ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠠᠤᠭ᠎ᠠ ᠲᠥᠰᠦᠪ᠎ᠤᠨ ᠴᠢᠭ᠌ᠯᠡᠯ ᠵᠢᠨᠷ ᠦᠷᠭᠦᠯᠵᠢᠯᠡᠨ ᠲᠡᠮᠡᠴᠡᠵᠦ᠍ ᠡᠷᠡᠮᠡᠬᠡᠢᠯᠡᠨ ᠤᠷᠤᠭ᠍ᠰᠢᠯᠠᠨ᠎ᠠ — ᠦᠪᠦᠷ ᠮᠤᠨᠭᠭᠤᠯ᠎ᠤᠨ᠎ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠷᠨᠢᠯᠲᠡ᠎ᠶ᠋ᠢ ᠦᠳᠲᠡᠷ ᠲᠦᠷᠭᠡᠨ ᠭᠠᠷᠭᠠᠪᠠ
ᠨᠡᠶ᠋ᠢᠲᠡᠯᠡᠭᠰᠡᠨ ᠴᠠᠭ᠄ 2025-11-04

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠵᠢᠨ ᠳᠥᠷᠪᠡᠳᠦᠭᠡᠷ ᠪᠦᠬᠦᠲᠠ ᠬᠤᠷᠠᠯ᠎ᠡᠴᠡ《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠵᠦ᠍ ᠲᠥᠯᠥᠪᠯᠡᠭᠡ ᠪᠠ ᠪᠠᠢᠯᠳᠤᠬᠤ ᠪᠤᠲᠤᠯᠭ᠎ᠠ᠎ᠶ᠋ᠢᠨ ᠵᠢᠷᠤᠭ ᠲᠥᠯᠥᠪᠯᠡᠭᠡ ᠭᠠᠷᠭᠠᠵᠦ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠤᠭ᠎ᠠ ᠦᠢᠯᠡᠰ᠎ᠢ ᠲᠠᠰᠤᠷᠠᠯᠲᠠ ᠦᠭᠡᠢ ᠠᠬᠢᠭᠤᠯᠬᠤ᠎ᠳᠤ ᠴᠢᠭ᠌ᠯᠡᠯ ᠪᠠ ᠠᠷᠭ᠎ᠠ ᠵᠠᠮ᠎ᠢ ᠲᠣᠳᠣᠷᠬᠠᠢᠯᠠᠵᠤ ᠥᠭ᠌ᠴᠡᠢ᠃ ᠤᠢ᠍ᠢᠷ᠎ᠡ᠎ᠶ᠋ᠢᠨ ᠡᠳᠦᠷ᠎ᠦᠳ᠎ᠲᠦ᠂ ᠦᠪᠦᠷ ᠮᠤᠨᠭᠭᠤᠯ᠎ᠤᠨ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠬᠤ ᠪᠠ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠨᠠᠷᠢᠯᠢᠭ ᠵᠣᠬᠢᠶᠠᠨ ᠪᠠᠢᠭᠤᠯᠤᠨ ᠰᠠᠢᠲᠤᠷ ᠠᠳᠭᠤᠵᠤ᠂ ᠪᠣᠳᠠᠲᠠᠢ᠎ᠳᠤ ᠰᠠᠭᠤᠷᠢᠯᠠᠨ ᠬᠣᠢᠱᠢᠳᠠ᠎ᠶ᠋ᠢᠨ ᠠᠵᠢᠯ᠎ᠢᠶᠠᠨ ᠲᠥᠯᠥᠪᠵᠢᠭᠦᠯᠪᠡ᠃

ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠨᠠᠮ᠎ᠤᠨ ᠤᠳᠤᠷᠢᠳᠭᠤ ᠳᠤᠭᠤᠢᠯᠠᠩ᠎ᠤ᠋ᠨ (ᠥᠷᠭᠡᠳᠭᠡᠭ᠌ᠰᠡᠨ) ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠰᠠᠢᠲᠤᠷ ᠤᠬᠠᠭᠤᠯᠵᠤ ᠰᠠᠢᠲᠤᠷ ᠲᠤᠭᠤᠱᠢᠯᠠᠭᠤᠯᠬᠤ᠎ᠶ᠋ᠢ ᠣᠳᠣᠬᠠᠨ ᠪᠠ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠨᠠᠮ᠎ᠤᠨ ᠤᠳᠤᠷᠢᠳᠤᠯᠭ᠎ᠠ᠎ᠶ᠋ᠢ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠬᠤ ᠬᠡᠷᠡᠭ᠌ᠲᠡᠢ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠡᠯ᠎ᠡ ᠵᠦᠶ᠋ᠯ᠎ᠦᠨ ᠠᠵᠢᠯ᠎ᠤᠨ ᠱᠠᠭᠠᠷᠳᠠᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠶᠡᠬᠡ ᠲᠠᠯ᠎ᠠ᠎ᠳᠤ ᠦᠶ᠋ᠯᠡᠴᠢᠯᠡᠬᠦ᠌ ᠳᠤᠮᠳᠠᠬᠢ ᠢᠳᠡᠪᠬᠢ ᠦᠶ᠋ᠯᠡᠳᠦᠯ᠎ᠢ ᠦᠨᠡᠨ ᠬᠦ᠌ ᠪᠠᠳᠠᠷᠠᠭᠤᠯᠵᠤ᠂ ᠪᠥᠬᠥ᠌ ᠵᠢᠯ᠎ᠦᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠬᠦᠴᠦᠨ ᠨᠡᠮᠡᠷᠢᠯᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠬᠦ᠌ ᠬᠡᠷᠡᠭ᠌ᠲᠡᠶ; ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢ᠎ᠪᠠᠷ ᠵᠠᠰᠠᠬᠤ᠎ᠶ᠋ᠢ ᠭᠦᠨᠵᠡᠭᠡᠶ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠨᠡᠢᠭᠡᠮ᠎ᠦᠨ ᠵᠠᠰᠠᠯᠲᠠ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠬᠦ᠌ ᠤᠶᠠᠯᠳᠤᠯ᠎ᠤᠨ ᠴᠡᠭ᠂ ᠭᠠᠷᠳᠠᠬᠤ ᠴᠡᠭ᠎ᠢ ᠦᠨᠡᠨ ᠬᠦ᠌ ᠣᠨᠣᠪᠴᠢᠲᠠᠶ ᠣᠯᠵᠤ᠂《ᠠᠷᠪᠠᠨ ᠲᠠᠪᠤᠳᠤᠭᠠᠷ ᠲᠠᠪᠤᠨ ᠵᠢᠯ》ᠤ᠋ᠨ ᠬᠤᠭᠤᠴᠠᠭᠠᠨ᠎ᠤ ᠪᠥᠬᠥ᠌ ᠣᠷᠣᠨ᠎ᠤ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠲᠦᠷᠭᠡᠳᠭᠡᠨ ᠨᠠᠢᠷᠠᠭᠤᠯᠤᠨ ᠵᠣᠬᠢᠶᠠᠵᠤ᠂《ᠠᠷᠠᠳ ᠲᠦᠮᠡᠨ᠎ᠦ ᠬᠦᠴᠢᠷᠳᠡᠯ᠎ᠢ ᠱᠢᠶ᠋ᠳᠪᠦᠷᠢᠯᠡᠵᠦ᠍᠂ ᠨᠠᠮ᠎ᠤᠨ ᠵᠣᠪᠠᠨᠢᠯ᠎ᠢ ᠠᠷᠢᠯᠭᠠᠬᠤ》ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠤᠯᠠᠮ ᠴᠢᠨᠠᠭ᠍ᠰᠢᠳᠠ ᠡᠭᠦᠷᠭᠡᠯᠡᠵᠦ᠍᠂ ᠵᠠᠬᠢᠳᠠᠯ ᠰᠤᠷᠪᠤᠯᠵᠢᠯᠠᠯ᠎ᠤᠨ ᠠᠵᠢᠯ᠎ᠢ ᠠᠷᠠᠳ ᠣᠯᠠᠨ᠎ᠤ ᠰᠡᠳᠭᠢᠯ᠎ᠳᠦ ᠬᠠᠳᠠᠩᠱᠢᠭᠤᠯᠵᠤ᠂ ᠨᠠᠮ᠎ᠤᠨ ᠲᠥᠷᠥ᠍ ᠪᠠᠷᠢᠬᠤ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠵᠦ᠍᠂ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠵᠦ ᠱᠠᠭᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠰᠭᠠᠶ ᠰᠡᠳᠦᠪ᠎ᠢᠶᠡᠷ ᠤᠯᠠᠮᠵᠢᠯᠠᠨ ᠰᠤᠷᠤᠯᠴᠠᠪᠠ᠃ ᠬᠤᠷᠠᠯ᠎ᠡᠴᠡ᠂ ᠣᠳᠣᠬᠠᠨ᠎ᠳᠤ ᠶᠠᠭ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠰᠡᠭᠦᠯ ᠬᠤᠷᠢᠶᠠᠬᠤ ᠴᠠᠭ ᠬᠤᠭᠤᠴᠠᠭ᠎ᠠ᠂《ᠠᠷᠪᠠᠨ ᠲᠠᠪᠤᠳᠤᠭᠠᠷ ᠲᠠᠪᠤᠨ ᠵᠢᠯ》ᠢ᠋ ᠲᠥᠯᠥᠪᠵᠢᠭᠦᠯᠦᠨ ᠪᠠᠢᠷᠢᠰᠢᠭᠤᠯᠬᠤ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠨ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ ᠰᠠᠢᠲᠤᠷ ᠤᠬᠠᠭᠤᠯᠵᠤ ᠰᠠᠢᠲᠤᠷ ᠲᠤᠭᠤᠱᠢᠯᠠᠭᠤᠯᠬᠤ᠎ᠶ᠋ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠭᠠᠷᠭᠠᠬᠤ ᠬᠡᠷᠡᠭ᠌ᠲᠡᠶ᠃《ᠰᠠᠨᠠᠭᠤᠯᠭ᠎ᠠ》ᠳ᠋ᠤ ᠳᠤᠷᠠᠳᠤᠭ᠍ᠰᠠᠨ ᠵᠢᠯᠣᠭᠣᠳᠭᠤ ᠦᠵᠡᠯ ᠰᠠᠨᠠᠭ᠎ᠠ᠎ᠲᠠᠶ ᠨᠢᠭ᠍ᠲᠠ ᠤᠶᠠᠯᠳᠤᠭᠤᠯᠤᠨ᠂ 《ᠪᠦᠬᠦ᠌ ᠦᠨᠳᠦᠰᠦᠲᠡᠨ᠎ᠦ ᠰᠣᠶᠣᠯ᠎ᠤᠨ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠌》᠂ 《ᠤᠯᠤᠰ᠎ᠤᠨ ᠳᠣᠲᠣᠭᠠᠳᠤ᠎ᠶ᠋ᠢᠨ ᠬᠦᠴᠦᠷᠬᠡᠭ ᠶᠡᠬᠡ ᠵᠠᠬ᠎ᠠ ᠳᠡᠯᠭᠡᠭᠦᠷ᠎ᠢ ᠪᠦᠲᠦᠭᠡᠨ ᠪᠠᠢᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠨ ᠪᠠᠢᠭᠤᠯᠬᠤ》ᠵᠡᠷᠭᠡ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠦ ᠬᠣᠯᠪᠣᠭ᠍ᠳᠠᠬᠤ ᠠᠵᠢᠯ᠎ᠳᠤ ᠭᠣᠣᠯᠳᠠᠯᠭ᠎ᠠ᠎ᠲᠠᠶ᠎ᠪᠠᠷ ᠠᠩᠬᠠᠷᠤᠯ᠎ᠢᠶᠠᠨ ᠲᠥᠪᠯᠡᠷᠡᠭᠦᠯᠵᠦ᠍᠂ ᠰᠤᠳᠤᠯᠤᠨ ᠨᠤᠲᠠᠯᠠᠬᠤ ᠠᠵᠢᠯ᠎ᠢ ᠭᠦᠨᠵᠡᠭᠡᠢᠷᠡᠭᠦᠯᠦᠨ᠂ ᠳᠡᠭᠡᠷ᠎ᠠ ᠳᠣᠣᠷ᠎ᠠ ᠱᠠᠲᠤ᠎ᠶ᠋ᠢ ᠵᠣᠯᠭᠠᠯᠴᠠᠭᠤᠯᠬᠤ᠎ᠶ᠋ᠢ ᠴᠢᠩᠭᠠᠳᠭᠠᠵᠤ᠂ 《ᠠᠷᠪᠠᠨ ᠲᠠᠪᠤᠳᠤᠭᠠᠷ ᠲᠠᠪᠤᠨ ᠵᠢᠯ》ᠤ᠋ᠨ ᠰᠣᠶᠣᠯ ᠪᠠ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠢᠷᠡᠭᠡᠳᠦᠶ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠶ᠋ᠢᠨ ᠰᠡᠳᠭᠢᠴᠡ ᠪᠠ ᠬᠠᠷᠠᠯᠲᠠ᠎ᠶ᠋ᠢ ᠲᠣᠳᠣᠷᠬᠠᠶ ᠲᠣᠭ᠍ᠲᠠᠭᠠᠵᠤ᠂ ᠶᠡᠬᠡ ᠲᠠᠯ᠎ᠠ᠎ᠳᠤ ᠦᠢᠯᠡᠴᠢᠯᠡᠬᠦ᠌ ᠳᠤᠮᠳᠠ ᠱᠢᠨ᠎ᠡ ᠠᠮᠵᠢᠯᠲᠠ ᠪᠦᠲᠦᠮᠵᠢ ᠭᠠᠷᠭᠠᠵᠤ᠂ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠨᠠᠮ᠎ᠤᠨ ᠤᠳᠤᠷᠢᠳᠭᠤ ᠳᠤᠭᠤᠢᠯᠠᠩ᠎ᠤᠨ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠴᠢᠬᠤᠯᠠ ᠶᠡᠬᠡ ᠤᠰᠤᠨ ᠠᠱᠢᠭ᠍ᠯᠠᠯᠲᠠ᠎ᠶ᠋ᠢᠨ ᠲᠥᠷᠥᠯ ᠵᠦᠶ᠋ᠯ᠎ᠦᠨ ᠲᠥᠯᠥᠪᠵᠢᠭᠦᠯᠭᠡ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠲᠤᠤᠷ ᠬᠢᠭᠡᠳ ᠤᠯᠤᠰ᠎ᠤᠨ ᠭᠤᠤᠯᠯᠠᠭ᠍ᠴᠢ ᠲᠤᠤᠷ᠂ ᠣᠷᠣᠨ ᠪᠦᠰᠡ᠎ᠶ᠋ᠢᠨ ᠤᠰᠤᠨ ᠲᠤᠤᠷ᠎ᠤᠨ ᠬᠠᠷᠢᠯᠴᠠᠨ ᠬᠣᠯᠪᠣᠯᠳᠤᠵᠤ ᠬᠠᠷᠢᠯᠴᠠᠨ ᠨᠡᠪᠲᠡᠷᠡᠯᠴᠡᠬᠦ᠌᠎ᠶ᠋ᠢ ᠴᠢᠩᠭᠠᠳᠭᠠᠵᠤ᠂ ᠤᠰᠤᠨ ᠲᠤᠤᠷ᠎ᠤᠨ ᠭᠤᠤᠯᠯᠠᠭ᠍ᠴᠢ ᠪᠠᠷᠢᠯᠭ᠎ᠠ᠎ᠶᠢᠨ ᠡᠮᠦᠨᠡᠬᠢ ᠬᠤᠭᠤᠴᠠᠭᠠᠨ᠎ᠤ ᠠᠵᠢᠯ᠎ᠢ ᠨᠠᠷᠢᠯᠢᠭ ᠬᠢᠵᠦ᠍᠂ ᠬᠠᠲᠤᠨ ᠭᠤᠤᠯ᠂ ᠪᠠᠷᠠᠭᠤᠨ ᠯᠢᠶᠣᠤᠾᠧ ᠭᠤᠤᠯ᠎ᠤᠨ ᠰᠠᠪᠠ ᠭᠠᠵᠠᠷ ᠵᠡᠷᠭᠡ ᠤᠰᠤ ᠭᠥᠷᠳᠡᠬᠦ᠌ ᠣᠷᠣᠨ᠎ᠤ ᠤᠰᠤ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠪᠣᠳᠠᠲᠠᠢᠵᠢᠭᠤᠯᠵᠤ᠂ ᠴᠤᠤᠯ ᠭᠤᠤᠯ᠎ᠤᠨ ᠤᠰᠤ᠎ᠶ᠋ᠢ ᠯᠢᠶᠣᠤᠾᠧ ᠭᠤᠤᠯ᠎ᠳᠤ ᠲᠠᠳᠠᠬᠤ᠂ ᠴᠤᠤᠯ ᠭᠤᠤᠯ᠎ᠤᠨ ᠤᠰᠤ᠎ᠶ᠋ᠢ ᠯᠢᠶᠣᠤᠾᠧ ᠭᠤᠤᠯ᠎ᠳᠤ ᠲᠠᠳᠠᠬᠤ ᠬᠣᠶᠠᠳᠤᠭᠠᠷ ᠬᠤᠭᠤᠴᠠᠭᠠᠨ᠎ᠤ ᠪᠠᠷᠢᠯᠭ᠎ᠠ᠎ᠶᠢᠨ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠲᠦᠷᠭᠡᠳᠭᠡᠵᠦ᠍᠂ ᠥᠪᠥᠷ ᠮᠣᠩᠭᠣᠯ᠎ᠤᠨ ᠰᠠᠯᠪᠤᠷᠢ ᠱᠤᠭᠤᠮ᠎ᠤᠨ ᠪᠠᠷᠢᠯᠭ᠎ᠠ᠎ᠶᠢᠨ ᠪᠥᠲᠥᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠶ ᠠᠬᠢᠭᠤᠯᠵᠤ᠂ ᠳ᠋ᠦᠩ᠎ᠲᠡᠶ ᠽᠢ ᠤᠰᠤᠨ ᠴᠥᠭᠥᠷᠥᠮ᠎ᠦᠨ ᠬᠡᠪ᠎ᠦᠨ ᠤᠰᠤ ᠬᠠᠳᠠᠭᠠᠯᠠᠬᠤ᠎ᠶ᠋ᠢ ᠲᠦᠷᠭᠡᠳᠭᠡᠨ ᠠᠬᠢᠭᠤᠯᠵᠤ᠂ ᠬᠠᠲᠤᠨ ᠭᠤᠤᠯ᠎ᠤᠨ ᠥᠪᠥᠷ ᠮᠣᠩᠭᠣᠯ᠎ᠤᠨ ᠬᠡᠰᠡᠭ᠎ᠲᠡᠬᠢ ᠭᠤᠤᠯ᠎ᠤᠨ ᠵᠠᠮ᠎ᠢ ᠵᠠᠰᠠᠬᠤ ᠪᠠᠷᠢᠯᠭ᠎ᠠ᠎ᠶᠢ ᠡᠷᠲᠡᠬᠡᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠢᠭᠤᠯᠬᠤ ᠬᠡᠷᠡᠭ᠌ᠲᠡᠶ᠃ ᠴᠢᠬᠤᠯᠠ ᠶᠡᠬᠡ ᠤᠰᠤᠨ ᠠᠱᠢᠭ᠍ᠯᠠᠯᠲᠠ᠎ᠶ᠋ᠢᠨ ᠲᠦᠷᠦᠯ ᠵᠦᠢᠯ᠎ᠦᠨ ᠲᠥᠯᠥᠪᠵᠢᠭᠦᠯᠭᠡ᠎ᠶ᠋ᠢ ᠰᠠᠢᠲᠤᠷ ᠠᠳᠭᠤᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠤᠰᠤᠨ᠎ᠤ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠰᠠᠢᠲᠤᠷ ᠬᠢᠵᠦ᠍᠂ ᠣᠳᠣᠬᠠᠨ᠎ᠤ ᠱᠢᠨ᠎ᠡ ᠪᠠᠢᠳᠠᠯ᠂ ᠱᠢᠨ᠎ᠡ ᠱᠠᠭᠠᠷᠳᠠᠯᠭ᠎ᠠ᠎ᠶ᠋ᠢ ᠭᠦᠨᠵᠡᠭᠡᠢ ᠵᠠᠳᠠᠯᠵᠤ᠂ ᠤᠰᠤᠨ ᠠᠱᠢᠭ᠍ᠯᠠᠯᠲᠠ᠎ᠶ᠋ᠢᠨ ᠶᠠᠮᠤᠨ᠂ ᠰᠠᠪᠠ ᠭᠠᠵᠠᠷ᠎ᠤᠨ ᠪᠠᠢᠭᠤᠯᠤᠮᠵᠢ᠎ᠲᠠᠶ ᠢᠳᠡᠪᠬᠢᠲᠡᠢ ᠤᠯᠤᠯᠴᠠᠨ ᠵᠣᠯᠭᠠᠯᠴᠠᠵᠤ᠂ ᠨᠡᠩ ᠤᠯᠠᠨ ᠲᠦᠷᠦᠯ ᠵᠦᠢᠯ᠎ᠢ ᠤᠯᠤᠰ᠎ᠤᠨ《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠳᠦ ᠣᠷᠣᠭᠤᠯᠬᠤ᠎ᠪᠠᠷ ᠴᠢᠷᠮᠠᠢᠬᠤ ᠬᠡᠷᠡᠭ᠌ᠲᠡᠢ ᠭᠡᠵᠦ ᠱᠠᠭᠠᠷᠳᠠᠪᠠ᠃

10 ᠰᠠᠷ᠎ᠠ᠎ᠶ᠋ᠢᠨ 24᠎ᠤ ᠡᠳᠦᠷ᠂ ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ ᠬᠣᠷᠢᠶ᠎ᠠ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ᠂ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ᠎ᠬᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠪᠠ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠪᠣᠳᠠᠲᠠᠶ᠎ᠲᠠᠶ᠎ᠪᠠᠨ ᠤᠶᠠᠯᠳᠤᠭᠤᠯᠤᠨ ᠲᠠᠷᠠᠭᠠᠴᠢ᠎ᠶ᠋ᠢᠨ ᠠᠯᠬᠤᠮ᠎ᠤᠨ ᠠᠵᠢᠯ᠎ᠢᠶᠠᠨ ᠴᠢᠨᠠᠷ ᠰᠠᠢᠲᠠᠶ ᠲᠥᠯᠥᠪᠵᠢᠭᠦᠯᠵᠦ᠍᠂ ᠪᠥᠬᠥ᠌ ᠠᠢᠮᠠᠭ᠎ᠤᠨ《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢ ᠥᠨᠳᠥᠷ ᠲᠦᠪᠱᠢᠨ᠎ᠢᠶᠡᠷ ᠰᠠᠢᠲᠤᠷ ᠨᠠᠢᠷᠠᠭᠤᠯᠤᠨ ᠵᠣᠬᠢᠶᠠᠵᠤ᠂ ᠪᠥᠬᠥᠳᠡ ᠬᠤᠷᠠᠯ᠎ᠡᠴᠡ ᠵᠢᠷᠤᠭ᠍ᠯᠠᠭ᠍ᠰᠠᠨ ᠠᠸ᠋ᠭ᠎ᠠ ᠲᠥᠰᠦᠪ ᠶᠣᠰᠣᠭᠠᠷ ᠡᠷᠡᠮᠡᠬᠡᠢᠯᠡᠨ ᠤᠷᠤᠭ᠍ᠰᠢᠯᠠᠵᠤ᠂《ᠠᠷᠪᠠᠨ ᠲᠠᠪᠤᠳᠤᠭᠠᠷ ᠲᠠᠪᠤᠨ ᠵᠢᠯ》ᠤ᠋ᠨ ᠬᠤᠭᠤᠴᠠᠭᠠᠨ᠎ᠳᠤ ᠪᠥᠬᠥ᠌ ᠠᠢᠮᠠᠭ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠱᠢᠨ᠎ᠡ ᠱᠢᠪᠲᠤᠯᠤᠯᠲᠠ ᠭᠠᠷᠭᠠᠬᠤ᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠱᠢᠯᠢᠩᠬᠣᠲᠠ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠶᠣᠣ ᠯᠢᠶᠠᠩ᠄《ᠪᠢᠳᠠ ᠱᠢᠯᠢᠩᠬᠣᠲᠠ᠎ᠶ᠋ᠢᠨ〈ᠠᠷᠪᠠᠨ ᠲᠠᠪᠤᠳᠤᠭᠠᠷ ᠲᠠᠪᠤᠨ ᠵᠢᠯ〉ᠤ᠋ᠨ ᠲᠥᠯᠥᠪᠵᠢᠭᠦᠯᠭᠡ᠎ᠶ᠋ᠢ ᠴᠢᠨᠠᠷ ᠰᠠᠢᠲᠠᠢ ᠨᠠᠢᠷᠠᠭᠤᠯᠤᠨ ᠵᠣᠬᠢᠶᠠᠵᠤ᠂ ᠴᠢᠬᠤᠯᠠ ᠶᠡᠬᠡ ᠲᠦᠷᠦᠯ ᠵᠦᠢᠯ᠎ᠢ 200 ᠡᠴᠡ ᠳᠡᠭᠡᠭ᠌ᠰᠢ ᠲᠥᠯᠥᠪᠵᠢᠭᠦᠯᠬᠦ᠌᠎ᠪᠡᠷ ᠴᠢᠷᠮᠠᠢᠵᠤ᠂ ᠪᠡᠯᠡ ᠣᠷᠣᠭᠤᠯᠤᠯᠲᠠ᠎ᠶᠢ 1000 ᠳ᠋ᠦᠩᠱᠢᠭᠤᠷ ᠲᠥᠭᠥᠷᠢᠭ᠎ᠢ ᠳᠠᠪᠠᠭᠤᠯᠤᠨ᠎ᠠ᠃ ᠭᠤᠷᠪᠠᠳᠤᠭᠠᠷ ᠠᠵᠤ ᠦᠶ᠋ᠯᠡᠰ᠎ᠦᠨ ᠬᠠᠮᠵᠢᠯᠴᠠᠨ ᠬᠦᠴᠦᠯᠡᠬᠦ᠌᠎ᠶ᠋ᠢ ᠠᠬᠢᠭᠤᠯᠵᠤ᠂ ᠢᠯᠠᠩᠭᠤᠶ᠎ᠠ ᠡᠬᠢ ᠪᠠᠶᠠᠯᠢᠭ᠎ᠤᠨ ᠳᠠᠪᠠᠭᠤᠯᠢᠭ᠎ᠤᠨ ᠲᠣᠭᠣᠷᠢᠨ᠎ᠳᠤ ᠡᠨᠧᠷᠭᠢ᠎ᠶ᠋ᠢᠨ ᠳᠠᠪᠠᠭᠤᠯᠢᠭ᠎ᠢ ᠬᠦᠴᠦᠷᠬᠡᠭ᠌ᠵᠢᠭᠦᠯᠵᠦ᠍᠂ ᠱᠢᠨ᠎ᠡ ᠡᠨᠧᠷᠭᠢ᠎ᠶ᠋ᠢᠨ ᠴᠠᠬᠢᠯᠭᠠᠨ᠎ᠤ ᠦᠨ᠎ᠡ᠎ᠶ᠋ᠢᠨ ᠲᠠᠪᠠᠭᠤᠯᠢᠭ ᠬᠤᠷᠠᠮᠠᠯ ᠭᠠᠵᠠᠷ᠎ᠢ ᠪᠠᠢᠭᠤᠯᠵᠤ᠂ ᠨᠠᠩ ᠣᠯᠠᠨ ᠴᠢᠨᠠᠷ ᠰᠠᠢᠲᠠᠶ ᠠᠵᠤ ᠦᠶ᠋ᠯᠡᠰ᠎ᠢ ᠣᠷᠣᠭᠤᠯᠤᠨ ᠠᠪᠴᠢᠷᠠᠵᠤ ᠨᠤᠳᠤᠬᠰᠢᠭᠤᠯᠤᠨ᠂ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠬᠡᠯᠡᠪᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map