ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠪᠠ  ᠸᠠᠩ ᠸᠧᠶ ᠵᠥᠩ ᠬᠤᠷᠠᠯ᠎ᠢ ᠡᠷᠭᠢᠯᠡᠵᠡᠢ
ᠨᠡᠶ᠋ᠢᠲᠡᠯᠡᠭᠰᠡᠨ ᠴᠠᠭ᠄ 2025-10-25

10 ᠰᠠᠷ᠎ᠠ᠎ᠶ᠋ᠢᠨ 24 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶ᠋ᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠠᠢ᠃

ᠬᠤᠷᠠᠯ᠎ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ ᠪᠣᠯ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ ᠳ᠋ᠤ ᠬᠤᠷᠠᠯᠳᠤᠭᠤᠯᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠃ ᠶᠡᠷᠦᠩᠬᠡᠢ ᠱᠦᠵᠢ ᠰᠢ᠎ᠵᠢᠨ᠎ᠫᠢᠩ᠎ᠦᠨ ᠬᠢᠭ᠌ᠰᠡᠨ ᠠᠵᠢᠯ᠎ᠤᠨ ᠢᠯᠡᠳᠭᠡᠯ᠂ ᠲᠠᠯᠪᠢᠭ᠍ᠰᠠᠨ ᠴᠢᠬᠤᠯᠠ ᠶᠠᠷᠢᠶ᠎ᠠ ᠨᠢ ᠨᠠᠮ ᠪᠣᠯᠤᠨ ᠤᠯᠤᠰ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠣᠯᠤᠭ᠍ᠰᠠᠨ ᠱᠢᠨ᠎ᠡ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠱᠢᠰᠲ᠋ᠧᠮ ᠲᠡᠶ ᠳ᠋ᠦᠩᠨᠡᠵᠦ᠍᠂ ᠠᠯᠢ ᠤᠯᠠᠨ ᠱᠢᠨ᠎ᠡ ᠦᠵᠡᠯ ᠰᠠᠨᠠᠭ᠎ᠠ ᠱᠢᠨ᠎ᠡ ᠦᠵᠡᠯᠲᠡ ᠱᠢᠨ᠎ᠡ ᠨᠤᠲᠠᠯᠠᠯᠲᠠ ᠱᠢᠨ᠎ᠡ ᠱᠠᠭᠠᠷᠳᠠᠯᠭ᠎ᠠ᠎ᠶ᠋ᠢ ᠳᠤᠷᠠᠳᠴᠤ᠌᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠳᠤ ᠲᠤᠬᠢᠷᠠᠭᠤᠯᠤᠯᠳᠠ ᠪᠠᠢᠷᠢᠯᠠᠭᠤᠯᠤᠯᠲᠠ ᠬᠢᠵᠦ᠍᠂ ᠬᠥᠮᠦᠰ᠎ᠦᠨ ᠰᠡᠳᠭᠢᠯ᠎ᠢ ᠶᠡᠬᠡ᠎ᠪᠡᠷ ᠬᠥᠭ᠌ᠵᠢᠭᠡᠵᠦ᠍᠂ ᠡᠷᠴᠢ ᠵᠣᠷᠢᠭ᠎ᠢ ᠬᠥᠪᠴᠢᠯᠡᠵᠦ᠍᠂ ᠬᠦᠴᠦᠨ ᠴᠢᠳᠠᠯ᠎ᠢ ᠨᠢᠭ᠍ᠲᠠᠷᠠᠭᠤᠯᠪᠠ᠃ ᠪᠥᠬᠥᠳᠡ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭ᠍ᠰᠠᠨ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠰᠠᠨᠠᠭᠤᠯᠭ᠎ᠠ》 ᠨᠢ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠦᠯᠦᠪᠵᠢᠭᠦᠯᠭᠡ ᠵᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠯᠤᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠳ᠋ᠦᠩᠨᠡᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠴᠢᠬᠤᠯᠠ ᠪᠠᠢᠷᠢ ᠰᠠᠭᠤᠷᠢ᠎ᠶ᠋ᠢ ᠲᠣᠳᠣᠷᠬᠠᠢᠯᠠᠨ ᠥᠭᠦᠯᠡᠵᠦ᠍᠂ ᠲᠤᠯᠭᠠᠷᠠᠵᠤ ᠪᠠᠢᠭ᠎ᠠ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠣᠷᠴᠢᠨ ᠨᠦᠬᠦᠴᠡᠯ᠎ᠢ ᠵᠠᠳᠠᠯᠵᠤ᠂《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠵᠢᠷᠤᠮᠯᠠᠬᠤ ᠵᠠᠷᠴᠢᠮ᠂ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠳᠤᠷᠠᠳᠴᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠳᠠᠯ ᠱᠢᠶ᠋ᠳᠪᠦᠷᠢᠯᠡᠭ᠌ᠴᠢ ᠴᠢᠨᠠᠷᠲᠠᠶ ᠠᠬᠢᠯᠳᠠ᠎ᠲᠠᠶ ᠪᠣᠯᠬᠤ᠎ᠶᠢ ᠪᠠᠳᠤᠯᠠᠬᠤ ᠬᠥᠲᠥᠯᠪᠦᠷᠢ᠎ᠶ᠋ᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ ᠪᠢᠳᠡ ᠶᠡᠷᠦᠩᠬᠡᠶ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ 《ᠰᠠᠨᠠᠭᠤᠯᠭ᠎ᠠ》᠎ᠶᠢ ᠲᠡᠷᠡ ᠶᠤᠰᠤᠭᠠᠷ ᠨᠢ ᠰᠤᠳᠤᠯᠤᠨ ᠤᠩᠱᠢᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠭᠡᠵᠦ᠍᠂ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠪᠦᠲᠦᠭᠡᠯᠴᠢ ᠴᠢᠨᠠᠷᠳᠠᠢ᠎ᠪᠡᠷ ᠰᠠᠢᠲᠤᠷ ᠠᠳᠭᠤᠬᠤ ᠬᠡᠷᠡᠭ᠌ᠲᠡᠶ ᠭᠡᠵᠤ ᠵᠢᠭᠠᠵᠤ ᠭᠠᠷᠭᠠᠵᠠᠢ᠃

ᠬᠤᠷᠠᠯ᠎ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠣᠢᠯᠠᠭᠠᠬᠤ᠎ᠳᠤ᠂《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠦᠯᠦᠪᠵᠢᠭᠦᠯᠭᠡ ᠵᠢᠨ ᠬᠤᠭᠤᠴᠠᠭ᠎ᠠ ᠪᠣᠯᠤᠨ ᠥᠩᠭᠡᠷᠡᠭ᠌ᠰᠡᠨ ᠨᠢᠭᠡ ᠵᠢᠯ ᠭᠠᠷᠤᠶ᠎ᠶ᠋ᠢᠨ ᠬᠤᠭᠤᠴᠠᠭᠠᠨ᠎ᠳᠤ ᠣᠯᠤᠭ᠍ᠰᠠᠨ ᠨᠠᠮ ᠪᠠ ᠤᠯᠤᠰ᠎ᠤᠨ ᠠᠵᠢᠯ ᠦᠶ᠋ᠯᠡᠰ᠎ᠦᠨ ᠶᠡᠷᠦ᠍ ᠪᠤᠰᠤ᠎ᠶ᠋ᠢᠨ ᠠᠮᠵᠢᠯᠲᠠ ᠪᠦᠲᠦᠮᠵᠢ᠎ᠶ᠋ᠢ ᠣᠨᠣᠪᠴᠢᠲᠠᠶ ᠡᠵᠡᠮᠳᠡᠬᠦ᠌ ᠬᠡᠷᠡᠭ᠌ᠲᠡᠶ᠃ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠶᠠᠪᠤᠴᠠ ᠲᠤᠢᠯ᠎ᠤᠨ ᠶᠡᠷᠦ᠍ ᠪᠤᠰᠤ᠂ ᠲᠤᠢᠯ᠎ᠤᠨ ᠡᠭᠡᠯ ᠪᠤᠰᠤ ᠶᠤᠮ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠠᠭᠠᠭᠤᠯᠤᠨ ᠬᠦᠴᠢᠷ᠎ᠢ ᠰᠦᠷᠦᠨ᠂ ᠡᠷᠡᠮᠡᠬᠡᠢᠯᠡᠨ ᠤᠷᠤᠭ᠍ᠰᠢᠯᠠᠵᠤ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ ᠡᠭᠦᠳᠦᠯᠲᠡ᠎ᠶ᠋ᠢᠨ ᠴᠢᠨᠠᠷᠲᠠᠢ ᠠᠬᠢᠴᠠ᠂ ᠱᠢᠪᠲᠤᠯᠤᠯᠲᠠ᠎ᠶ᠋ᠢᠨ ᠴᠢᠨᠠᠷᠲᠠᠢ ᠬᠤᠪᠢᠰᠤᠯᠲᠠ᠂ ᠲᠡᠦᠬᠡᠲᠦ ᠴᠢᠨᠠᠷᠲᠠᠢ ᠠᠮᠵᠢᠯᠲᠠ ᠣᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃ ᠡᠳᠡᠭᠡᠷ ᠠᠮᠵᠢᠯᠲᠠ᠎ᠶ᠋ᠢ ᠣᠯᠤᠭ᠍ᠰᠠᠨ᠎ᠤ ᠦᠨᠳᠦᠰᠦ ᠨᠢ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠵᠦ᠍᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠨ ᠱᠢᠨᠵᠢᠯᠡᠬᠦ᠌ ᠤᠬᠠᠭᠠᠨᠴᠢ᠎ᠵᠢᠯᠤᠭᠤᠳᠤᠯᠭ᠎ᠠ᠎ᠳᠤ ᠪᠤᠢ᠃ ᠪᠢᠳᠡ 《ᠬᠣᠶᠠᠷ᠎ᠢ ᠲᠣᠭ᠍ᠲᠠᠭᠠᠭᠰᠠᠨ》᠎ᠤ ᠱᠢᠶ᠋ᠳᠪᠦᠷᠢᠯᠡᠭ᠌ᠴᠢ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》᠎ᠢᠶᠠᠨ ᠴᠢᠩᠭᠠᠳᠭᠠᠨ᠂ 《ᠳᠥᠷᠪᠡᠨ ᠢᠲᠡᠭᠡᠯ》᠎ᠢᠶᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠢ ᠬᠦᠴᠦᠯᠡᠨ ᠠᠬᠢᠭᠤᠯᠬᠤ ᠬᠡᠷᠡᠭ᠌ᠲᠡᠶ ᠭᠡᠵᠤ ᠵᠢᠭᠠᠵᠤ ᠭᠠᠷᠭᠠᠵᠠᠢ᠃

ᠬᠤᠷᠠᠯ᠎ᠡᠴᠡ᠂ ᠨᠠᠮ᠎ᠤᠨ ᠲᠥᠪ ᠬᠣᠷᠢᠶ᠎ᠠ ᠵᠢᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠦᠯᠦᠪᠵᠢᠭᠦᠯᠭᠡ ᠵᠢᠨ ᠬᠤᠭᠤᠴᠠᠭᠠᠨ᠎ᠤ ᠬᠥᠭ᠌ᠵᠢᠯᠲᠡ᠎ᠶ᠋ᠢᠨ ᠲᠤᠬᠠᠢ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠵᠦ᠍᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢ ᠪᠦᠬᠦ᠌ ᠤᠯᠤᠰ᠎ᠤᠨ ᠶᠡᠬᠡ ᠲᠠᠯ᠎ᠠ᠎ᠳᠤ ᠲᠠᠯᠪᠢᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠣᠣᠯ ᠱᠢᠵᠢᠮ ᠪᠣᠯᠭᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠦᠯᠦᠪᠵᠢᠭᠦᠯᠭᠡ ᠵᠢᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠦᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠢ᠃ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠰᠠᠢᠲᠤᠷ ᠪᠥᠲᠥᠭᠡᠨ ᠪᠠᠢᠭᠤᠯᠵᠤ᠂ ᠥᠪᠥᠷ ᠮᠣᠩᠭᠣᠯ᠎ᠤᠨ ᠣᠨᠴᠠᠯᠢᠭᠳᠤ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠲᠠᠯ᠎ᠡ᠎ᠪᠠᠷ ᠨᠠᠩ ᠶᠡᠬᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠶ᠃ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠥᠨᠳᠥᠷ ᠲᠦᠪᠱᠢᠨ ᠪᠦᠬᠦᠢ ᠭᠠᠳᠠᠭᠠᠳᠤ ᠨᠡᠬᠡᠬᠡᠯᠳᠡ᠎ᠶ᠋ᠢ ᠥᠷᠭᠡᠳᠭᠡᠵᠦ᠍᠂ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠬᠥᠳᠡᠯᠭᠡᠬᠦ᠌ ᠬᠦᠴᠦᠨ᠎ᠢ ᠴᠢᠩᠭᠠᠳᠭᠠᠬᠤ ᠬᠡᠷᠡᠭ᠌ᠲᠡᠢ᠃ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠤᠬ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠪᠦᠬᠦ᠌ ᠬᠦᠴᠦᠨ᠎ᠢᠶᠡᠷ᠎ᠢᠶᠡᠨ ᠳᠡᠭᠡᠭ᠌ᠰᠢᠯᠡᠭᠦᠯᠵᠦ᠍᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠪᠡᠶᠡᠯᠡᠭᠦᠯᠬᠦ᠌᠎ᠳᠦ ᠢᠯᠡᠭᠦᠬᠡᠨ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠳᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠰᠠᠢᠲᠤᠷ ᠪᠥᠲᠥᠭᠡᠨ ᠪᠠᠢᠭᠤᠯᠵᠤ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠶ᠃ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠨ ᠰᠠᠢᠵᠢᠷᠠᠭᠤᠯᠵᠤ᠂ ᠬᠠᠮᠲᠤ᠎ᠪᠠᠷ ᠪᠠᠶᠠᠵᠢᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠪᠠᠲᠤ ᠪᠡᠬᠢ ᠪᠣᠳᠠᠰ᠎ᠤᠨ ᠰᠠᠭᠤᠷᠢ᠎ᠶ᠋ᠢ ᠲᠠᠯᠪᠢᠬᠤ ᠬᠡᠷᠡᠭ᠌ᠲᠡᠢ᠃ ᠬᠥᠭ᠌ᠵᠢᠯᠲᠡ ᠪᠣᠯᠤᠨ ᠠᠮᠤᠷ ᠲᠦᠪᠱᠢᠨ᠎ᠢ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠡᠭᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠱᠢᠨ᠎ᠡ ᠠᠮᠤᠷ ᠲᠦᠪᠱᠢᠨ᠎ᠦ ᠪᠠᠢᠷᠢᠱᠢᠯ᠎ᠢᠶᠠᠷ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠲᠤᠯᠠᠬᠤ ᠬᠡᠷᠡᠭ᠌ᠲᠡᠢ᠃ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠠᠬᠢᠭᠤᠯᠵᠤ᠂ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠵᠤ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ᠎ᠶ᠋ᠢ ᠠᠬᠢᠭᠤᠯᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ᠃ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠰᠤᠷᠤᠯᠴᠠᠯᠭ᠎ᠠ᠎ᠶ᠋ᠢ ᠶᠡᠬᠡ᠎ᠪᠡᠷ ᠡᠷᠬᠢᠮᠯᠡᠵᠦ᠍᠂ ᠭᠦᠨᠵᠡᠭᠡᠢ ᠪᠠᠢᠴᠠᠭᠠᠨ ᠰᠤᠳᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠠᠵᠢᠯᠴᠢ ᠬᠢᠴᠢᠶᠡᠩᠭᠦᠢ ᠠᠷᠢᠭᠤᠨ ᠴᠢᠬᠡᠴᠢ᠎ᠪᠡᠷ ᠵᠠᠰᠠᠭ ᠪᠠᠷᠢᠵᠤ᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠪᠠᠷ ᠠᠵᠢᠯ ᠬᠢᠵᠦ᠍ ᠦᠢᠯᠡᠰ ᠪᠤᠰᠭᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠡᠯ᠎ᠡ ᠵᠦᠢᠯ᠎ᠦᠨ ᠦᠢᠯᠡᠰ᠎ᠦᠨ ᠬᠥᠭ᠌ᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠬᠤᠷᠠᠯ᠎ᠠᠴᠠ᠂ ᠡᠨᠡ ᠵᠢᠯ᠎ᠦᠨ ᠰᠡᠭᠦᠯᠴᠢ᠎ᠶ᠋ᠢᠨ ᠬᠣᠶᠠᠷ ᠰᠠᠷ᠎ᠠ ᠭᠠᠷᠤᠢ᠎ᠶ᠋ᠢᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠨᠡᠩ ᠶᠡᠬᠡ ᠡᠷᠴᠢ ᠵᠣᠷᠢᠭ᠎ᠢᠶᠠᠷ ᠠᠷᠠᠯᠵᠢᠶᠠᠴᠢᠨ ᠤᠷᠢᠬᠤ ᠵᠢ ᠶᠡᠬᠡ ᠪᠡᠷ ᠠᠳᠬᠤᠵᠤ᠂ ᠲᠦᠷᠦᠯ ᠵᠦᠢᠯ᠎ᠢ ᠶᠡᠬᠡ᠎ᠪᠡᠷ ᠠᠳᠭᠤᠵᠤ᠂ ᠪᠡᠯᠡ ᠣᠷᠣᠭᠤᠯᠤᠯᠲᠠ᠎ᠶ᠋ᠢ ᠶᠡᠬᠡ᠎ᠪᠡᠷ ᠠᠳᠭᠤᠵᠤ᠂ ᠠᠷᠭ᠎ᠠ ᠪᠦᠬᠦᠨ᠎ᠢ ᠰᠦᠪᠡᠭ᠌ᠴᠢᠯᠡᠵᠦ᠍ ᠪᠠᠢᠭᠠᠳ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠵᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠵᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠵᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠵᠤ᠂ ᠬᠠᠮᠤᠭ᠎ᠤᠨ ᠶᠡᠬᠡ ᠴᠢᠷᠮᠠᠢᠯᠭ᠎ᠠ ᠭᠠᠷᠭᠠᠵᠤ ᠪᠠᠢᠭᠠᠳ ᠬᠠᠮᠤᠭ᠎ᠤᠨ ᠰᠠᠢ᠌ᠨ ᠦᠷ᠎ᠡ ᠪᠦᠳᠦᠮᠵᠢ ᠤᠯᠬᠤ᠎ᠪᠠᠷ ᠴᠢᠷᠮᠠᠢᠬᠤ ᠬᠡᠷᠡᠭ᠌ᠲᠡᠢ᠃ ᠭᠤᠤᠯᠳᠠᠯᠭ᠎ᠠ ᠲᠠᠶ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠶ ᠣᠷᠣᠨ ᠪᠠᠢᠷᠢ᠎ᠳᠡᠬᠢ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠴᠢᠩᠭᠠᠳᠭᠠᠵᠤ᠂ ᠢᠳᠡᠭᠡᠨ ᠪᠠ ᠡᠮ᠎ᠦᠨ ᠵᠦᠶ᠋ᠯᠡᠰ᠎ᠦᠨ ᠠᠮᠤᠷ ᠲᠦᠪᠱᠢᠨ᠎ᠦ ᠪᠥᠬᠥ᠌ ᠬᠡᠯᠬᠢᠶ᠎ᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠨᠡᠢᠭᠡᠮ᠎ᠦᠨ ᠵᠥᠷᠢᠴᠡᠯ ᠵᠠᠭᠤᠷᠠᠯᠳᠤᠭᠠᠨ᠎ᠢ ᠵᠢᠭ᠍ᠰᠠᠭᠠᠨ ᠪᠠᠢᠴᠠᠭᠠᠵᠤ ᠱᠢᠶ᠋ᠳᠪᠦᠷᠢᠯᠡᠬᠦ᠌ ᠠᠵᠢᠯ᠎ᠢ ᠰᠠᠢᠲᠤᠷ ᠬᠢᠵᠦ᠍᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠪᠠ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠬᠤᠷᠠᠯ᠎ᠠᠴᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠮᠥᠨ᠃ ᠡᠯ᠎ᠡ ᠱᠠᠲᠤᠨ᠎ᠤ ᠬᠢᠨ ᠨᠠᠷᠢᠨ ᠨᠢᠮᠪᠠᠢ ᠵᠣᠬᠢᠶᠠᠨ ᠪᠠᠢᠭᠤᠯᠵᠤ᠂ ᠳᠠᠷᠤᠢ ᠲᠦᠷᠭᠡᠨ ᠬᠥᠳᠡᠯᠦᠯᠴᠡᠵᠦ᠍᠂ ᠥᠷᠨᠢᠯᠲᠡ ᠭᠠᠷᠭᠠᠵᠤ᠂ ᠤᠬᠠᠭᠤᠯᠤᠨ ᠲᠠᠢᠯᠪᠤᠷᠢᠯᠠᠬᠤ ᠠᠵᠢᠯ᠎ᠢ ᠥᠷᠭᠡᠨ ᠳᠡᠯᠭᠡᠷ ᠭᠦᠨ ᠭᠦᠨᠵᠡᠭᠡᠢ ᠥᠷᠨᠢᠭᠦᠯᠵᠦ᠍᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠴᠠᠭ ᠲᠤᠬᠠᠢ᠎ᠳᠤᠨᠢ ᠨᠠᠮ᠎ᠤᠨ ᠵᠣᠬᠢᠶᠠᠨ ᠪᠠᠢᠭᠤᠯᠤᠯᠲᠠ ᠨᠢᠭᠡᠪᠦᠷᠢ᠂ ᠨᠠᠮ᠎ᠤᠨ ᠭᠡᠱᠢᠭᠦᠨ ᠨᠢᠭᠡᠪᠦᠷᠢ᠎ᠳᠦ ᠤᠯᠠᠮᠵᠢᠯᠠᠵᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠳᠠᠶᠠᠭᠠᠷ ᠤᠯᠠᠨ᠎ᠳᠦ ᠮᠡᠳᠡᠭᠦᠯᠵᠦ᠍᠂ ᠬᠥᠮᠦᠨ ᠪᠦᠬᠦᠨ᠎ᠳᠦ ᠮᠡᠳᠡᠭᠦᠯᠬᠦ᠌ ᠬᠡᠷᠡᠭ᠌ᠲᠡᠢ᠃ ᠨᠠᠮ᠎ᠤᠨ ᠭᠡᠱᠢᠭᠦᠨ ᠤᠳᠤᠷᠢᠳᠭᠤ ᠺᠠᠳ᠋ᠷᠴᠤᠳ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠲᠠᠯ᠎ᠠ᠎ᠪᠠᠷ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠢᠷᠡᠯᠲᠡ᠄    
Baidu
map