11 ᠰᠠᠷ᠎ᠠ᠎ᠶ᠋ᠢᠨ 22 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠰᠤᠷᠤᠯᠴᠠᠯᠭ᠎ᠠ ᠵᠢᠨ ᠠᠩᠬᠢ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠳ᠋ᠤ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠰᠤᠷᠤᠯᠭ᠎ᠠ ᠡᠬᠢᠯᠡᠬᠦ᠌ ᠶᠣᠰᠣᠯᠠᠯ᠎ᠳᠤ ᠣᠷᠣᠯᠴᠠᠭ᠍ᠰᠠᠨ ᠪᠥᠭᠡᠳ ᠠᠩᠬᠠᠨ᠎ᠤ ᠬᠢᠴᠢᠶᠡᠯ᠎ᠢ ᠨᠢ ᠤᠷᠤᠪᠠ᠃


ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠰᠤᠷᠤᠯᠭ᠎ᠠ ᠡᠬᠢᠯᠡᠬᠦ᠌ ᠶᠣᠰᠣᠯᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠂ ᠵᠠᠰᠠᠭ᠎ᠤᠨ ᠣᠷᠳᠣᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠤᠳᠤᠷᠢᠳᠭᠤ ᠨᠥᠬᠥᠳ ᠪᠣᠯᠤᠨ ᠱᠢᠭᠦᠬᠦ᠌ ᠬᠣᠷᠢᠢ᠎ᠠ ᠪᠠᠢᠴᠠᠭᠠᠬᠤ ᠬᠣᠷᠢᠢ᠎ᠠ᠎ᠶ᠋ᠢᠨ ᠳᠠᠷᠤᠭ᠎ᠠ ᠰᠤᠷᠤᠯᠴᠠᠯᠭ᠎ᠠ᠎ᠶ᠋ᠢᠨ ᠠᠩᠬᠢ᠎ᠳᠤ ᠣᠷᠣᠯᠴᠠᠪᠠ᠃
ᠸᠠᠩ ᠸᠧᠢ ᠵᠦᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ᠎ᠶ᠋ᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠦ ᠤᠷᠤᠬᠤ ᠭᠡᠵᠦ ᠪᠠᠢᠭ᠎ᠠ ᠦᠶ᠎ᠡ᠎ᠳᠤ ᠬᠤᠷᠠᠯᠳᠤᠭᠤᠯᠤᠭᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠃ ᠶᠡᠷᠦᠩᠬᠡᠢ ᠱᠦᠵᠢ ᠰᠢ᠎ᠵᠢᠨ᠎ᠫᠢᠩ᠎ᠦᠨ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠰᠠᠨᠠᠭᠤᠯᠭ᠎ᠠ》 ᠳ᠋ᠤ᠌ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶ᠋ᠢᠨ ᠠᠰᠠᠭᠤᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠪᠢᠳᠡᠨ᠎ᠦ ᠠᠵᠢᠯ᠎ᠢᠶᠠᠨ ᠰᠠᠢᠲᠤᠷ ᠬᠢᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠦ᠂ ᠦᠨᠳᠦᠰᠦᠨ ᠵᠢᠷᠤᠮᠯᠠᠯ ᠬᠠᠩᠭᠠᠭ᠍ᠰᠠᠨ ᠪᠠᠢᠨ᠎ᠠ ᠭᠡᠵᠦ ᠵᠢᠭᠠᠵᠤ ᠭᠠᠷᠭᠠᠪᠠ᠃
ᠸᠠᠩ ᠸᠧᠶ ᠵᠥᠩ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠯᠤᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠭᠦᠶ᠋ᠴᠡᠳ ᠲᠠᠨᠢᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠨᠠᠩ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠢᠮᠠᠭ᠍ᠲᠠ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ᠃ 《ᠠᠷᠪᠠᠨ ᠳᠠᠪᠤᠳᠤᠭᠠᠷ ᠳᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ ᠮᠠᠨ᠎ᠤ ᠤᠯᠤᠰ᠎ᠤᠨ ᠬᠥᠭ᠌ᠵᠢᠯᠲᠡ᠎ᠳᠦ ᠲᠤᠯᠭᠠᠷᠠᠵᠤ ᠪᠠᠢᠭ᠎ᠠ ᠪᠠᠢᠳᠠᠯ᠎ᠤᠨ ᠲᠤᠬᠠᠶ ᠨᠠᠮ᠎ᠤᠨ ᠲᠥᠪ ᠬᠤᠷᠢᠶ᠎ᠠ᠎ᠶᠢᠨ ᠦᠨᠳᠦᠰᠦᠨ ᠮᠠᠭᠠᠳᠯᠠᠯᠲᠠ᠎ᠶ᠋ᠢ ᠪᠠᠲᠤ ᠡᠵᠡᠮᠱᠢᠨ᠂ ᠰᠠᠨᠠᠭᠠᠱᠢᠷᠠᠬᠤ ᠤᠬᠠᠮᠰᠠᠷ᠎ᠢᠶᠠᠨ ᠨᠡᠮᠡᠭ᠌ᠳᠡᠭᠦᠯᠵᠦ᠍᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠨ᠂ ᠵᠠᠪᠠᠯ ᠢᠯᠠᠬᠤ ᠢᠲᠡᠭᠡᠯ᠎ᠢᠶᠡᠨ ᠪᠠᠲᠤᠳᠭᠠᠵᠤ᠂ ᠢᠳᠡᠪᠬᠢᠲᠡᠶ᠎ᠪᠡᠷ ᠬᠤᠪᠢᠷᠠᠯᠲᠠ᠎ᠶ᠋ᠢ ᠲᠠᠨᠢᠵᠤ ᠬᠤᠪᠢᠷᠠᠯᠲᠠ᠎ᠶ᠋ᠢ ᠠᠷᠭᠠᠴᠠᠭᠠᠨ ᠬᠤᠪᠢᠷᠠᠯᠳᠠ ᠵᠢ ᠬᠦᠭᠡᠭᠡᠴᠡᠯᠳᠦᠵᠦ᠂ ᠠᠵᠢᠯ᠎ᠢᠶᠠᠨ ᠨᠡᠩ ᠢᠯᠡᠭᠦᠦ ᠴᠢᠷᠮᠠᠢᠯᠭ᠎ᠠ᠎ᠲᠠᠶ ᠰᠠᠢᠲᠤᠷ ᠬᠢᠬᠦ᠌ ᠬᠡᠷᠡᠭ᠌ᠲᠡᠶ᠃ 《ᠠᠷᠪᠠᠨ ᠳᠠᠪᠤᠳᠤᠭᠠᠷ ᠳᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ ᠵᠢ ᠣᠨᠣᠴᠠᠲᠠᠶ ᠡᠵᠡᠮᠱᠢᠵᠦ᠂ ᠨᠠᠮ᠎ᠤᠨ ᠲᠥᠪ ᠬᠤᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠲᠣᠭ᠍ᠲᠠᠭᠠᠭ᠍ᠰᠠᠨ ᠵᠤᠷᠢᠯᠭ᠎ᠠ᠂ ᠲᠦᠷᠦ᠍᠎ᠶ᠋ᠢᠨ ᠪᠤᠳᠤᠯᠭ᠎ᠠ᠎ᠶ᠋ᠢᠨ ᠴᠢᠭ᠌ᠯᠡᠯ᠂ ᠬᠡᠷᠡᠭ᠌ᠵᠢᠭᠦᠯᠬᠦ᠌ ᠠᠷᠭ᠎ᠠ ᠵᠠᠮ᠎ᠢ ᠰᠡᠳᠭᠢᠯ ᠲᠠᠯᠪᠢᠨ ᠣᠢᠯᠠᠭᠠᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠲᠦᠭᠡᠨ ᠪᠠᠢᠭᠤᠯᠬᠤ ᠲᠠᠯ᠎ᠠ ᠪᠡᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠱᠢᠨ᠎ᠡ ᠴᠠᠭ ᠦᠶ᠎ᠡ᠎ᠳᠦ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠵᠤ᠂ ᠪᠦᠬᠦ᠌ ᠤᠯᠤᠰ᠎ᠲᠠᠶ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠲᠠᠯ᠎ᠠ᠎ᠪᠠᠷ ᠱᠢᠢᠳᠪᠦᠷᠢᠯᠡᠭ᠌ᠴᠢ ᠴᠢᠨᠠᠷᠲᠠᠢ ᠠᠬᠢᠴᠠ᠎ᠲᠠᠶ ᠪᠣᠯᠬᠤ᠎ᠶ᠋ᠢ ᠦᠨᠡᠨ ᠬᠦ᠌ ᠪᠠᠲᠤᠯᠠᠬᠤ ᠬᠡᠷᠡᠭᠳᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠪᠦᠬᠦ᠌ ᠣᠷᠣᠨ᠎ᠤ ᠡᠯ᠎ᠡ ᠱᠠᠲᠤᠨ᠎ᠤ ᠬᠢᠨ ᠱᠢᠨ᠎ᠡ ᠴᠠᠭ ᠦᠶ᠎ᠡ᠎ᠶ᠋ᠢᠨ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ᠎ᠤᠨ ᠱᠠᠭᠠᠷᠳᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶ᠎ᠠ᠎ᠶᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠺᠠᠳ᠋ᠷ᠎ᠤᠨ ᠡᠩᠨᠡᠭᠡ ᠪᠣᠯᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠴᠢᠩᠭᠠᠳᠭᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠠᠬᠢᠭᠤᠯᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠵᠤ᠂ ᠱᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠬᠦᠲᠦᠯᠦᠨ ᠳᠠᠭᠠᠭᠤᠯᠬᠤ ᠬᠡᠷᠡᠭ᠌ᠲᠡᠢ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠨᠡᠩ ᠢᠳᠡᠪᠬᠢᠲᠡᠢ ᠰᠠᠨᠠᠭᠠᠴᠢᠯᠠᠭ᠎ᠠ ᠡᠴᠡ᠎ᠪᠠᠨ ᠣᠷᠣᠯᠴᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠲᠠᠰᠤᠷᠠᠯᠳᠠ ᠦᠭᠡᠢ ᠪᠢᠴᠢᠭ᠌ᠯᠡᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠰᠤᠷᠤᠯᠴᠠᠯᠭ᠎ᠠ ᠵᠢᠨ ᠠᠩᠭᠢ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠢ᠎ᠠ᠎ᠶᠢᠨ ᠰᠠᠨᠠᠭᠤᠯᠭ᠎ᠠ》 ᠳ᠋ᠤ᠌ ᠲᠠᠢᠯᠤᠮᠵᠢ ᠬᠢᠵᠦ᠍᠂ ᠣᠷᠣᠨ ᠨᠤᠲᠤᠭ᠎ᠤᠨ ᠲᠥᠯᠥᠪᠵᠢᠭᠦᠯᠭᠡ ᠪᠠ ᠲᠤᠰᠭᠠᠶ ᠲᠥᠯᠥᠪᠵᠢᠭᠦᠯᠭᠡ᠎ᠶ᠋ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠨᠠᠢᠷᠠᠭᠤᠯᠤᠨ ᠵᠣᠬᠢᠶᠠᠬᠤ ᠲᠤᠬᠠᠶ ᠬᠠᠪᠰᠤᠷᠤᠨ ᠵᠢᠯᠣᠭᠣᠳᠪᠠ᠃
ᠰᠤᠷᠤᠯᠴᠠᠯᠭ᠎ᠠ ᠵᠢᠨ ᠠᠩᠭᠢ ᠵᠢ ᠸᠢᠳᠢᠣ᠋ ᠬᠡᠯᠪᠡᠷᠢ᠎ᠪᠡᠷ ᠶᠠᠪᠤᠭ᠍ᠳᠠᠭᠤᠯᠵᠤ᠂ ᠡᠯ᠎ᠡ ᠠᠢᠮᠠᠭ ᠬᠣᠲᠠ᠂ ᠬᠣᠱᠢᠭᠤ ᠱᠢᠶᠠᠨ (ᠬᠣᠲᠠ᠂ ᠲᠣᠭᠣᠷᠢᠭ)᠎ᠳ᠋ᠤ ᠬᠤᠪᠢᠶᠠᠷᠢ ᠬᠤᠷᠠᠯ᠎ᠤᠨ ᠲᠠᠯᠠᠪᠠᠶ ᠲᠣᠬᠢᠷᠠᠭᠤᠯᠪᠠ᠃