠬᠦᠴᠦᠨ ᠴᠢᠩᠭ᠎ᠠ ᠪᠠᠢᠵᠤ᠂ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠳᠦ ᠦᠵᠡᠭᠦᠯᠬᠦ᠌ ᠬᠤᠪᠢ ᠨᠡᠮᠡᠷᠢ᠎ᠶ᠋ᠢᠨ ᠨᠤᠷᠮ᠎ᠠ ᠦᠷᠭᠦᠯᠵᠢᠯᠡᠨ ᠳᠡᠭᠡᠭ᠌ᠰᠢᠯᠡᠪᠡ᠃ ᠪᠢᠳᠠ ᠬᠡᠷᠡᠮ᠎ᠢ ᠨᠤᠷᠠᠭᠠᠬᠤ᠎ᠠᠴᠠ ᠪᠢᠰᠢ ᠬᠡᠷᠡᠮ ᠪᠤᠰᠬᠠᠬᠤ ᠦᠭᠡᠢ᠂ ᠠᠭᠤᠰᠤᠯᠴᠠᠵᠤ ᠬᠠᠷᠢᠴᠠᠭ᠎ᠠ ᠬᠤᠯᠪᠤᠭ᠎ᠠ ᠪᠠᠨ ᠲᠠᠰᠤᠯᠬᠤ ᠦᠭᠡᠢ ᠪᠠᠢᠬᠤ᠎ᠶ᠋ᠢ ᠦᠷᠭᠦᠯᠵᠢᠯᠡᠨ ᠪᠠᠷᠢᠮᠲᠠᠯᠠᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠢᠲᠠᠢ ᠪᠦᠳᠦᠭᠡᠨ ᠪᠠᠢᠭᠤᠯᠬᠤ᠎ᠶ᠋ᠢ ᠠᠬᠢᠭᠤᠯᠵᠤ᠂ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢᠨ ᠨᠡᠩ ᠲᠦᠭᠡᠮᠡᠯ ᠠᠱᠢᠭ ᠬᠦᠷᠲᠡᠭᠡᠬᠦ᠌ ᠪᠠᠭ᠍ᠲᠠᠭᠠᠮᠵᠢᠲᠠᠢ ᠴᠢᠭ᠌ᠯᠡᠯ ᠲᠡᠢᠰᠢ ᠬᠥᠭ᠌ᠵᠢᠬᠦ᠌᠎ᠶ᠋ᠢ ᠠᠬᠢᠭᠤᠯᠤᠶ᠎ᠠ᠃
ᠳᠤᠮᠳᠠᠳᠤ ᠤᠯᠤᠰ ᠳᠤᠷᠠᠲᠠᠶ᠎ᠠ ᠬᠡᠲᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠠᠵᠠ ᠲᠣᠬᠢᠶᠠᠯ᠎ᠢ ᠢᠳᠡᠪᠬᠢᠲᠡᠶ ᠬᠤᠪᠢᠶᠠᠯᠴᠠᠵᠤ᠂ ᠱᠠᠩᠬᠠᠶ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠲᠣᠮᠣ ᠬᠡᠷ ᠪᠦᠯᠢ᠎ᠳᠦ ᠬᠠᠨᠳᠤᠭᠤᠯᠤᠭ᠍ᠰᠠᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠠᠵᠢᠯᠯᠠᠭᠠᠨ᠎ᠤ ᠲᠥᠯᠥᠪᠯᠡᠭᠡ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ᠃ ᠳᠤᠮᠳᠠᠳᠤ᠎ᠶ᠋ᠢᠨ ᠬᠢᠨ ᠳᠤᠮᠳᠠᠳᠤ ᠤᠯᠤᠰ — ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠡᠨᠧᠷᠭᠢ᠂ ᠪᠣᠬᠢᠷᠲᠤᠯ ᠦᠭᠡᠢ ᠠᠵᠤ ᠦᠢᠯᠡᠰ᠂ ᠲᠣᠭᠠᠴᠢᠯᠠᠭ᠍ᠰᠠᠨ ᠠᠵᠤ ᠠᠬᠤᠢ᠎ᠶ᠋ᠢᠨ ᠭᠤᠷᠪᠠᠨ ᠶᠡᠬᠡ ᠬᠠᠮᠲᠤᠷᠠᠯᠴᠠᠭᠠᠨ᠎ᠤ ᠲᠠᠪᠴᠠᠩ ᠵᠢᠴᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠵᠡᠷᠭᠡ ᠭᠤᠷᠪᠠᠨ ᠶᠡᠬᠡ ᠬᠠᠮᠲᠤᠷᠠᠯᠴᠠᠭᠠᠨ᠎ᠤ ᠲᠥᠪ᠎ᠢ ᠪᠠᠢᠭᠤᠯᠬᠤ᠎ᠶ᠋ᠢᠨ ᠬᠠᠮᠲᠤ ᠢᠷᠡᠭᠡᠳᠦᠢ᠎ᠶ᠋ᠢᠨ 5 ᠵᠢᠯ᠎ᠳᠦ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠪᠤᠰᠤᠳ ᠤᠯᠤᠰ᠎ᠲᠠᠶ ᠬᠠᠮᠲᠤ᠎ᠪᠠᠷ 《ᠮᠢᠩᠭᠠᠨ ᠲᠦᠮᠡᠨ ᠺᠢᠯᠦᠸᠠᠲ᠎ᠤᠨ ᠭᠡᠷᠡᠯᠴᠢ ᠴᠡᠨᠡᠭ》 ᠪᠠ 《ᠮᠢᠩᠭᠠᠨ ᠲᠦᠮᠡᠨ ᠺᠢᠯᠦᠸᠠᠲ᠎ᠤᠨ ᠰᠠᠯᠬᠢᠨ ᠬᠦᠴᠦᠨ᠎ᠦ ᠴᠠᠬᠢᠯᠭᠠᠨ》᠎ᠤ ᠲᠦᠷᠦᠯ ᠵᠦᠢᠯ᠎ᠢ ᠬᠡᠷᠡᠭ᠌ᠵᠢᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ᠎ᠶ᠋ᠢᠨ᠎ᠬᠢᠨ᠎ᠲᠡᠶ ᠬᠠᠮᠲᠤ᠎ᠪᠠᠷ ᠵᠣᠬᠢᠶᠠᠮᠠᠯ ᠣᠶᠤᠨ ᠴᠢᠳᠠᠪᠤᠷᠢ᠎ᠶ᠋ᠢᠨ ᠬᠡᠷᠡᠭ᠌ᠯᠡᠭᠡᠨ᠎ᠦ ᠬᠠᠮᠲᠤᠷᠠᠯᠴᠠᠭᠠᠨ᠎ᠤ ᠲᠥᠪ᠎ᠢ ᠰᠠᠢᠲᠤᠷ ᠪᠠᠢᠭᠤᠯᠵᠤ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠬᠥᠭ᠌ᠵᠢᠯᠲᠡ᠎ᠶ᠋ᠢᠨ ᠠᠱᠢᠭ᠎ᠢ ᠬᠠᠮᠲᠤ᠎ᠪᠠᠷ ᠡᠳ᠋ᠯᠡᠨ᠎ᠡ᠃ ᠡᠯ᠎ᠡ ᠲᠠᠯ᠎ᠠ᠎ᠶ᠋ᠢᠨ ᠬᠢᠨ ᠳᠣᠬᠢᠭᠤᠷ ᠲᠤᠯᠤᠭᠠᠨ ᠣᠲᠣ ᠨᠡᠷᠡᠮᠵᠢᠲᠦ ᠠᠶᠠᠯᠠᠯ ᠵᠠᠯᠠᠬᠤ ᠱᠢᠰᠲ᠋ᠧᠮ᠎ᠢ ᠬᠡᠷᠡᠭ᠌ᠯᠡᠬᠦ᠌᠎ᠶ᠋ᠢ ᠪᠠᠶᠠᠷᠯᠠᠨ ᠤᠭ᠍ᠲᠤᠵᠤ ᠪᠠᠢᠨ᠎ᠠ᠂ ᠨᠥᠬᠥᠴᠡᠯ᠎ᠲᠡᠶ ᠤᠯᠤᠰ ᠨᠢ ᠣᠯᠠᠨ ᠤᠯᠤᠰ᠎ᠤᠨ ᠰᠠᠷᠠᠨ ᠪᠥᠮᠪᠥᠷᠴᠡᠭ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠥᠷᠲᠡᠭᠡ᠎ᠶ᠋ᠢᠨ ᠪᠥᠲᠥᠭᠡᠨ ᠪᠠᠢᠭᠤᠯᠤᠯᠲᠠ᠎ᠳᠤ ᠣᠷᠣᠯᠴᠠᠭᠠᠷᠠᠶ᠃
ᠪᠢᠳᠠ ᠪᠦᠬᠦ᠌ ᠬᠥᠮᠦᠨ ᠲᠥᠷᠥᠯᠬᠢᠲᠡᠨ᠎ᠦ ᠬᠠᠮᠲᠤ᠎ᠶ᠋ᠢᠨ ᠦᠷᠳᠡᠭ᠎ᠢ ᠪᠠᠳᠠᠷᠠᠭᠤᠯᠬᠤ᠎ᠳᠤ 《ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠦᠯᠢᠭᠡᠷ ᠳᠠᠭᠤᠷᠢᠶᠠᠯ》᠎ᠢ ᠥᠵᠡᠬᠥᠯᠤᠶᠠ᠃ ᠡᠯ᠎ᠡ ᠪᠦᠷᠢᠯᠳᠦᠬᠦᠨ ᠤᠯᠤᠰ᠎ᠤᠨ ᠰᠣᠶᠣᠯ ᠢᠷᠭᠡᠨᠱᠢᠯ᠎ᠦᠨ ᠰᠣᠯᠢᠯᠴᠠᠭᠠᠨ᠎ᠤ ᠬᠢᠯᠠᠰ ᠴᠡᠭ ᠵᠠᠯᠭᠠᠭ᠎ᠠ᠎ᠪᠠᠷ ᠢᠯᠡᠷᠡᠵᠦ᠍᠂ ᠠᠷᠠᠳ᠎ᠤᠨ ᠬᠣᠭᠣᠷᠣᠨᠳᠣᠬᠢ ᠶᠠᠪᠤᠯᠴᠠᠭ᠎ᠠ ᠣᠯᠠᠱᠢᠷᠠᠵᠤ᠂ ᠤᠯᠠᠨ ᠶᠠᠩᠵᠤ᠎ᠶ᠋ᠢᠨ ᠪᠣᠯᠪᠠᠰᠤᠨ ᠦᠷᠢᠰᠦᠯᠳᠦᠨ ᠳᠡᠯᠭᠡᠷᠡᠪᠡ᠃ ᠪᠢᠳᠡ ᠪᠣᠯᠪᠠᠰᠤᠨ᠎ᠤ ᠰᠣᠯᠢᠯᠴᠠᠭ᠎ᠠ ᠲᠤᠯᠢᠳᠠᠯ᠎ᠢ ᠦᠷᠭᠦᠯᠵᠢᠯᠡᠨ ᠠᠬᠢᠭᠤᠯᠵᠤ᠂ ᠠᠳᠠᠯᠢ ᠪᠤᠰᠤ ᠲᠡᠦᠬᠡ ᠰᠣᠶᠣᠯ᠂ ᠠᠳᠠᠯᠢ ᠪᠤᠰᠤ ᠨᠡᠢᠭᠡᠮ᠎ᠦᠨ ᠪᠠᠢᠭᠤᠯᠤᠯ᠂ ᠠᠳᠠᠯᠢ ᠪᠤᠰᠤ ᠬᠥᠭ᠌ᠵᠢᠯᠲᠡ᠎ᠶ᠋ᠢᠨ ᠱᠠᠲᠤᠨ᠎ᠤ ᠤᠯᠤᠰ᠎ᠤᠳ᠎ᠤᠨ ᠡᠩᠬᠡ ᠲᠠᠢᠪᠤᠩ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠭ᠍ᠰᠠᠨ ᠭᠡᠷᠡᠯ ᠰᠠᠴᠤᠷᠠᠩᠭᠤᠢ ᠬᠠᠭᠤᠳᠠᠰᠤ᠎ᠶ᠋ᠢ ᠪᠢᠴᠢᠭ᠌ᠯᠡᠶ᠎ᠡ᠃
ᠳᠤᠮᠳᠠᠳᠤ ᠤᠯᠤᠰ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠲᠦᠷᠦ᠍᠎ᠶ᠋ᠢᠨ ᠨᠠᠮ᠎ᠤᠨ ᠶᠠᠷᠢᠶᠠᠨ᠎ᠤ ᠲᠠᠪᠴᠠᠩ᠂ ᠪᠣᠬᠢᠷᠲᠤᠯ ᠦᠭᠡᠢ ᠪᠠ ᠦᠷᠭᠦᠯᠵᠢᠯᠡᠬᠦ᠌ ᠬᠥᠭ᠌ᠵᠢᠯᠲᠡ᠎ᠶ᠋ᠢᠨ ᠶᠠᠷᠢᠶᠠᠨ᠎ᠤ ᠲᠠᠪᠴᠠᠩ᠂ ᠤᠯᠠᠮᠵᠢᠯᠠᠯᠲᠤ ᠠᠨᠠᠭᠠᠬᠤ ᠤᠬᠠᠭᠠᠨ᠎ᠤ ᠶᠠᠷᠢᠶᠠᠨ᠎ᠤ ᠲᠠᠪᠴᠠᠩ᠎ᠢ ᠰᠠᠢᠲᠤᠷ ᠡᠷᠬᠢᠯᠡᠨ᠎ᠠ᠃ ᠢᠷᠡᠬᠦ᠌ 5 ᠵᠢᠯ᠎ᠳᠦ᠂ ᠳᠤᠮᠳᠠᠳᠤ ᠤᠯᠤᠰ ᠱᠠᠩᠬᠠᠶ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠪᠤᠰᠤᠳ ᠤᠯᠤᠰ᠎ᠲᠤ ᠲᠥᠷᠥᠯᠬᠢ᠎ᠶᠢᠨ ᠵᠢᠷᠦᠬᠡᠨ ᠡᠪᠡᠳᠴᠢᠨ ᠲᠠᠢ 500 ᠡᠪᠡᠳᠴᠢᠲᠡᠨ᠎ᠢ ᠡᠮᠨᠡᠨ ᠵᠠᠰᠠᠵᠤ᠂ 5000 ᠴᠠᠭᠠᠨ ᠬᠠᠷᠠᠩ ᠡᠪᠡᠳᠴᠢᠳᠡᠨ᠎ᠳᠦ ᠮᠡᠰᠡ ᠵᠠᠰᠠᠯ ᠬᠢᠵᠦ᠍᠂ 1 ᠲᠦᠮᠡᠨ ᠥᠮᠡᠨ ᠡᠪᠡᠳᠴᠢᠨ᠎ᠤ ᠱᠢᠭ᠌ᠰᠢᠨ ᠪᠠᠢᠴᠠᠭᠠᠯᠳᠠ ᠬᠢᠨ᠎ᠠ᠃
ᠪᠢᠳᠡ ᠳᠡᠯᠡᠬᠡᠢ᠎ᠶ᠋ᠢᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠬᠤ᠎ᠶ᠋ᠢᠨ ᠲᠥᠯᠥᠭᠡ 《ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠠᠵᠢᠯᠯᠠᠭ᠎ᠠ》᠎ᠶᠢ ᠶᠠᠪᠤᠭᠳᠠᠭᠤᠯᠤᠶᠠ᠃ ᠡᠯ᠎ᠡ ᠪᠦᠷᠢᠯᠳᠦᠬᠦᠨ ᠤᠯᠤᠰ ᠲᠥᠪ ᠭᠣᠣᠯᠴᠢ ᠪᠠᠢᠬᠤ ᠵᠠᠷᠴᠢᠮ᠎ᠢ ᠪᠠᠷᠢᠮᠲᠠᠯᠠᠵᠤ᠂ ᠳᠡᠯᠡᠬᠡᠢ᠎ᠶ᠋ᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠳᠤ ᠪᠦᠲᠦᠭᠡᠯᠴᠢ ᠴᠢᠨᠠᠷᠲᠠᠢ᠎ᠪᠠᠷ ᠣᠷᠣᠯᠴᠠᠵᠤ᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠬᠠᠮᠲᠤ᠎ᠶ᠋ᠢᠨ ᠠᠱᠢᠭ ᠲᠤᠰᠠ᠎ᠶ᠋ᠢ ᠬᠠᠮᠠᠭᠠᠯᠠᠶ᠎ᠠ᠃ ᠪᠢᠳᠡ ᠦᠷᠭᠦᠯᠵᠢᠯᠡᠨ ᠲᠤᠭ ᠲᠡᠮᠳᠡᠭ ᠲᠣᠳᠣᠷᠬᠠᠢ᠎ᠪᠠᠷ ᠡᠵᠡᠷᠬᠡᠬᠦ᠌ ᠦᠵᠡᠯ ᠪᠠ ᠬᠦᠴᠦᠷᠬᠡᠭ᠌ᠯᠡᠯ᠎ᠦᠨ ᠤᠯᠤᠰ ᠲᠦᠷᠦ᠍᠎ᠶ᠋ᠢ ᠡᠰᠡᠷᠭᠦᠴᠡᠵᠦ᠍᠂ ᠵᠢᠩᠬᠢᠨᠢ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠵᠦ᠍᠂ ᠳᠡᠯᠡᠬᠡᠢ᠎ᠶ᠋ᠢᠨ ᠤᠯᠠᠨ ᠲᠤᠢᠯᠱᠢᠷᠠᠯᠲᠠ ᠪᠠ ᠤᠯᠠᠨ ᠤᠯᠤᠰ᠎ᠤᠨ ᠬᠠᠷᠢᠯᠴᠠᠭᠠᠨ᠎ᠤ ᠠᠷᠠᠳᠴᠢᠯᠠᠯᠲᠠ᠎ᠶ᠋ᠢ ᠠᠬᠢᠭᠤᠯᠬᠤ ᠭᠣᠣᠯ ᠲᠤᠯᠭᠠᠭᠤᠷᠢᠪᠤᠯᠤᠶᠠ᠃
ᠳᠤᠮᠳᠠᠳᠤ ᠤᠯᠤᠰ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠂ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠂ ᠧᠦ᠋ᠷᠣᠫᠠ ᠠᠽᠢᠶ᠎ᠠ᠎ᠶ᠋ᠢᠨ ᠠᠵᠤ ᠠᠬᠤᠢ᠎ᠶ᠋ᠢᠨ ᠬᠣᠯᠪᠣᠭ᠎ᠠ᠂ ᠠᠽᠢᠶ᠎ᠠ ᠲᠢᠪ᠎ᠦᠨ ᠬᠠᠷᠢᠯᠴᠠᠨ ᠬᠠᠮᠵᠢᠯᠴᠠᠬᠤ ᠪᠠ ᠢᠲᠡᠭᠡᠯᠴᠡᠬᠦ᠌ ᠠᠷᠭ᠎ᠠ ᠬᠡᠮᠵᠢᠶ᠎ᠡ᠎ᠶ᠋ᠢᠨ ᠬᠤᠷᠠᠯ ᠵᠡᠷᠭᠡ ᠤᠯᠠᠨ ᠲᠠᠯᠠᠲᠤ ᠲᠣᠭ᠍ᠲᠠᠴᠠᠯᠤᠭᠠ ᠬᠠᠮᠲᠤᠷᠠᠯᠴᠠᠭ᠎ᠠ᠎ᠪᠠᠨ ᠥᠷᠭᠡᠳᠭᠡᠬᠦ᠎ᠶᠢ ᠳᠡᠮᠵᠢᠵᠦ᠂ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠡᠮᠬᠢ ᠳᠢᠭ᠌ᠯᠢᠮ᠎ᠢ ᠬᠠᠮᠲᠤ᠎ᠪᠠᠷ ᠬᠠᠮᠠᠭᠠᠯᠠᠵᠤ᠂ ᠪᠦᠬᠦ᠌ ᠪᠥᠮᠪᠥᠷᠴᠡᠭ ᠪᠠ ᠣᠷᠣᠨ ᠪᠦᠰᠡ᠎ᠶ᠋ᠢᠨ ᠵᠠᠰᠠᠯᠲᠠ᠎ᠶ᠋ᠢ ᠬᠠᠮᠲᠤ᠎ᠪᠠᠷ ᠲᠡᠭᠦᠯᠳᠡᠷᠵᠢᠭᠦᠯᠦᠨ᠎ᠡ᠃
ᠬᠠᠮᠲᠤ ᠠᠵᠢᠯᠯᠠᠭ᠍ᠰᠠᠳ ᠡ!
《ᠶᠡᠬᠡ ᠶᠤᠰᠤ᠎ᠶᠢ ᠪᠠᠷᠢᠮᠳᠠᠯᠠᠭᠰᠠᠳᠢ ᠳᠡᠯᠡᠬᠡᠢ ᠳ᠋ᠠᠬᠢᠨ ᠳᠠᠭᠠᠮᠤᠢ》᠃ ᠬᠣᠶᠠᠷ ᠡᠳᠦᠷ᠎ᠦᠨ ᠳᠠᠷᠠᠭ᠎ᠠ᠂ ᠳᠤᠮᠳᠠᠳᠤ ᠤᠯᠤᠰ ᠪᠡᠭᠡᠵᠢᠩ᠎ᠳᠦ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ᠎ᠤ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠠᠵᠢᠯᠯᠠᠭ᠎ᠠ᠎ᠶ᠋ᠢ ᠦᠪᠡᠳᠡᠭ᠌ᠰᠢ ᠶᠡᠬᠡᠪᠡᠷ ᠥᠷᠨᠢᠭᠦᠯᠵᠦ᠍᠂ ᠮᠠᠰᠢ ᠣᠯᠠᠨ ᠬᠠᠮᠲᠤ ᠠᠵᠢᠯᠯᠠᠭ᠍ᠰᠠᠳ ᠴᠥᠮ ᠣᠷᠣᠯᠴᠠᠬᠤ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ᠎ᠶ᠋ᠢᠨ ᠬᠢᠨ᠎ᠲᠡᠶ ᠬᠠᠮᠲᠤ᠎ᠪᠠᠷ᠂ ᠶᠡᠬᠡ ᠵᠢᠷᠤᠮ᠎ᠢ ᠵᠣᠷᠢᠭ᠍ᠲᠠᠢ ᠡᠭᠦᠷᠭᠡᠯᠡᠵᠦ᠍᠂ ᠶᠡᠬᠡ ᠶᠣᠰᠣ᠎ᠶ᠋ᠢ ᠪᠠᠲᠤᠲᠠᠢ ᠬᠡᠷᠡᠭ᠌ᠵᠢᠭᠦᠯᠵᠦ᠍᠂ ᠳᠡᠯᠡᠬᠡᠢ᠎ᠶ᠋ᠢᠨ ᠬᠣᠶᠠᠳᠤᠭᠠᠷ ᠲᠠᠢ᠌ᠨ᠎ᠦ ᠵᠥᠪ ᠲᠡᠦᠬᠡ᠎ᠶ᠋ᠢᠨ ᠦᠵᠡᠯᠲᠡ᠎ᠶ᠋ᠢ ᠪᠠᠳᠠᠷᠠᠭᠤᠯᠵᠤ᠂ ᠳᠡᠯᠡᠬᠡᠢ᠎ᠶ᠋ᠢᠨ ᠬᠣᠶᠠᠳᠤᠭᠠᠷ ᠲᠠᠢ᠌ᠨ᠎ᠦ ᠢᠯᠠᠯᠲᠠ᠎ᠶ᠋ᠢᠨ ᠦᠷ᠎ᠡ ᠪᠦᠲᠦᠭᠡᠯ᠎ᠢ ᠡᠷᠡᠰ ᠬᠠᠮᠠᠭᠠᠯᠠᠵᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠦᠨ ᠬᠤᠪᠢᠰᠤᠯᠲᠠ᠎ᠶ᠋ᠢ ᠠᠬᠢᠭᠤᠯᠬᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ ᠦᠷ᠎ᠡ ᠪᠦᠲᠦᠭᠡᠯ᠎ᠢᠶᠡᠷ ᠪᠦᠬᠦ᠌ ᠬᠥᠮᠦᠨ ᠲᠥᠷᠥᠯᠬᠢᠲᠡᠨ᠎ᠳᠦ ᠨᠡᠩ ᠤᠯᠠᠨ ᠨᠡᠩ ᠰᠠᠢ᠌ᠨ ᠪᠤᠶᠠᠨ ᠦᠢᠯᠡᠳᠦᠨ᠎ᠡ!
ᠣᠯᠠᠨ᠎ᠳᠤ ᠪᠠᠶᠠᠷᠯᠠᠯ᠎ᠠ᠃
ᠱᠢᠨᠬᠤᠸᠠ ᠬᠤᠷᠢᠶ᠎ᠠ᠎ᠶᠢᠨ ᠲᠢᠶᠠᠨᠵᠢᠨ᠎ᠤ 9 ᠰᠠᠷ᠎ᠠ᠎ᠶ᠋ᠢᠨ 1 ᠤ ᠴᠠᠬᠢᠯᠭᠠᠨ ᠮᠡᠳᠡᠭᠡ