ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠠᠵᠢᠯ᠎ᠤᠨ ᠳᠠᠢᠴᠢᠯᠠᠯᠲᠠ᠎ᠶᠢᠨ ᠬᠤᠷᠠᠯ ᠬᠤᠷᠠᠯᠳᠤᠪᠠ   ᠪᠦᠦ ᠰᠢᠶᠠᠨ ᠬᠤᠸᠠ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2025-11-05

11 ᠳ᠋ᠦ᠍ᠭᠡᠷ ᠰᠠᠷ᠎ᠠ᠎ᠶᠢᠨ 4᠎ᠦ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠠᠵᠢᠯ᠎ᠤᠨ ᠳᠠᠢᠴᠢᠯᠠᠯᠲᠠ᠎ᠶᠢᠨ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠪᠦᠦ ᠰᠢᠶᠠᠨ ᠬᠤᠸᠠ ᠶᠠᠷᠢᠶ᠎ᠠ ᠲᠠᠯᠪᠢᠪᠠ᠃ 

ᠪᠦᠦ ᠰᠢᠶᠠᠨ ᠬᠤᠸᠠ ᠵᠢᠭᠠᠵᠤ ᠭᠠᠷᠭᠠᠬᠤ᠎ᠳᠤ᠎ᠪᠠᠨ᠂ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠬᠤ ᠪᠠ ᠶᠡᠷᠦᠩᠬᠡᠢ ᠱᠦᠵᠢ ᠰᠢ ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠤᠶᠠᠯᠳᠤᠭᠤᠯᠵᠤ᠂ ᠣᠨᠣᠪᠴᠢᠲᠠᠢ ᠬᠠᠨᠳᠤᠭᠤᠯᠬᠤ᠂ ᠨᠠᠷᠢᠯᠢᠭ᠍ᠵᠢᠭᠤᠯᠤᠨ ᠬᠤᠪᠢᠶᠠᠬᠤ᠂ ᠰᠣᠯᠢᠯᠴᠠᠨ ᠦᠢᠯᠡᠳᠦᠯᠴᠡᠬᠦ ᠮᠠᠶᠢᠭ᠋᠎ᠢᠶᠠᠷ ᠤᠬᠠᠭᠤᠯᠤᠨ ᠲᠠᠢᠯᠪᠤᠷᠢᠯᠠᠵᠤ᠂ ᠪᠦᠬᠦ ᠣᠷᠣᠨ᠎ᠤ ᠥᠷᠭᠡᠨ ᠣᠯᠠᠨ ᠨᠠᠮ᠎ᠤᠨ ᠭᠡᠰᠢᠬᠦᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠶᠢ ᠨᠢ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠪᠠ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂《ᠨᠢᠭᠡ ᠪᠡᠬᠢᠯᠡᠯᠲᠡ》ᠶ᠋ᠢ ᠪᠦᠲᠦᠭᠡᠨ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠢᠲᠡᠭᠡᠯ ᠵᠣᠷᠢᠭ᠋᠎ᠢᠶᠠᠨ ᠪᠠᠲᠤᠳᠬᠠᠨ᠂ ᠪᠦᠯᠬᠦᠮᠳᠡᠨ ᠲᠡᠮᠡᠴᠡᠵᠡᠭᠡᠵᠦ᠂ ᠪᠦᠬᠦᠳᠡ ᠬᠤᠷᠠᠯᠳᠤᠭᠠᠨ᠎ᠢᠶᠠᠷ ᠵᠢᠷᠤᠭᠯᠠᠭᠰᠠᠨ ᠠᠤᠭ᠎ᠠ ᠵᠢᠷᠤᠭ ᠲᠥᠯᠥᠪᠯᠡᠭᠡ᠎ᠶᠢ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠶᠢᠨ ᠵᠠᠮ ᠱᠤᠭᠤᠮ᠎ᠤᠨ ᠵᠢᠷᠤᠭ᠂ ᠪᠠᠷᠢᠯᠭ᠎ᠠ᠎ᠶᠢᠨ ᠵᠢᠷᠤᠭ ᠪᠣᠯᠭᠠᠨ ᠨᠠᠷᠢᠯᠢᠭ᠍ᠵᠢᠭᠤᠯᠤᠨ ᠪᠣᠳᠠᠲᠠᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠵᠠᠮ᠎ᠢ ᠲᠦᠷᠭᠡᠨ ᠨᠡᠭᠡᠭᠡᠬᠦ ᠬᠡᠷᠡᠭᠲᠡᠢ ᠭᠡᠪᠡ᠃ 

ᠳᠠᠢᠴᠢᠯᠠᠯᠲᠠ᠎ᠶᠢᠨ ᠬᠤᠷᠠᠯ᠎ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠨᠠᠷ ᠬᠢᠴᠢᠶᠡᠯ ᠪᠡᠯᠡᠳᠬᠡᠵᠡᠭᠡᠪᠡ᠃ 11 ᠳ᠋ᠦ᠍ᠭᠡᠷ ᠰᠠᠷ᠎ᠠ᠎ᠶᠢᠨ ᠰᠢᠨᠡᠳ᠎ᠡᠴᠡ ᠡᠬᠢᠯᠡᠨ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠢᠨ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠡᠯ᠎ᠡ ᠠᠢᠮᠠᠭ ᠬᠤᠳᠠ ᠵᠡᠷᠭᠡ᠎ᠳᠦ ᠭᠦᠨᠵᠡᠭᠡᠢᠷᠡᠵᠦ ᠲᠥᠪᠯᠡᠷᠡᠭᠦᠯᠦᠨ ᠤᠬᠠᠭᠤᠯᠤᠨ ᠲᠠᠢᠯᠪᠤᠷᠢᠯᠠᠬᠤ ᠪᠣᠯᠣᠨ᠎ᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map