ᠲᠡᠷᠢᠭᠦᠨ ᠬᠠᠭᠤᠳᠠᠰᠤ   -   ᠴᠢᠬᠤᠯᠠ ᠮᠡᠳᠡᠭᠡ
《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ (ᠨᠠᠮ᠎ᠤᠨ ᠬᠣᠷᠢᠳᠤᠭᠠᠷ ᠬᠤᠭᠤᠴᠠᠭᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠣᠷᠣᠯᠴᠠᠨ ᠲᠤᠭᠤᠰᠢᠯᠠᠭᠤᠯᠤᠶ᠎ᠠ)
ᠨᠡᠶ᠋ᠢᠲᠡᠯᠡᠭᠰᠡᠨ ᠴᠠᠭ᠄ 2025-10-31

ᠯᠢ ᠴᠢᠶᠠᠩ

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯᠳᠤᠭᠠᠨ᠎ᠢᠶᠠᠷ ᠪᠠᠲᠤᠯᠠᠭᠰᠠᠨ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ》 (ᠳᠣᠷᠣᠭ᠍ᠰᠢ 《ᠰᠠᠨᠠᠭᠤᠯᠭ᠎ᠠ》 ᠭᠡᠵᠦ ᠲᠣᠪᠴᠢᠯᠠᠪᠠ)᠎ᠳᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ᠎ᠶᠢ ᠲᠣᠳᠣᠷᠬᠠᠢ ᠳᠤᠷᠠᠳᠴᠤ᠂ ᠢᠷᠡᠭᠡᠳᠦᠢ᠎ᠶᠢᠨ ᠲᠠᠪᠤᠨ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠠᠵᠢᠯ᠎ᠢ ᠰᠠᠢᠲᠤᠷ ᠬᠢᠬᠦ᠎ᠳᠦ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭᠠᠵᠤ᠂ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠶᠢ ᠬᠠᠩᠭᠠᠪᠠ᠃ ᠪᠢᠳᠡ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢ ᠣᠨᠣᠪᠴᠢᠲᠠᠶ ᠣᠢᠯᠠᠭᠠᠨ ᠡᠵᠡᠮᠰᠢᠵᠦ᠂ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠠᠢᠲᠤᠷ ᠲᠣᠭᠲᠠᠭᠠᠨ ᠬᠡᠷᠡᠭᠵᠢᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠪᠠᠢᠳᠠᠯ᠎ᠢ ᠬᠦᠴᠦᠯᠡᠨ ᠪᠤᠢ ᠪᠣᠯᠭᠠᠬᠤ ᠬᠡᠷᠡᠭᠲᠡᠢ᠃

ᠨᠢᠭᠡ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭᠵᠢᠯᠲᠡ᠎ᠶᠢᠨ ᠣᠷᠣᠰᠢᠵᠤ ᠪᠠᠢᠭ᠎ᠠ ᠲᠡᠦᠬᠡᠲᠦ ᠣᠷᠣᠨ ᠪᠠᠢᠷᠢ᠎ᠶᠢ ᠣᠨᠣᠪᠴᠢᠲᠠᠶ ᠡᠵᠡᠮᠳᠡᠬᠦ ᠬᠡᠷᠡᠭᠲᠡᠢ

《ᠰᠠᠨᠠᠭᠤᠯᠭ᠎ᠠ》᠎ᠳᠤ ᠵᠢᠭᠠᠵᠤ ᠭᠠᠷᠭᠠᠭᠰᠠᠨ᠎ᠢᠶᠠᠷ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠦ᠎ᠪᠡᠨ ᠪᠡᠶᠡᠯᠡᠭᠦᠯᠬᠦ ᠶᠠᠪᠤᠴᠠ᠎ᠳᠤ ᠤᠷᠢᠳᠤᠬᠢ᠎ᠶᠢ ᠵᠠᠯᠭᠠᠮᠵᠢᠯᠠᠨ ᠢᠷᠡᠭᠡᠳᠦᠢ᠎ᠶᠢ ᠨᠡᠭᠡᠭᠡᠬᠦ ᠴᠢᠬᠤᠯᠠ ᠪᠠᠢᠷᠢ ᠰᠠᠭᠤᠷᠢ ᠲᠠᠢ ᠪᠠᠢᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠦ᠎ᠪᠡᠨ ᠪᠡᠶᠡᠯᠡᠭᠦᠯᠬᠦ᠎ᠳᠦ ᠰᠠᠭᠤᠷᠢ᠎ᠶᠢ ᠪᠠᠲᠤᠳᠬᠠᠬᠤ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠬᠤᠭᠤᠴᠠᠭ᠎ᠠ ᠮᠥᠨ᠃ ᠪᠢᠳᠡ ᠥᠷᠭᠡᠨ ᠬᠠᠷᠠᠭᠠᠰᠤ ᠪᠠ ᠪᠠᠢᠯᠳᠤᠬᠤ ᠪᠣᠳᠣᠯᠭ᠎ᠠ᠎ᠶᠢᠨ ᠬᠠᠷᠠᠴᠠ᠎ᠪᠠᠷ ᠤᠯᠤᠰ᠎ᠤᠨ ᠳᠣᠲᠣᠭᠠᠳᠤ᠎ᠶᠢᠨ ᠪᠠ ᠣᠯᠠᠨ ᠤᠯᠤᠰ᠎ᠤᠨ ᠬᠣᠶᠠᠷ ᠶᠡᠬᠡ ᠲᠠᠯ᠎ᠠ᠎ᠶᠢ ᠨᠢᠭᠡᠳᠦᠯᠲᠡᠢ ᠲᠥᠯᠥᠪᠯᠡᠵᠦ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭᠵᠢᠯᠲᠡ᠎ᠶᠢᠨ ᠣᠷᠣᠰᠢᠵᠤ ᠪᠠᠢᠭ᠎ᠠ ᠲᠡᠦᠬᠡᠳᠦ ᠣᠷᠣᠨ ᠪᠠᠢᠷᠢ᠎ᠶᠢ ᠣᠨᠣᠪᠴᠢᠲᠠᠶ ᠡᠵᠡᠮᠳᠡᠬᠦ ᠬᠡᠷᠡᠭᠲᠡᠢ᠃

《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠬᠥᠭᠵᠢᠯᠲᠡ᠎ᠶᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠲᠡᠦᠬᠡᠨ᠎ᠳᠦ ᠲᠠᠯᠪᠢᠵᠤ ᠪᠠᠢᠭᠠᠳ ᠡᠵᠡᠮᠳᠡᠬᠦ ᠬᠡᠷᠡᠭᠲᠡᠢ᠃ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠪᠡᠶᠡᠯᠡᠭᠦᠯᠬᠦ ᠪᠣᠯ ᠨᠢᠭᠡᠨ ᠱᠠᠲᠤᠯᠠᠨ ᠠᠬᠢᠭᠰᠠᠨ᠂ ᠲᠠᠰᠤᠷᠠᠯᠳᠠ ᠦᠭᠡᠢ ᠬᠥᠭᠵᠢᠨ ᠳᠠᠪᠰᠢᠵᠤ ᠪᠠᠢᠭ᠎ᠠ ᠲᠡᠦᠬᠡᠨ ᠶᠠᠪᠤᠴᠠ ᠮᠥᠨ᠃ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠠᠴᠠ ᠨᠠᠭᠠᠰᠢ᠂ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ ᠮᠠᠨ᠎ᠤ ᠤᠯᠤᠰ ᠲᠠᠪᠤᠨ ᠵᠢᠯ᠎ᠦᠨ ᠲᠥᠯᠦᠪᠵᠢᠭᠦᠯᠭᠡ (ᠲᠥᠯᠥᠪᠯᠡᠭᠡ)᠎ᠨᠦᠭᠦᠳ᠎ᠢ ᠵᠠᠯᠭᠠᠭ᠎ᠠ ᠵᠠᠯᠭᠠᠭ᠎ᠠ᠎ᠪᠠᠷ ᠲᠣᠭᠲᠠᠭᠠᠨ ᠬᠡᠷᠡᠭᠵᠢᠭᠦᠯᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠬᠦᠴᠦᠲᠡᠢ ᠬᠥᠲᠥᠯᠥᠨ ᠵᠢᠯᠤᠭᠣᠳᠴᠤ ᠠᠬᠢᠭᠤᠯᠪᠠ᠃ ᠣᠨᠴᠠᠭᠠᠢᠯᠠᠨ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠲᠡᠦᠬᠡᠲᠦ ᠡᠭᠦᠷᠭᠡ᠎ᠶᠢ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠮᠵᠢᠯᠲᠠ ᠲᠠᠢ᠎ᠪᠠᠷ ᠠᠬᠢᠭᠤᠯᠤᠨ ᠥᠷᠭᠡᠳᠬᠡᠪᠡ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠬᠣᠷᠢᠳᠤᠭᠠᠷ ᠶᠡᠬᠡ ᠬᠤᠷᠠᠯ᠎ᠢᠶᠠᠷ ᠨᠡᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠠᠢᠭᠤᠯᠬᠤ ᠲᠤᠬᠠᠢ 《ᠬᠣᠶᠠᠷ ᠠᠯᠬᠤᠮ᠎ᠢᠶᠠᠷ ᠶᠠᠪᠤᠬᠤ》 ᠪᠠᠢᠯᠳᠤᠬᠤ ᠪᠣᠳᠣᠯᠭ᠎ᠠ᠎ᠶᠢᠨ ᠲᠣᠬᠢᠷᠠᠭᠤᠯᠤᠯᠲᠠ ᠬᠢᠪᠡ᠂ ᠡᠭᠦᠨ᠎ᠳᠦ᠂ 2035 ᠣᠨ ᠪᠣᠯᠬᠤ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠦ᠎ᠪᠡᠨ ᠪᠡᠶᠡᠯᠡᠭᠦᠯᠬᠦ᠎ᠳᠦ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠦᠭᠰᠡᠨ᠎ᠦ ᠰᠠᠭᠤᠷᠢᠨ ᠳᠡᠭᠡᠷ᠎ᠡ᠂ 《ᠠᠷᠪᠠᠨ ᠳᠥᠷᠪᠡᠳᠦᠭᠡᠷ ᠲᠠᠪᠤᠨ ᠵᠢᠯ》᠎ᠡᠴᠡ 《ᠠᠷᠪᠠᠨ ᠵᠢᠷᠭᠤᠳᠤᠭᠠᠷ ᠲᠠᠪᠤᠨ ᠵᠢᠯ》 ᠬᠦᠷᠲᠡᠯᠡᠬᠢ ᠭᠤᠷᠪᠠᠨ ᠲᠠᠪᠤᠨ ᠵᠢᠯ᠎ᠦᠨ ᠲᠥᠯᠦᠪᠵᠢᠭᠦᠯᠭᠡ᠎ᠶᠢ ᠬᠡᠷᠡᠭᠵᠢᠭᠦᠯᠦᠭᠡᠳ ᠪᠡᠶᠡᠯᠡᠭᠦᠯᠬᠦ ᠪᠣᠯᠣᠨ᠎ᠠ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭ᠎ᠠ ᠨᠢ ᠤᠷᠢᠳᠤᠬᠢ᠎ᠶᠢ ᠵᠠᠯᠭᠠᠮᠵᠢᠯᠠᠨ ᠬᠣᠢᠰᠢᠬᠢ᠎ᠳᠤ ᠵᠠᠮ ᠨᠡᠭᠡᠭᠡᠬᠦ ᠲᠠᠪᠤᠨ ᠵᠢᠯ ᠪᠣᠯᠤᠭᠰᠠᠨ᠎ᠤ ᠬᠤᠪᠢ᠎ᠳᠤ᠂ ᠠᠵᠢᠯ᠎ᠤᠨ ᠲᠠᠯ᠎ᠠ᠎ᠪᠠᠷ ᠰᠠᠭᠤᠷᠢ᠎ᠪᠠᠨ ᠪᠠᠲᠤᠳᠬᠠᠵᠤ᠂ ᠪᠦᠬᠦ ᠲᠠᠯ᠎ᠠ᠎ᠪᠠᠷ ᠬᠦᠴᠦᠯᠡᠬᠦ ᠬᠡᠷᠡᠭᠲᠡᠢ᠃ ᠰᠠᠭᠤᠷᠢ᠎ᠪᠠᠨ ᠪᠠᠲᠤᠳᠬᠠᠬᠤ ᠭᠡᠳᠡᠭ ᠨᠢ ᠳᠠᠷᠤᠢ ᠴᠥᠬᠥᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠵᠦ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠦ᠎ᠪᠡᠨ ᠪᠡᠶᠡᠯᠡᠭᠦᠯᠬᠦ᠎ᠳᠦ ᠨᠡᠩ ᠪᠠᠲᠤ ᠪᠡᠬᠢ ᠰᠠᠭᠤᠷᠢ ᠲᠠᠯᠪᠢᠬᠤ ᠶᠠᠪᠤᠳᠠᠯ᠎ᠢ ᠵᠢᠭᠠᠵᠤ ᠪᠣᠢ᠃ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠯᠤᠰ ᠡᠷᠢᠨ ᠵᠠᠭᠤᠨ᠎ᠤ ᠡᠬᠢᠨ᠎ᠳᠦ ᠲᠣᠬᠢᠶᠠᠯᠳᠤᠭᠰᠠᠨ ᠬᠢᠵᠢᠭ᠎ᠦᠨ ᠬᠦᠨᠳᠦ ᠨᠣᠴᠢᠲᠠᠢ ᠳᠠᠭᠠᠷᠢᠯᠲᠠ ᠪᠠ ᠠᠯᠢ ᠤᠯᠠᠨ ᠬᠦᠨᠳᠦ ᠶᠡᠬᠡ ᠠᠶᠤᠯ ᠲᠦᠭᠰᠢᠭᠦᠷᠢ᠎ᠶᠢᠨ ᠰᠢᠯᠭᠠᠯᠲᠠ᠎ᠶᠢ ᠪᠦᠲᠦᠮᠵᠢᠲᠡᠶ᠎ᠪᠡᠷ ᠠᠷᠭᠠᠴᠠᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠴᠢᠬᠤᠯᠠ ᠶᠡᠬᠡ ᠰᠢᠨ᠎ᠡ ᠠᠮᠵᠢᠯᠲᠠ ᠪᠦᠲᠦᠮᠵᠢ ᠣᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠯ᠎ᠦᠨ ᠬᠠᠷᠠᠯᠲᠠ᠎ᠶᠢᠨ ᠰᠢᠨ᠎ᠡ ᠠᠶᠠᠨ ᠰᠠᠢᠨ ᠡᠬᠢᠯᠡᠯᠲᠡ᠎ᠶᠢ ᠣᠯᠪᠠ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠬᠥᠭᠵᠢᠯᠲᠡ ᠪᠠ ᠠᠮᠤᠷ ᠲᠦᠪᠰᠢᠨ᠎ᠳᠦ ᠰᠠᠭᠤᠷᠢ ᠴᠢᠨᠠᠷᠲᠠᠢ ᠨᠥᠯᠥᠭᠡ ᠦᠵᠡᠭᠦᠯᠬᠦ ᠶᠠᠪᠤᠳᠠᠯ᠎ᠢ ᠨᠡᠩ ᠢᠯᠡᠭᠦᠦ ᠠᠩᠬᠠᠷᠴᠤ᠂ ᠳᠠᠪᠠᠭᠤᠯᠢᠭ᠋᠎ᠢᠶᠠᠨ ᠪᠡᠬᠢᠵᠢᠭᠦᠯᠦᠨ ᠥᠷᠭᠡᠳᠬᠡᠵᠦ᠂ ᠪᠣᠭᠣᠮᠢ ᠬᠢᠵᠠᠭᠠᠷᠯᠠᠯ᠎ᠢ ᠡᠪᠳᠡᠵᠦ᠂ ᠳᠤᠲᠠᠭᠤᠳᠠᠯ ᠪᠠᠭᠤᠷᠠᠢ᠎ᠪᠠᠨ ᠨᠥᠬᠥᠪᠦᠷᠢᠯᠡᠨ᠂ ᠨᠡᠩ ᠲᠣᠭᠲᠠᠭᠤᠨ ᠬᠥᠭᠵᠢᠯᠲᠡ᠎ᠶᠢᠨ ᠰᠠᠭᠤᠷᠢ ᠲᠠᠢ᠂ ᠨᠡᠩ ᠴᠢᠩᠭ᠎ᠠ ᠤᠶᠠᠨ ᠬᠠᠳᠠᠨ ᠴᠢᠨᠠᠷ ᠲᠠᠢ ᠪᠣᠯᠭᠠᠬᠤ ᠬᠡᠷᠡᠭᠲᠡᠢ᠃ ᠪᠦᠬᠦ ᠲᠠᠯ᠎ᠠ᠎ᠪᠠᠷ ᠬᠦᠴᠦᠯᠡᠬᠦ ᠭᠡᠳᠡᠭ ᠨᠢ ᠳᠠᠷᠤᠢ ᠬᠠᠷᠠᠯᠲᠠ᠎ᠪᠠᠨ ᠲᠣᠭᠲᠠᠭᠠᠵᠤ᠂ 《ᠲᠠᠪᠤ᠎ᠶᠢ ᠨᠢᠭᠡ ᠴᠣᠭᠴᠠᠵᠢᠭᠤᠯᠬᠤ》 ᠶᠡᠷᠦᠩᠬᠡᠢ ᠪᠠᠢᠷᠢᠰᠢᠭᠤᠯᠤᠯᠲᠠ᠂ 《ᠳᠦᠷᠪᠡᠨ ᠪᠦᠬᠦ ᠲᠠᠯ᠎ᠠ》᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠶᠢᠨ ᠲᠣᠭᠣᠷᠢᠨ᠎ᠳᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠬᠦᠷᠢᠶᠡᠨ᠎ᠳᠦ ᠬᠠᠮᠵᠢᠯᠴᠠᠨ ᠬᠦᠴᠦᠯᠡᠬᠦ᠎ᠳᠦ ᠠᠩᠬᠠᠷᠤᠯ ᠲᠥᠪᠯᠡᠷᠡᠭᠦᠯᠵᠦ᠂ ᠰᠢᠰᠲ᠋ᠧᠮ᠎ᠦᠨ ᠴᠢᠨᠠᠷᠲᠠᠢ ᠰᠢᠪᠲᠤᠯᠤᠯᠲᠠ᠂ ᠪᠦᠬᠦᠯᠢ ᠴᠣᠭᠴᠠ᠎ᠶᠢᠨ ᠴᠢᠨᠠᠷᠲᠠᠢ ᠳᠡᠭᠡᠭᠰᠢᠯᠡᠯᠲᠡ᠎ᠶᠢ ᠪᠡᠶᠡᠯᠡᠭᠦᠯᠬᠦ ᠶᠠᠪᠤᠳᠠᠯ᠎ᠢ ᠵᠢᠭᠠᠵᠤ ᠪᠣᠢ᠃ ᠴᠢᠨᠠᠷ ᠰᠠᠢᠲᠠᠢ ᠬᠥᠭᠵᠢᠯᠲᠡ᠎ᠶᠢᠨ ᠢᠯᠡᠳᠲᠡ ᠦᠷ᠎ᠡ ᠪᠦᠲᠦᠮᠵᠢ ᠣᠯᠬᠤ᠎ᠶᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠬᠦ ᠲᠠᠯ᠎ᠠ᠎ᠳᠤ ᠬᠣᠯᠪᠣᠭᠳᠠᠬᠤ ᠪᠠᠢᠯᠳᠤᠬᠤ ᠪᠣᠳᠣᠯᠭ᠎ᠠ᠎ᠶᠢᠨ ᠡᠭᠦᠷᠭᠡ᠎ᠶᠢᠨ ᠴᠢᠬᠤᠯᠠ ᠶᠡᠬᠡ ᠰᠢᠪᠲᠤᠯᠤᠯᠲᠠ ᠲᠠᠢ ᠪᠣᠯᠬᠤ᠎ᠶᠢ ᠠᠬᠢᠭᠤᠯᠵᠤ᠂ ᠳᠤᠮᠳᠠ ᠵᠡᠷᠭᠡ᠎ᠶᠢᠨ ᠬᠥᠭᠵᠢᠭᠰᠡᠨ ᠤᠯᠤᠰ ᠲᠡᠢᠰᠢ ᠯᠠᠪᠳᠠᠭᠤᠨ᠎ᠢᠶᠠᠷ ᠤᠷᠤᠭᠰᠢᠯᠠᠨ᠎ᠠ᠃

《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠥᠭᠵᠢᠯᠲᠡ᠎ᠶᠢ ᠳᠡᠯᠡᠬᠡᠢ᠎ᠶᠢᠨ ᠵᠠᠭᠤᠨ ᠵᠢᠯ᠎ᠦᠨ ᠬᠤᠪᠢᠷᠠᠯᠲᠠ᠎ᠶᠢᠨ ᠭᠦᠨᠵᠡᠭᠡᠢ ᠬᠤᠪᠢᠰᠤᠯᠲᠠ᠎ᠳᠤ ᠲᠠᠯᠪᠢᠵᠤ ᠪᠠᠢᠭᠠᠳ ᠡᠵᠡᠮᠳᠡᠬᠦ ᠬᠡᠷᠡᠭᠲᠡᠢ᠃ ᠣᠳᠣᠬᠠᠨ᠎ᠤ ᠳᠡᠯᠡᠬᠡᠢ ᠶᠢᠷᠲᠢᠨᠴᠦ᠎ᠳᠦ ᠣᠷᠣᠭ᠎ᠠ ᠪᠤᠰᠬᠠᠭ᠎ᠠ ᠬᠤᠪᠢᠰᠤᠯᠲᠠ ᠰᠢᠷᠦᠭᠦᠰᠴᠦ᠂ ᠵᠠᠷᠢᠮ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠎ᠦᠨ ᠠᠵᠢᠯᠯᠠᠭ᠎ᠠ ᠨᠢ ᠤᠯᠠᠨ ᠤᠯᠤᠰ᠎ᠤᠨ ᠳᠦᠷᠢᠮ ᠪᠠ ᠡᠮᠬᠢ ᠵᠢᠷᠤᠮ᠎ᠢ ᠬᠦᠨᠳᠦ ᠨᠣᠴᠢᠲᠠᠢ ᠲᠠᠭᠠᠷᠢᠵᠤ ᠪᠠᠢᠬᠤ᠎ᠶᠢᠨ ᠵᠡᠷᠭᠡ᠎ᠪᠡᠷ ᠰᠢᠨ᠎ᠡ ᠨᠢᠭᠡᠨ ᠡᠭᠡᠯᠵᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠪᠠ ᠠᠵᠤ ᠦᠢᠯᠡᠰ᠎ᠦᠨ ᠬᠤᠪᠢᠰᠤᠯᠲᠠ᠎ᠶᠢᠨ ᠲᠠᠯ᠎ᠠ᠎ᠪᠠᠷ ᠲᠦᠷᠭᠡᠪᠴᠢᠯᠡᠨ ᠰᠢᠪᠲᠤᠯᠤᠯᠲᠠ ᠭᠠᠷᠴᠤ᠂ ᠤᠯᠤᠰ᠎ᠤᠳ᠎ᠤᠨ ᠬᠣᠭᠣᠷᠣᠨᠳᠣᠬᠢ ᠥᠷᠢᠰᠦᠯᠳᠦᠭᠡᠨ ᠪᠠ ᠬᠠᠮᠲᠤᠷᠠᠯᠴᠠᠭᠠᠨ᠎ᠤ ᠬᠠᠷᠢᠴᠠᠭ᠎ᠠ᠎ᠶᠢ ᠲᠠᠬᠢᠨ ᠰᠢᠨ᠎ᠡ᠎ᠪᠡᠷ ᠴᠣᠭᠴᠠᠯᠠᠬᠤ᠎ᠳᠤ ᠲᠤᠯᠭᠠᠷᠠᠵᠤ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠪᠦᠬᠦ ᠪᠥᠮᠪᠥᠷᠴᠡᠭ᠎ᠦᠨ ᠤᠯᠤᠰ ᠲᠦᠷᠦ ᠠᠵᠤ ᠠᠬᠤᠢ᠎ᠶᠢᠨ ᠲᠥᠯᠥᠪ ᠪᠠᠢᠳᠠᠯ ᠦᠷᠭᠦᠯᠵᠢᠯᠡᠨ ᠶᠡᠬᠡ ᠲᠣᠬᠢᠷᠠᠭᠤᠯᠤᠯᠲᠠ᠂ ᠶᠡᠬᠡ ᠵᠠᠳᠠᠷᠠᠯ᠂ ᠶᠡᠬᠡ ᠴᠣᠭᠴᠠᠯᠠᠯᠲᠠ᠎ᠶᠢ ᠥᠩᠭᠡᠷᠡᠭᠡᠬᠦ ᠪᠣᠯᠣᠨ᠎ᠠ᠂ ᠲᠣᠭᠲᠠᠭᠤᠨ ᠪᠤᠰᠤ ᠵᠢᠱ᠌ᠢᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠢᠨ᠎ᠠ᠂ ᠭᠡᠲᠡᠯ᠎ᠡ ᠳᠡᠯᠡᠬᠡᠢ᠎ᠶᠢᠨ ᠤᠯᠠᠨ ᠲᠤᠢᠯᠰᠢᠷᠠᠯ᠂ ᠠᠵᠤ ᠠᠬᠤᠢ᠎ᠶᠢᠨ ᠳᠡᠯᠡᠬᠡᠢᠴᠢᠯᠡᠯᠲᠡ᠎ᠶᠢᠨ ᠶᠡᠬᠡ ᠬᠠᠨᠳᠤᠰᠢ ᠪᠤᠴᠠᠰᠢ ᠦᠭᠡᠢ ᠪᠣᠯᠵᠤ᠂ ᠮᠠᠨ᠎ᠤ ᠤᠯᠤᠰ᠎ᠤᠨ ᠬᠥᠭᠵᠢᠯᠲᠡ᠎ᠳᠦ ᠲᠤᠯᠭᠠᠷᠠᠵᠤ ᠪᠠᠢᠭ᠎ᠠ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠠ ᠠᠶᠤᠯ ᠲᠦᠭᠰᠢᠭᠦᠷᠢ᠎ᠶᠢᠨ ᠥᠷᠢᠰᠦᠯᠳᠦᠭᠡᠨ ᠵᠡᠷᠭᠡ᠎ᠪᠡᠷ ᠣᠷᠣᠰᠢᠵᠤ ᠪᠠᠢᠨ᠎ᠠ᠃ ᠡᠨᠡ ᠨᠢ ᠳᠠᠷᠤᠢ ᠪᠢᠳᠡᠨ᠎ᠢ ᠲᠦᠭᠰᠢᠭᠦᠷᠢ ᠪᠠ ᠲᠣᠬᠢᠶᠠᠯ᠂ ᠲᠣᠭᠲᠠᠪᠤᠷᠢᠲᠤ ᠴᠢᠨᠠᠷ ᠪᠠ ᠲᠣᠭᠲᠠᠪᠤᠷᠢᠲᠤ ᠪᠤᠰᠤ ᠴᠢᠨᠠᠷ᠎ᠤᠨ ᠬᠤᠪᠢᠰᠤᠩᠭᠤᠢ ᠬᠠᠷᠢᠴᠠᠭ᠎ᠠ᠎ᠶᠢ ᠨᠡᠩ ᠰᠠᠢᠲᠤᠷ ᠡᠵᠡᠮᠳᠡᠬᠦ᠂ ᠥᠷᠢᠰᠦᠯᠳᠦᠭᠡᠨ᠎ᠢ ᠨᠡᠩ ᠢᠳᠡᠪᠬᠢᠲᠡᠢ ᠪᠥᠭᠡᠳ ᠪᠦᠲᠦᠮᠵᠢᠲᠡᠶ᠎ᠪᠡᠷ ᠠᠷᠭᠠᠴᠠᠵᠤ᠂ ᠬᠥᠭᠵᠢᠯᠲᠡ᠎ᠶᠢ ᠠᠬᠢᠭᠤᠯᠬᠤ᠎ᠶᠢ ᠱᠠᠭᠠᠷᠳᠠᠵᠤ ᠪᠠᠢᠨ᠎ᠠ᠃ ᠨᠢᠭᠡ ᠲᠠᠯ᠎ᠠ᠎ᠪᠠᠷ᠂ ᠳᠡᠯᠡᠬᠡᠢ ᠳ᠋ᠠᠬᠢᠨ᠎ᠢ ᠪᠠᠷᠠᠯᠠᠨ᠂ ᠢᠳᠡᠪᠬᠢᠲᠡᠢ᠎ᠪᠡᠷ ᠬᠤᠪᠢᠷᠠᠯᠲᠠ᠎ᠶᠢ ᠲᠠᠨᠢᠵᠤ ᠬᠤᠪᠢᠷᠠᠯᠲᠠ᠎ᠶᠢ ᠠᠷᠭᠠᠴᠠᠬᠤ᠎ᠪᠠᠷ ᠴᠢᠷᠮᠠᠢᠵᠤ᠂ ᠬᠤᠷᠴᠠ ᠰᠢᠷᠦᠭᠦᠨ ᠤᠯᠠᠨ ᠤᠯᠤᠰ᠎ᠤᠨ ᠥᠷᠢᠰᠦᠯᠳᠦᠭᠡᠨ᠎ᠦ ᠳᠤᠮᠳᠠ ᠪᠠᠢᠯᠳᠤᠬᠤ ᠪᠣᠳᠣᠯᠭ᠎ᠠ᠎ᠶᠢᠨ ᠰᠠᠨᠠᠭᠠᠴᠢᠯᠠᠭᠠᠲᠤ ᠡᠷᠬᠡ᠎ᠶᠢ ᠣᠯᠬᠤ ᠬᠡᠷᠡᠭᠲᠡᠢ᠃ ᠳᠡᠯᠡᠬᠡᠢ᠎ᠶᠢᠨ ᠪᠠᠢᠳᠠᠯ᠎ᠤᠨ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ᠎ᠶᠢᠨ ᠡᠮᠦᠨ᠎ᠡ᠂ ᠮᠠᠨ᠎ᠤ ᠤᠯᠤᠰ᠎ᠤᠨ ᠬᠥᠭᠵᠢᠯᠲᠡ᠎ᠳᠦ ᠦᠵᠡᠭᠦᠯᠬᠦ ᠰᠢᠨ᠎ᠡ ᠪᠠᠢᠳᠠᠯ ᠰᠢᠨ᠎ᠡ ᠬᠠᠨᠳᠤᠰᠢ᠎ᠶᠢᠨ ᠨᠥᠯᠥᠭᠡ᠎ᠶᠢ ᠪᠠᠷᠠᠯᠠᠯ ᠲᠠᠢ᠎ᠪᠠᠷ ᠡᠵᠡᠮᠳᠡᠵᠦ᠂ ᠮᠠᠨ᠎ᠤ ᠤᠯᠤᠰ ᠪᠠ ᠳᠡᠯᠡᠬᠡᠢ᠎ᠶᠢᠨ ᠬᠠᠷᠢᠴᠠᠭᠠᠨ᠎ᠤ ᠰᠢᠨ᠎ᠡ ᠲᠥᠯᠥᠪ ᠪᠠᠢᠳᠠᠯ᠎ᠢ ᠪᠤᠢ ᠪᠣᠯᠭᠠᠵᠤ᠂ ᠮᠠᠨ᠎ᠤ ᠤᠯᠤᠰ᠎ᠲᠤ ᠠᠰᠢᠭ᠍ᠲᠠᠢ ᠭᠠᠳᠠᠭᠠᠳᠤ ᠣᠷᠴᠢᠨ ᠨᠥᠬᠥᠴᠡᠯ᠎ᠢ ᠪᠤᠢ ᠪᠣᠯᠭᠠᠬᠤ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠵᠦ᠂ ᠪᠡᠶ᠎ᠡ᠎ᠪᠡᠨ ᠳᠠᠭᠠᠭᠠᠵᠤ ᠨᠡᠭᠡᠭᠡᠯᠲᠡ ᠬᠢᠬᠦ᠎ᠶᠢ ᠢᠳᠡᠪᠬᠢᠲᠡᠢ ᠥᠷᠭᠡᠳᠬᠡᠵᠦ᠂ ᠠᠷᠠᠯᠵᠢᠶ᠎ᠠ ᠪᠡᠯᠡ ᠣᠷᠣᠭᠤᠯᠤᠯᠲᠠ᠎ᠶᠢᠨ ᠬᠠᠮᠲᠤᠷᠠᠯᠴᠠᠭᠠᠨ᠎ᠤ ᠴᠢᠨᠠᠷ ᠴᠢᠨᠰᠠᠭ᠎ᠠ ᠪᠠ ᠬᠢᠷᠢ ᠲᠦᠪᠰᠢᠨ᠎ᠢᠶᠡᠨ ᠳᠡᠭᠡᠭᠰᠢᠯᠡᠭᠦᠯᠵᠦ᠂ ᠤᠯᠠᠨ ᠡᠰᠢᠲᠦ ᠲᠣᠭᠲᠠᠭᠤᠨ ᠪᠠᠢᠬᠤ ᠭᠠᠳᠠᠭᠠᠳᠤ᠎ᠶᠢᠨ ᠵᠠᠬ᠎ᠠ ᠳᠡᠯᠭᠡᠭᠦᠷ᠎ᠢ ᠨᠡᠭᠡᠭᠡᠵᠦ᠂ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠢ᠎ᠪᠠᠷ ᠬᠠᠮᠲᠤ᠎ᠪᠠᠷ ᠪᠠᠢᠭᠤᠯᠵᠤ᠂ ᠪᠦᠬᠦ ᠪᠥᠮᠪᠥᠷᠴᠡᠭ᠎ᠦᠨ ᠠᠵᠤ ᠦᠢᠯᠡᠰ᠎ᠦᠨ ᠠᠵᠢᠯ᠎ᠤᠨ ᠬᠤᠪᠢᠶᠠᠷᠢᠯᠠᠯ᠎ᠳᠠᠬᠢ ᠮᠠᠨ᠎ᠤ ᠤᠯᠤᠰ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠤᠯᠠᠨ ᠤᠯᠤᠰ᠎ᠤᠨ ᠣᠷᠴᠢᠯ᠎ᠳᠠᠬᠢ ᠦᠭᠡ ᠶᠠᠷᠢᠶᠠᠨ᠎ᠤ ᠡᠷᠬᠡ᠎ᠪᠡᠨ ᠨᠡᠮᠡᠭᠳᠡᠭᠦᠯᠬᠦ ᠬᠡᠷᠡᠭᠲᠡᠢ᠃ ᠨᠦᠭᠦᠭᠡ ᠲᠠᠯ᠎ᠠ᠎ᠪᠠᠷ᠂ ᠤᠯᠤᠰ᠎ᠤᠨ ᠳᠣᠲᠣᠭᠠᠳᠤ᠎ᠳᠤ᠎ᠪᠠᠨ ᠰᠠᠭᠤᠷᠢᠯᠠᠵᠤ᠂ ᠬᠦᠴᠦ᠎ᠪᠡᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠂ ᠴᠢᠨᠠᠷ ᠰᠠᠢᠲᠠᠢ ᠬᠥᠭᠵᠢᠯᠲᠡ᠎ᠶᠢᠨ ᠲᠣᠭᠲᠠᠪᠤᠷᠢᠲᠤ ᠴᠢᠨᠠᠷ᠎ᠢᠶᠠᠷ ᠡᠯ᠎ᠡ ᠵᠦᠢᠯ᠎ᠦᠨ ᠲᠣᠭᠲᠠᠪᠤᠷᠢᠲᠤ ᠪᠤᠰᠤ ᠴᠢᠨᠠᠷ᠎ᠢ ᠠᠷᠭᠠᠴᠠᠬᠤ ᠬᠡᠷᠡᠭᠲᠡᠢ᠃ ᠳᠡᠯᠡᠬᠡᠢ ᠨᠡᠢᠲᠡ᠎ᠳᠦ ᠲᠣᠬᠢᠶᠠᠯᠳᠤᠵᠤ ᠮᠡᠳᠡᠬᠦ ᠪᠡᠷᠬᠡ ᠪᠠᠷᠲᠠᠭ᠎ᠠ ᠴᠢᠨᠠᠭᠰᠢᠯᠠᠪᠠᠯ ᠲᠤᠬ᠍ᠰᠢᠨ ᠰᠠᠯᠬᠢ ᠰᠢᠷᠦᠭᠦᠨ ᠳᠠᠪᠠᠯᠭᠠᠨ᠎ᠤ ᠡᠮᠦᠨ᠎ᠡ᠂ ᠤᠯᠤᠰ᠎ᠤᠨ ᠳᠣᠲᠣᠭᠠᠳᠤ᠎ᠶᠢᠨ ᠬᠥᠭᠵᠢᠯᠲᠡ᠎ᠶᠢᠨ ᠡᠷᠡᠭᠦᠯ ᠲᠣᠭᠲᠠᠭᠤᠨ ᠪᠠᠢᠬᠤ᠎ᠶᠢ ᠪᠠᠲᠤᠯᠠᠳᠠᠭ ᠯᠠ ᠶᠤᠮ ᠪᠣᠯ ᠪᠢᠳᠡ ᠳᠠᠭᠠᠷᠢᠯᠲᠠ᠎ᠶᠢ ᠡᠰᠡᠷᠭᠦᠴᠡᠨ ᠲᠤᠯᠵᠤ᠂ ᠰᠢᠯᠭᠠᠯᠲᠠ᠎ᠶᠢ ᠠᠷᠭᠠᠴᠠᠬᠤ᠎ᠳᠤ ᠨᠡᠩ ᠢᠲᠡᠭᠡᠯ ᠬᠦᠴᠦᠨ ᠲᠠᠢ ᠪᠣᠯᠬᠤ ᠶᠤᠮ᠃ ᠴᠢᠨᠠᠷ ᠰᠠᠢᠲᠠᠢ ᠬᠥᠭᠵᠢᠯᠲᠡ᠎ᠶᠢᠨ ᠱᠠᠭᠠᠷᠳᠠᠯᠭ᠎ᠠ᠎ᠶᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠬᠦᠷᠢᠶ᠎ᠡ ᠡᠯ᠎ᠡ ᠲᠠᠯ᠎ᠠ᠎ᠳᠤ ᠲᠤᠭᠤᠰᠢᠯᠠᠭᠤᠯᠵᠤ᠂ ᠬᠥᠭᠵᠢᠯᠲᠡ᠎ᠶᠢᠨ ᠬᠠᠷᠠᠯᠲᠠ᠂ ᠲᠦᠷᠦ᠎ᠶᠢᠨ ᠪᠣᠳᠣᠯᠭ᠎ᠠ ᠪᠠ ᠠᠵᠢᠯᠯᠠᠭ᠎ᠠ᠎ᠶᠢᠨ ᠡᠯ᠎ᠡ ᠭᠣᠭᠴᠣᠭ᠎ᠠ᠎ᠶᠢᠨ ᠪᠦᠬᠦ ᠶᠠᠪᠤᠴᠠ᠎ᠳᠤ ᠢᠯᠡᠷᠡᠭᠦᠯᠵᠦ᠂ ᠰᠢᠨ᠎ᠡ ᠬᠥᠳᠡᠯᠭᠡᠭᠴᠢ ᠬᠦᠴᠦᠨ᠎ᠢ ᠲᠦᠷᠭᠡᠨ ᠪᠣᠢᠵᠢᠭᠤᠯᠬᠤ᠂ ᠠᠵᠤ ᠠᠬᠤᠢ᠎ᠶᠢᠨ ᠪᠦᠲᠦᠴᠡ᠎ᠶᠢ ᠰᠢᠯᠢᠳᠡᠭᠵᠢᠭᠦᠯᠦᠨ ᠲᠡᠰ ᠳᠡᠪᠰᠢᠭᠦᠯᠬᠦ᠎ᠶᠢ ᠠᠬᠢᠭᠤᠯᠬᠤ ᠵᠡᠷᠭᠡ ᠲᠠᠯ᠎ᠠ᠎ᠪᠠᠷ ᠨᠡᠩ ᠶᠡᠬᠡ ᠰᠢᠪᠲᠤᠯᠤᠯᠲᠠ ᠲᠠᠢ ᠪᠣᠯᠭᠠᠵᠤ᠂ ᠤᠯᠤᠰ᠎ᠤᠨ ᠳᠣᠲᠣᠭᠠᠳᠤ᠎ᠶᠢᠨ ᠣᠷᠴᠢᠯ᠎ᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ᠎ᠤᠨ ᠳᠣᠲᠣᠭᠠᠳᠤ᠎ᠶᠢᠨ ᠪᠠ ᠤᠯᠠᠨ ᠤᠯᠤᠰ᠎ᠤᠨ ᠬᠣᠣᠰ ᠣᠷᠴᠢᠯ᠎ᠢ ᠠᠬᠢᠭᠤᠯᠵᠤ᠂ ᠢᠷᠡᠭᠡᠳᠦᠢ᠎ᠶᠢ ᠬᠥᠲᠥᠯᠥᠨ ᠳᠠᠭᠠᠭᠤᠯᠬᠤ ᠬᠥᠭᠵᠢᠯᠲᠡ᠎ᠶᠢᠨ ᠰᠢᠨ᠎ᠡ ᠳᠠᠪᠠᠭᠤᠯᠢᠭ᠋᠎ᠢ ᠪᠦᠷᠢᠯᠳᠦᠭᠦᠯᠬᠦ ᠬᠡᠷᠡᠭᠲᠡᠢ᠃ ᠶᠡᠷᠦᠩᠬᠡᠢᠯᠡᠪᠡᠯ᠂ ᠳᠡᠯᠡᠬᠡᠢ᠎ᠶᠢᠨ ᠵᠠᠭᠤᠨ ᠵᠢᠯ᠎ᠦᠨ ᠬᠤᠪᠢᠰᠤᠯᠲᠠ᠎ᠶᠢᠨ ᠶᠡᠬᠡ ᠵᠢᠮ᠎ᠡ ᠶᠣᠰᠣ᠌᠎ᠶᠢ ᠡᠵᠡᠮᠳᠡᠵᠦ᠂ ᠲᠡᠦᠬᠡ᠎ᠶᠢᠨ ᠰᠠᠨᠠᠭᠠᠴᠢᠯᠠᠭᠠᠲᠤ ᠵᠣᠷᠢᠭ᠋ ᠰᠠᠨᠠᠭ᠎ᠠ᠎ᠪᠠᠷ ᠪᠡᠷᠬᠡ᠎ᠶᠢ ᠲᠤᠭᠤᠯᠤᠨ᠂ ᠲᠦᠭᠰᠢᠭᠦᠷᠢ᠎ᠶᠢ ᠢᠯᠠᠵᠤ᠂ ᠥᠷᠢᠰᠦᠯᠳᠦᠭᠡᠨ᠎ᠢ ᠠᠷᠭᠠᠴᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠬᠥᠭᠵᠢᠯᠲᠡ᠎ᠶᠢᠨ ᠣᠷᠣᠨ ᠵᠠᠢ᠎ᠶᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ᠃

ᠬᠣᠶᠠᠷ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ᠎ᠶᠢᠨ ᠪᠠᠶᠠᠯᠢᠭ᠋ ᠠᠭᠤᠯᠤᠭᠳᠠᠬᠤᠨ᠎ᠢ ᠭᠦᠨᠵᠡᠭᠡᠢ ᠣᠢᠯᠠᠭᠠᠬᠤ ᠬᠡᠷᠡᠭᠲᠡᠢ

《ᠰᠠᠨᠠᠭᠤᠯᠭ᠎ᠠ》᠎ᠳᠤ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠦᠵᠡᠯ ᠰᠠᠨᠠᠭ᠎ᠠ ᠪᠠ ᠡᠷᠬᠡᠪᠰᠢ ᠵᠢᠷᠤᠮᠯᠠᠬᠤ ᠵᠠᠷᠴᠢᠮ᠎ᠢ ᠲᠣᠳᠣᠷᠬᠠᠢ ᠳᠤᠷᠠᠳᠴᠤ᠂ ᠵᠢᠯᠤᠭᠣᠳᠬᠤ ᠴᠢᠭᠯᠡᠯᠲᠡ᠎ᠶᠢ ᠬᠠᠮᠲᠤ᠎ᠪᠠᠷ ᠪᠦᠷᠢᠯᠳᠦᠭᠦᠯᠪᠡ᠃ ᠡᠭᠦᠨ᠎ᠢ ᠨᠠᠮ᠎ᠤᠨ ᠲᠥᠪ ᠬᠣᠷᠢᠶ᠎ᠠ ᠪᠦᠬᠦ ᠲᠠᠯ᠎ᠠ᠎ᠶᠢ ᠶᠡᠷᠦᠩᠬᠡᠢᠯᠡᠨ ᠵᠢᠯᠤᠭᠣᠳᠴᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠦ᠎ᠪᠡᠨ ᠪᠡᠶᠡᠯᠡᠭᠦᠯᠬᠦ ᠪᠠᠢᠯᠳᠤᠬᠤ ᠪᠣᠳᠣᠯᠭ᠎ᠠ᠎ᠶᠢᠨ ᠱᠠᠭᠠᠷᠳᠠᠯᠭ᠎ᠠ ᠪᠠ ᠢᠷᠡᠭᠡᠳᠦᠢ᠎ᠶᠢᠨ ᠲᠠᠪᠤᠨ ᠵᠢᠯ᠎ᠳᠡᠬᠢ ᠮᠠᠨ᠎ᠤ ᠤᠯᠤᠰ᠎ᠤᠨ ᠬᠥᠭᠵᠢᠯᠲᠡ᠎ᠶᠢᠨ ᠶᠡᠬᠡ ᠬᠠᠨᠳᠤᠰᠢ᠎ᠶᠢ ᠶᠡᠷᠦᠩᠬᠡᠢᠯᠡᠨ ᠪᠣᠳᠣᠯᠬᠢᠯᠠᠭᠠᠳ ᠳᠤᠷᠠᠳᠤᠭᠰᠠᠨ ᠶᠤᠮ᠃ ᠪᠢᠳᠡ ᠲᠡᠭᠦᠨ᠎ᠦ ᠡᠯᠪᠡᠭ ᠪᠠᠶᠠᠯᠢᠭ᠋ ᠠᠭᠤᠯᠤᠭᠳᠠᠬᠤᠨ᠎ᠢ ᠭᠦᠨᠵᠡᠭᠡᠢ ᠣᠢᠯᠠᠭᠠᠵᠤ᠂ ᠬᠥᠭᠵᠢᠯᠲᠡ᠎ᠶᠢᠨ ᠦᠢᠯᠡᠳᠦᠯᠭᠡ᠎ᠳᠦ᠎ᠪᠡᠨ ᠨᠡᠩ ᠰᠠᠢᠲᠤᠷ ᠵᠢᠯᠣᠭᠣᠳᠤᠭᠤᠯᠬᠤ ᠬᠡᠷᠡᠭᠲᠡᠢ᠃

《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠦᠵᠡᠯ ᠰᠠᠨᠠᠭ᠎ᠠ ᠪᠣᠯ᠄ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠧᠩ ᠰᠢᠶᠣᠣ ᠫᠢᠩ᠎ᠦᠨ ᠣᠨᠣᠯ᠂ 《ᠭᠤᠷᠪᠠ᠎ᠶᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠎ᠶᠢ ᠪᠠᠷᠢᠮᠲᠠᠯᠠᠵᠤ᠂ ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ᠎ᠶᠢᠨ ᠲᠣᠭᠣᠷᠢᠨ᠎ᠳᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠠᠬᠢᠭᠤᠯᠵᠤ᠂ 《ᠲᠠᠪᠤ᠎ᠶᠢ ᠨᠢᠭᠡ ᠴᠣᠭᠴᠠᠵᠢᠭᠤᠯᠬᠤ》 ᠶᠡᠷᠦᠩᠬᠡᠢ ᠪᠠᠢᠷᠢᠰᠢᠭᠤᠯᠤᠯᠲᠠ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ 《ᠳᠥᠷᠪᠡᠨ ᠪᠦᠬᠦ ᠲᠠᠯ᠎ᠠ》᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠶᠢ ᠵᠣᠬᠢᠴᠠᠭᠤᠯᠤᠨ ᠠᠬᠢᠭᠤᠯᠵᠤ᠂ ᠤᠯᠤᠰ᠎ᠤᠨ ᠳᠣᠲᠣᠭᠠᠳᠤ᠎ᠶᠢᠨ ᠪᠠ ᠭᠠᠳᠠᠭᠠᠳᠤ᠎ᠶᠢᠨ ᠭᠡᠬᠦ ᠬᠣᠶᠠᠷ ᠶᠡᠬᠡ ᠲᠠᠯ᠎ᠠ᠎ᠶᠢ ᠨᠢᠭᠡᠳᠦᠯᠲᠡᠢ ᠲᠥᠯᠥᠪᠯᠡᠵᠦ᠂ ᠰᠢᠨ᠎ᠡ ᠬᠥᠭᠵᠢᠯᠲᠡ᠎ᠶᠢᠨ ᠣᠨᠣᠯᠵᠢᠬᠤᠨ᠎ᠢ ᠪᠦᠷᠢᠨ ᠭᠦᠢᠴᠡᠳ ᠵᠥᠪ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠲᠥᠯᠥᠪ ᠪᠠᠢᠳᠠᠯ᠎ᠢ ᠲᠦᠷᠭᠡᠳᠬᠡᠨ ᠪᠠᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠪᠠᠷ ᠭᠣᠣᠯᠳᠠᠯᠭ᠎ᠠ ᠲᠥᠪ ᠪᠣᠯᠭᠠᠬᠤ᠎ᠶᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠪᠠᠷ ᠭᠣᠣᠯ ᠰᠡᠳᠦᠪ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠪᠡᠷ ᠦᠨᠳᠦᠰᠦᠨ ᠬᠥᠳᠡᠯᠭᠡᠭᠴᠢ ᠬᠦᠴᠦᠨ ᠪᠣᠯᠭᠠᠵᠤ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ᠎ᠪᠠᠷ ᠦᠨᠳᠦᠰᠦᠨ ᠵᠣᠷᠢᠯᠭ᠎ᠠ ᠪᠣᠯᠭᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠵᠤ᠂ ᠠᠵᠤ ᠠᠬᠤᠢ᠎ᠶᠢ ᠠᠬᠢᠭᠤᠯᠵᠤ ᠪᠠᠢᠭᠠᠳ ᠴᠢᠨᠠᠷ᠎ᠤᠨ ᠪᠦᠲᠦᠮᠵᠢᠲᠡᠢ ᠳᠡᠭᠡᠭᠰᠢᠯᠡᠯᠲᠡ ᠪᠠ ᠲᠣᠭᠠᠨ᠎ᠤ ᠵᠦᠢ ᠵᠣᠬᠢᠰᠲᠠᠢ ᠨᠡᠮᠡᠭᠳᠡᠯ᠎ᠢ ᠪᠡᠶᠡᠯᠡᠭᠦᠯᠵᠦ᠂ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠂ ᠪᠦᠬᠦ ᠠᠷᠠᠳ ᠬᠠᠮᠲᠤ᠎ᠪᠠᠷ ᠪᠠᠶᠠᠵᠢᠬᠤ᠎ᠶᠢ ᠠᠬᠢᠭᠤᠯᠬᠤ᠎ᠳᠤ ᠯᠠᠪᠳᠠᠭᠤᠨ ᠪᠠᠲᠤᠲᠠᠢ ᠠᠯᠬᠤᠴᠠ᠎ᠪᠠᠷ ᠤᠷᠤᠭᠰᠢᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠦ᠎ᠪᠡᠨ ᠪᠡᠶᠡᠯᠡᠭᠦᠯᠬᠦ᠎ᠳᠦ ᠰᠢᠢᠳᠪᠦᠷᠢᠯᠡᠭᠴᠢ ᠴᠢᠨᠠᠷᠲᠠᠢ ᠠᠬᠢᠴᠠ ᠲᠠᠢ ᠪᠣᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠡᠨᠡ ᠬᠦ᠌ ᠵᠢᠯᠤᠭᠣᠳᠬᠤ ᠦᠵᠡᠯ ᠰᠠᠨᠠᠭ᠎ᠠ ᠨᠢ ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠶᠢᠷᠲᠢᠨᠴᠦ᠎ᠶᠢᠨ ᠦᠵᠡᠯᠲᠡ ᠪᠠ ᠠᠷᠭ᠎ᠠ᠎ᠶᠢᠨ ᠤᠨᠤᠯ᠎ᠢ ᠲᠥᠪᠯᠡᠷᠡᠩᠭᠦᠢ᠎ᠪᠡᠷ ᠢᠯᠡᠷᠡᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠥᠭᠵᠢᠯᠲᠡ᠎ᠳᠦ ᠪᠠᠢᠯᠳᠤᠬᠤ ᠪᠣᠳᠣᠯᠭ᠎ᠠ᠎ᠶᠢᠨ ᠵᠢᠯᠣᠭᠣᠳᠤᠯᠭ᠎ᠠ ᠥᠭᠭᠦᠭᠰᠡᠨ ᠪᠠᠢᠨ᠎ᠠ᠃ ᠪᠢᠳᠡ ᠲᠡᠭᠦᠨ᠎ᠦ ᠭᠣᠣᠯ ᠠᠭᠤᠯᠭ᠎ᠠ ᠪᠠ ᠰᠢᠨ᠎ᠡ᠎ᠶᠢ ᠡᠭᠦᠳᠬᠦ ᠦᠵᠡᠯᠲᠡ᠎ᠶᠢ ᠭᠦᠨᠵᠡᠭᠡᠢ ᠣᠢᠯᠠᠭᠠᠬᠤ ᠬᠡᠷᠡᠭᠲᠡᠢ᠄ ᠡᠭᠦᠷᠭᠡ ᠬᠠᠷᠢᠭᠤᠴᠠᠯᠭ᠎ᠠ᠎ᠠᠴᠠ ᠦᠵᠡᠪᠡᠯ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠦ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠨᠠᠮ᠎ᠤᠨ ᠭᠣᠣᠯ ᠡᠭᠦᠷᠭᠡ᠎ᠶᠢ ᠲᠣᠳᠣᠷᠬᠠᠢᠯᠠᠪᠠ᠂ ᠳᠠᠷᠤᠢ ᠨᠡᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠠᠢᠭᠤᠯᠤᠨ ᠪᠦᠲᠦᠭᠡᠵᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ ᠶᠠᠪᠤᠳᠠᠯ ᠪᠣᠯᠣᠨ᠎ᠠ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠥᠭᠵᠢᠯᠲᠡ᠎ᠶᠢᠨ ᠬᠠᠷᠠᠯᠲᠠ ᠡᠭᠦᠷᠭᠡ᠂ ᠰᠡᠳᠬᠢᠴᠡ ᠠᠷᠭ᠎ᠠ ᠬᠡᠮᠵᠢᠶ᠎ᠡ᠎ᠶᠢ ᠡᠨᠡ ᠬᠦ᠌ ᠭᠣᠣᠯ ᠡᠭᠦᠷᠭᠡ ᠯᠦ᠍ᠭᠡ ᠨᠢᠭ᠍ᠲᠠ ᠤᠶᠠᠯᠳᠤᠭᠤᠯᠤᠨ ᠥᠷᠨᠢᠭᠦᠯᠵᠦ᠂ ᠠᠯᠢᠪᠠ ᠬᠦᠴᠦᠨ᠎ᠢ ᠲᠥᠪᠯᠡᠷᠡᠭᠦᠯᠦᠨ᠂ ᠠᠯᠢᠪᠠ ᠰᠠᠭᠠᠳ᠎ᠢ ᠠᠷᠢᠯᠭᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠵᠠᠯᠭᠠᠭ᠎ᠠ ᠵᠠᠯᠭᠠᠭ᠎ᠠ᠎ᠪᠠᠷ ᠠᠬᠢᠭᠤᠯᠬᠤ ᠬᠡᠷᠡᠭᠲᠡᠢ᠃ ᠪᠠᠢᠯᠳᠤᠬᠤ ᠪᠣᠳᠣᠯᠭ᠎ᠠ᠎ᠶᠢᠨ ᠬᠠᠨᠳᠤᠰᠢ᠎ᠠᠴᠠ ᠦᠵᠡᠪᠡᠯ᠂ ᠤᠯᠤᠰ᠎ᠤᠨ ᠳᠣᠲᠣᠭᠠᠳᠤ᠎ᠶᠢᠨ ᠪᠠ ᠣᠯᠠᠨ ᠤᠯᠤᠰ᠎ᠤᠨ ᠭᠡᠬᠦ ᠬᠣᠶᠠᠷ ᠶᠡᠬᠡ ᠲᠠᠯ᠎ᠠ᠎ᠶᠢ ᠨᠢᠭᠡᠳᠦᠯᠲᠡᠢ ᠲᠥᠯᠥᠪᠯᠡᠬᠦ᠎ᠶᠢ ᠨᠡᠩ ᠴᠢᠬᠤᠯᠠᠴᠢᠯᠠᠬᠤ ᠬᠡᠷᠡᠭᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠨᠢᠭᠡᠨ ᠢᠯᠡ ᠲᠣᠳᠣ᠌ ᠣᠨᠴᠠᠯᠢᠭ᠋ ᠨᠢ ᠳᠠᠷᠤᠢ ᠲᠣᠮᠣ᠌ ᠤᠯᠤᠰ᠎ᠤᠨ ᠬᠠᠷᠢᠴᠠᠭ᠎ᠠ ᠳᠡᠯᠡᠬᠡᠢ᠎ᠶᠢᠨ ᠪᠠᠢᠳᠠᠯ᠎ᠢ ᠨᠥᠯᠥᠭᠡᠯᠡᠵᠦ᠂ ᠳᠡᠯᠡᠬᠡᠢ᠎ᠶᠢᠨ ᠪᠠᠢᠳᠠᠯ᠎ᠤᠨ ᠬᠤᠪᠢᠷᠠᠯᠲᠠ ᠨᠢ ᠤᠯᠤᠰ᠎ᠤᠨ ᠳᠣᠲᠣᠭᠠᠳᠤ᠎ᠶᠢᠨ ᠬᠥᠭᠵᠢᠯᠲᠡ᠎ᠶᠢ ᠭᠦᠨᠵᠡᠭᠡᠢ ᠨᠥᠯᠥᠭᠡᠯᠡᠬᠦ ᠶᠠᠪᠤᠳᠠᠯ ᠪᠣᠯᠣᠨ᠎ᠠ᠃ ᠡᠨᠡ ᠨᠢ ᠳᠠᠷᠤᠢ ᠪᠢᠳᠡᠨ᠎ᠢ ᠨᠡᠩ ᠤᠬᠠᠮᠰᠠᠷ᠎ᠠᠴᠠ᠎ᠪᠠᠨ ᠤᠯᠤᠰ᠎ᠤᠨ ᠬᠥᠭᠵᠢᠯᠲᠡ᠎ᠶᠢ ᠪᠦᠬᠦ ᠪᠥᠮᠪᠥᠷᠴᠡᠭ᠎ᠦᠨ ᠲᠥᠯᠥᠪ ᠪᠠᠢᠳᠠᠯ᠎ᠳᠤ ᠲᠠᠯᠪᠢᠨ ᠠᠷᠭ᠎ᠠ ᠰᠦᠪᠡᠭᠴᠢᠯᠡᠨ ᠠᠬᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠨ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠪᠠᠷ ᠭᠣᠣᠯᠳᠠᠯᠭ᠎ᠠ ᠪᠣᠯᠭᠠᠬᠤ᠎ᠶᠢ ᠪᠠᠷᠢᠮᠲᠠᠯᠠᠵᠤ᠂ ᠨᠡᠭᠡᠭᠡᠯᠲᠡ᠎ᠶᠢ ᠥᠷᠭᠡᠳᠬᠡᠬᠦ ᠳᠤᠮᠳᠠ ᠤᠯᠠᠨ ᠤᠯᠤᠰ᠎ᠤᠨ ᠬᠠᠮᠲᠤᠷᠠᠯᠴᠠᠭᠠᠨ᠎ᠤ ᠣᠷᠣᠨ ᠵᠠᠢ᠎ᠶᠢ ᠥᠷᠭᠡᠳᠬᠡᠵᠦ᠂ ᠭᠠᠳᠠᠭᠠᠳᠤ᠎ᠶᠢᠨ ᠠᠶᠤᠯ ᠲᠦᠭᠰᠢᠭᠦᠷᠢ᠎ᠶᠢ ᠠᠷᠭᠠᠴᠠᠨ᠂ ᠠᠰᠢᠭ᠋ ᠬᠠᠷᠠᠨ ᠬᠣᠣᠷ᠎ᠠᠴᠠ ᠵᠠᠢᠯᠠᠵᠤ᠂ ᠰᠠᠨᠠᠭᠠᠴᠢᠯᠠᠭᠠᠲᠤ ᠡᠷᠬᠡ᠎ᠶᠢ ᠡᠵᠡᠮᠳᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠦᠨᠡᠨ ᠬᠦ᠌ ᠪᠠᠲᠤᠯᠠᠬᠤ᠎ᠶᠢ ᠱᠠᠭᠠᠷᠳᠠᠵᠤ ᠪᠠᠢᠨ᠎ᠠ᠃ ᠬᠥᠭᠵᠢᠯᠲᠡ᠎ᠶᠢᠨ ᠠᠷᠭ᠎ᠠ ᠵᠠᠮ᠎ᠠᠴᠠ ᠦᠵᠡᠪᠡᠯ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠪᠠᠷ ᠭᠣᠣᠯ ᠰᠡᠳᠦᠪ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠪᠡᠷ ᠦᠨᠳᠦᠰᠦᠨ ᠬᠥᠳᠡᠯᠭᠡᠭᠴᠢ ᠬᠦᠴᠦᠨ ᠪᠣᠯᠭᠠᠵᠤ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ᠎ᠪᠠᠷ ᠦᠨᠳᠦᠰᠦᠨ ᠬᠠᠷᠠᠯᠲᠠ ᠪᠣᠯᠭᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠬᠤ ᠬᠡᠷᠡᠭᠲᠡᠢ᠃ ᠡᠨᠡ ᠨᠢ ᠬᠥᠭᠵᠢᠯᠲᠡ᠎ᠶᠢᠨ ᠭᠣᠣᠯ ᠰᠡᠳᠦᠪ᠂ ᠬᠥᠳᠡᠯᠭᠡᠭᠴᠢ ᠬᠦᠴᠦᠨ᠂ ᠵᠣᠷᠢᠯᠭ᠎ᠠ ᠪᠠ ᠪᠠᠲᠤᠯᠠᠭ᠎ᠠ᠎ᠶᠢ ᠲᠣᠳᠣᠷᠬᠠᠢᠯᠠᠨ ᠥᠭᠦᠯᠡᠵᠦ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠬᠥᠭᠵᠢᠯᠲᠡ᠎ᠳᠦ ᠴᠢᠬᠤᠯᠠ ᠤᠳᠤᠷᠢᠳᠤᠮᠵᠢ᠎ᠶᠢᠨ ᠦᠢᠯᠡᠳᠦᠯ ᠲᠠᠢ ᠶᠤᠮ᠃ ᠬᠠᠷᠠᠯᠲᠠ᠎ᠶᠢᠨ ᠴᠢᠭᠯᠡᠯ᠎ᠡᠴᠡ ᠦᠵᠡᠪᠡᠯ᠂ ᠠᠵᠤ ᠠᠬᠤᠢ᠎ᠶᠢᠨ ᠴᠢᠨᠠᠷ ᠴᠢᠨᠰᠠᠭ᠎ᠠ᠎ᠶᠢ ᠪᠦᠲᠦᠮᠵᠢᠲᠡᠶ᠎ᠪᠡᠷ ᠳᠡᠭᠡᠭᠰᠢᠯᠡᠭᠦᠯᠬᠦ ᠪᠠ ᠲᠣᠭᠠᠨ᠎ᠤ ᠵᠦᠢ ᠵᠣᠬᠢᠰᠲᠠᠢ ᠨᠡᠮᠡᠭᠳᠡᠯ᠎ᠢ ᠪᠡᠶᠡᠯᠡᠭᠦᠯᠬᠦ᠎ᠶᠢ ᠠᠬᠢᠭᠤᠯᠵᠤ᠂ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠂ ᠪᠦᠬᠦ ᠠᠷᠠᠳ ᠬᠠᠮᠲᠤ᠎ᠪᠠᠷ ᠪᠠᠶᠠᠵᠢᠬᠤ᠎ᠳᠤ ᠯᠠᠪᠳᠠᠭᠤᠨ ᠪᠠᠲᠤᠲᠠᠢ ᠠᠯᠬᠤᠴᠠ᠎ᠪᠠᠷ ᠤᠷᠤᠭᠰᠢᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠦ᠎ᠪᠡᠨ ᠪᠡᠶᠡᠯᠡᠭᠦᠯᠬᠦ᠎ᠳᠦ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠢ ᠪᠣᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ 《ᠰᠢᠢᠳᠪᠦᠷᠢᠯᠡᠭᠴᠢ ᠴᠢᠨᠠᠷᠲᠠᠢ ᠠᠬᠢᠴᠠ》 ᠲᠠᠢ ᠪᠣᠯᠬᠤ ᠨᠢ ᠲᠣᠭᠠᠨ᠎ᠤ ᠬᠤᠪᠢᠷᠠᠯᠲᠠ᠎ᠠᠴᠠ ᠴᠢᠨᠠᠷ᠎ᠤᠨ ᠬᠤᠪᠢᠷᠠᠯᠲᠠ᠎ᠳᠤ ᠬᠦᠷᠬᠦ ᠰᠢᠪᠲᠤᠯᠤᠯᠲᠠ᠎ᠶᠢ ᠲᠦᠷᠭᠡᠨ ᠪᠡᠶᠡᠯᠡᠭᠦᠯᠵᠦ᠂ ᠴᠢᠨᠠᠷ ᠰᠠᠢᠲᠠᠢ ᠬᠥᠭᠵᠢᠯᠲᠡ᠂ ᠥᠨᠳᠥᠷ ᠲᠦᠪᠰᠢᠨ ᠪᠦᠬᠦᠢ ᠠᠮᠢᠳᠤᠷᠠᠯ᠎ᠤᠨ ᠲᠠᠯ᠎ᠠ᠎ᠪᠠᠷ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ ᠣᠯᠵᠤ᠂ 2035 ᠣᠨ ᠪᠣᠯᠬᠤ᠎ᠳᠤ ᠲᠣᠭᠲᠠᠭᠰᠠᠨ ᠬᠤᠭᠤᠴᠠᠭᠠᠨ᠎ᠳᠤ᠎ᠪᠠᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠦ᠎ᠪᠡᠨ ᠪᠡᠶᠡᠯᠡᠭᠦᠯᠬᠦ᠎ᠶᠢ ᠦᠨᠡᠨ ᠬᠦ᠌ ᠪᠠᠲᠤᠯᠠᠬᠤ᠎ᠶᠢ ᠬᠠᠷᠠᠭᠤᠯᠵᠤ ᠪᠠᠢᠨ᠎ᠠ᠃

《ᠰᠠᠨᠠᠭᠤᠯᠭ᠎ᠠ》᠎ᠳᠤ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠡᠷᠬᠡᠪᠰᠢ ᠵᠢᠷᠤᠮᠯᠠᠬᠤ ᠵᠠᠷᠴᠢᠮ᠎ᠢ ᠵᠢᠷᠭᠤᠭᠠᠨ ᠲᠠᠯ᠎ᠠ᠎ᠠᠴᠠ ᠬᠤᠷᠢᠶᠠᠩᠭᠤᠢᠯᠠᠪᠠ᠂ ᠲᠤᠬᠠᠢᠯᠠᠪᠠᠯ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ᠂ ᠠᠷᠠᠳ ᠲᠦᠮᠡᠨ᠎ᠢ ᠳᠡᠭᠡᠳᠦᠯᠡᠬᠦ᠎ᠶᠢ ᠪᠠᠷᠢᠮᠲᠠᠯᠠᠬᠤ᠂ ᠴᠢᠨᠠᠷ ᠰᠠᠢᠲᠠᠢ ᠬᠥᠭᠵᠢᠯᠲᠡ᠎ᠶᠢ ᠪᠠᠷᠢᠮᠲᠠᠯᠠᠬᠤ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢ ᠪᠠᠷᠢᠮᠲᠠᠯᠠᠬᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠦᠢᠯᠡ ᠠᠵᠢᠯᠯᠠᠭ᠎ᠠ ᠳᠡᠭᠡᠷ᠎ᠡ᠎ᠪᠡᠨ ᠪᠣᠳᠠᠲᠠᠢ᠎ᠶᠢ ᠡᠷᠬᠢᠮᠯᠡᠭᠰᠡᠨ ᠵᠠᠰᠠᠭ᠎ᠤᠨ ᠣᠷᠳᠣᠨ᠎ᠤ ᠤᠶᠠᠯᠳᠤᠯ᠎ᠢ ᠪᠠᠷᠢᠮᠲᠠᠯᠠᠬᠤ᠂ ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠪᠠᠢᠬᠤ᠎ᠶᠢ ᠪᠠᠷᠢᠮᠲᠠᠯᠠᠬᠤ ᠪᠣᠯᠣᠨ᠎ᠠ᠃ ᠡᠨᠡ 《ᠵᠢᠷᠭᠤᠭ᠎ᠠ᠎ᠶᠢ ᠪᠠᠷᠢᠮᠲᠠᠯᠠᠬᠤ》 ᠪᠣᠯ ᠨᠢᠭᠡᠨ ᠣᠷᠭᠠᠨᠢᠭ᠋ ᠪᠦᠬᠦᠯᠢ ᠴᠣᠭᠴᠠ ᠪᠠᠢᠵᠤ᠂ ᠬᠥᠭᠵᠢᠯᠲᠡ᠎ᠶᠢᠨ ᠵᠢᠮ᠎ᠡ ᠶᠣᠰᠣᠨ᠎ᠤ ᠲᠤᠬᠠᠢ ᠮᠠᠨ᠎ᠤ ᠨᠠᠮ᠎ᠤᠨ ᠲᠠᠨᠢᠯᠲᠠ ᠭᠦᠨᠵᠡᠭᠡᠢᠷᠡᠨ ᠳᠡᠭᠡᠭᠰᠢᠯᠡᠭᠰᠡᠨ᠎ᠢ ᠬᠠᠷᠠᠭᠤᠯᠵᠤ ᠪᠠᠢᠨ᠎ᠠ᠃ ᠡᠭᠦᠨ᠎ᠳᠦ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠣᠯ ᠦᠨᠳᠦᠰᠦᠨ ᠪᠠᠲᠤᠯᠠᠭ᠎ᠠ ᠮᠥᠨ᠂ ᠠᠷᠠᠳ ᠲᠦᠮᠡᠨ᠎ᠢ ᠳᠡᠭᠡᠳᠦᠯᠡᠬᠦ ᠨᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠦᠨᠳᠦᠰᠦᠨ ᠵᠣᠭᠰᠣᠯᠲᠠ ᠪᠠ ᠥᠷᠲᠡᠭ᠎ᠦᠨ ᠬᠥᠭᠡᠭᠡᠴᠡᠯᠳᠦᠯ᠎ᠢ ᠢᠯᠡᠷᠡᠭᠦᠯᠵᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠯ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠰᠡᠳᠦᠪ ᠮᠥᠨ ᠪᠥᠭᠡᠳ ᠨᠡᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠶᠢᠨ ᠲᠡᠷᠢᠭᠦᠨ ᠴᠢᠬᠤᠯᠠ ᠡᠭᠦᠷᠭᠡ ᠮᠥᠨ᠂ ᠥᠭᠡᠷᠡᠴᠢᠯᠡᠯᠲᠡ ᠪᠣᠯ ᠬᠥᠭᠵᠢᠯᠲᠡ᠎ᠶᠢᠨ ᠬᠥᠳᠡᠯᠭᠡᠭᠴᠢ ᠬᠦᠴᠦᠨ᠂ ᠪᠦᠲᠦᠮᠵᠢᠲᠡᠢ ᠵᠠᠬ᠎ᠠ ᠳᠡᠯᠭᠡᠭᠦᠷ ᠪᠠ ᠦᠢᠯᠡ ᠠᠵᠢᠯᠯᠠᠭ᠎ᠠ ᠳᠡᠭᠡᠷ᠎ᠡ᠎ᠪᠡᠨ ᠪᠣᠳᠠᠲᠠᠢ᠎ᠶᠢ ᠡᠷᠬᠢᠮᠯᠡᠭᠰᠡᠨ ᠵᠠᠰᠠᠭ᠎ᠤᠨ ᠣᠷᠳᠣᠨ᠎ᠤ ᠤᠶᠠᠯᠳᠤᠯ ᠪᠣᠯ ᠠᠵᠤ ᠠᠬᠤᠢ᠎ᠶᠢᠨ ᠵᠠᠰᠠᠯᠲᠠ᠎ᠶᠢᠨ ᠴᠢᠬᠤᠯᠠ ᠠᠷᠭ᠎ᠠ ᠮᠥᠨ᠂ ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠪᠠᠢᠯᠭᠠᠬᠤ ᠪᠣᠯ ᠰᠢᠨ᠎ᠡ ᠪᠠᠢᠳᠠᠯ ᠳᠣᠣᠷᠠᠬᠢ ᠴᠢᠬᠤᠯᠠ ᠶᠡᠬᠡ ᠰᠡᠳᠦᠪ ᠪᠣᠯᠣᠨ᠎ᠠ᠃ ᠡᠨᠡ ᠵᠢᠷᠭᠤᠭᠠᠨ ᠲᠠᠯ᠎ᠠ ᠨᠢ ᠮᠠᠨ᠎ᠤ ᠤᠯᠤᠰ᠎ᠤᠨ ᠬᠥᠭᠵᠢᠯᠲᠡ ᠪᠠ ᠵᠠᠰᠠᠯᠲᠠ᠎ᠶᠢᠨ ᠠᠮᠢᠳᠤᠯᠢᠭ᠋ ᠦᠢᠯᠡᠳᠦᠯᠭᠡ ᠲᠠᠢ ᠨᠢᠭᠡᠳᠴᠦ᠂ ᠪᠦᠬᠦᠯᠢ ᠴᠣᠭᠴᠠ᠎ᠶᠢᠨ ᠲᠠᠯ᠎ᠠ᠎ᠠᠴᠠ ᠭᠦᠨᠵᠡᠭᠡᠢ ᠣᠢᠯᠠᠭᠠᠨ ᠡᠵᠡᠮᠰᠢᠬᠦ᠎ᠳᠦ ᠭᠤᠷᠪᠠᠨ ᠲᠠᠯ᠎ᠠ᠎ᠶᠢ ᠲᠤᠪᠤᠢ᠍ᠢᠯᠭᠠᠬᠤ ᠴᠢᠬᠤᠯᠠᠲᠠᠢ᠄ ᠨᠢᠭᠡ᠎ᠳᠦ᠂ ᠦᠨᠳᠦᠰᠦᠨ ᠪᠠᠲᠤᠯᠠᠭ᠎ᠠ᠎ᠶᠢ ᠡᠵᠡᠮᠳᠡᠨ᠎ᠡ᠃ ᠳᠤᠮᠳᠠᠳᠤ ᠤᠯᠤᠰ᠎ᠤᠨ ᠶᠠᠪᠤᠳᠠᠯ᠎ᠢ ᠰᠠᠢᠲᠤᠷ ᠬᠢᠬᠦ᠎ᠶᠢᠨ ᠵᠠᠩᠭᠢᠯᠠᠭ᠎ᠠ ᠨᠢ ᠨᠠᠮ᠎ᠳᠤ ᠪᠤᠢ᠃ 《ᠰᠠᠨᠠᠭᠤᠯᠭ᠎ᠠ》 ᠎ᠳᠤ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠡᠷᠬᠡᠪᠰᠢ ᠵᠢᠷᠤᠮᠯᠠᠬᠤ ᠨᠢᠭᠡᠳᠦᠭᠡᠷ ᠵᠠᠷᠴᠢᠮ ᠪᠣᠯᠭᠠᠪᠠ᠂ ᠡᠨᠡ ᠨᠢ ᠳᠠᠷᠤᠢ ᠨᠠᠮ᠎ᠤᠨ ᠤᠳᠤᠷᠢᠳᠤᠯᠭ᠎ᠠ᠎ᠶᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠲᠠᠯ᠎ᠠ᠎ᠶᠢᠨ ᠪᠦᠬᠦ ᠶᠠᠪᠤᠴᠠ᠎ᠳᠤ ᠨᠡᠩ ᠤᠬᠠᠮᠰᠠᠷ᠎ᠠᠴᠠ᠎ᠪᠠᠨ ᠲᠤᠭᠤᠰᠢᠯᠠᠭᠤᠯᠵᠤ᠂ ᠮᠠᠨ᠎ᠤ ᠤᠯᠤᠰ᠎ᠤᠨ ᠪᠠᠢᠭᠤᠯᠤᠯ᠎ᠤᠨ ᠳᠠᠪᠠᠭᠤᠯᠢᠭ᠋᠎ᠢ ᠤᠯᠤᠰ᠎ᠤᠨ ᠵᠠᠰᠠᠯᠲᠠ᠎ᠶᠢᠨ ᠦᠷ᠎ᠡ ᠪᠦᠲᠦᠮᠵᠢ ᠪᠠ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠨᠡᠩ ᠰᠠᠢᠲᠤᠷ ᠤᠯᠠᠷᠢᠭᠤᠯᠬᠤ᠎ᠶᠢ ᠱᠠᠭᠠᠷᠳᠠᠵᠤ ᠪᠠᠢᠨ᠎ᠠ᠃ ᠬᠣᠶᠠᠷ᠎ᠲᠤ᠂ ᠠᠷᠠᠳ ᠲᠦᠮᠡᠨ᠎ᠦ ᠵᠣᠭᠰᠣᠯᠲᠠ᠎ᠶᠢ ᠪᠠᠲᠤᠳᠬᠠᠨ᠎ᠠ᠃ ᠠᠷᠠᠳ ᠲᠦᠮᠡᠨ᠎ᠢ ᠳᠡᠭᠡᠳᠦᠯᠡᠬᠦ ᠨᠢ ᠮᠠᠨ᠎ᠤ ᠨᠠᠮ᠎ᠤᠨ ᠦᠨᠳᠦᠰᠦᠨ ᠵᠣᠷᠢᠯᠲᠠ ᠪᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶᠢ ᠢᠯᠡᠷᠡᠭᠦᠯᠵᠦ᠂ ᠠᠷᠠᠳ ᠲᠦᠮᠡᠨ᠎ᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠬᠦᠨᠳᠦᠳᠬᠡᠵᠦ᠂ ᠬᠥᠮᠥᠨ᠎ᠦ ᠢᠳᠡᠪᠬᠢ ᠴᠢᠨᠠᠷ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠪᠦᠬᠦ ᠲᠠᠯ᠎ᠠ᠎ᠪᠠᠷ ᠲᠠᠢ᠍ᠢᠴᠢᠯᠠᠵᠦ᠂ ᠬᠥᠭᠵᠢᠯᠲᠡ ᠨᠢ ᠠᠷᠠᠳ ᠲᠦᠮᠡᠨ᠎ᠦ ᠲᠥᠯᠥᠭᠡ᠂ ᠬᠥᠭᠵᠢᠯᠲᠡ ᠨᠢ ᠠᠷᠠᠳ ᠲᠦᠮᠡᠨ᠎ᠢ ᠲᠦᠰᠢᠭᠯᠡᠬᠦ᠂ ᠬᠥᠭᠵᠢᠯᠲᠡ᠎ᠶᠢᠨ ᠦᠷ᠎ᠡ ᠪᠦᠲᠦᠭᠡᠯ᠎ᠢ ᠠᠷᠠᠳ ᠲᠦᠮᠡᠨ᠎ᠳᠦ ᠡᠳ᠋ᠯᠡᠭᠦᠯᠬᠦ᠎ᠶᠢ ᠪᠡᠶᠡᠯᠡᠭᠦᠯᠬᠦ ᠬᠡᠷᠡᠭᠲᠡᠢ᠃ ᠭᠤᠷᠪᠠ᠎ᠳᠤ᠂ ᠰᠢᠰᠲᠧᠮᠲᠦ ᠦᠵᠡᠯᠲᠡ᠎ᠪᠡᠨ ᠴᠢᠩᠭᠠᠳᠬᠠᠨ᠎ᠠ᠃ ᠠᠵᠤ ᠠᠬᠤᠢ ᠨᠡᠢᠭᠡᠮ᠎ᠦᠨ ᠬᠥᠭᠵᠢᠯᠲᠡ ᠪᠣᠯ ᠨᠢᠭᠡᠨ ᠪᠤᠳᠤᠯᠢᠶᠠᠨᠲᠠᠢ ᠰᠢᠰᠲᠧᠮᠲᠦ ᠢᠨᠵᠧᠨᠧᠷᠢᠩ ᠮᠥᠨ᠂ ᠰᠢᠨ᠎ᠡ ᠬᠥᠭᠵᠢᠯᠲᠡ᠎ᠶᠢᠨ ᠣᠨᠣᠯᠵᠢᠬᠤᠨ᠎ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠪᠠᠷᠠᠯᠠᠯᠲᠤ ᠪᠣᠳᠣᠯᠬᠢᠯᠠᠯ᠂ ᠪᠦᠬᠦ ᠲᠠᠯ᠎ᠠ᠎ᠶᠢᠨ ᠲᠥᠯᠥᠪᠯᠡᠭᠡ᠂ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠂ ᠪᠦᠬᠦᠯᠢ ᠴᠣᠭᠴᠠ᠎ᠶᠢᠨ ᠠᠬᠢᠭᠤᠯᠤᠯᠲᠠ᠎ᠶᠢ ᠴᠢᠩᠭᠠᠳᠬᠠᠵᠤ᠂ ᠥᠭᠡᠷᠡᠴᠢᠯᠡᠯᠲᠡ ᠪᠠ ᠬᠥᠭᠵᠢᠯᠲᠡ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠂ ᠬᠥᠭᠵᠢᠯᠲᠡ ᠪᠠ ᠠᠮᠤᠷ ᠲᠦᠪᠰᠢᠨ ᠵᠡᠷᠭᠡ᠎ᠶᠢᠨ ᠴᠢᠬᠤᠯᠠ ᠶᠡᠬᠡ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠵᠦ᠂ ᠡᠯ᠎ᠡ ᠲᠠᠯ᠎ᠠ᠎ᠶᠢᠨ ᠠᠵᠢᠯ᠎ᠤᠨ ᠰᠢᠨ᠎ᠡ ᠦᠰᠦᠷᠦᠯᠲᠡ᠎ᠶᠢ ᠠᠬᠢᠭᠤᠯᠬᠤ ᠬᠡᠷᠡᠭᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠢᠯ᠎ᠤᠨ ᠨᠢᠭᠡ ᠶᠡᠬᠡ ᠣᠨᠴᠠᠯᠢᠭ᠋ ᠨᠢ ᠳᠠᠷᠤᠢ ᠲᠣᠭᠲᠠᠪᠤᠷᠢᠲᠤ ᠪᠤᠰᠤ ᠣᠷᠴᠢᠨ ᠨᠥᠬᠥᠴᠡᠯ᠎ᠦᠨ ᠳᠣᠣᠷ᠎ᠠ ᠲᠣᠭᠲᠠᠪᠤᠷᠢᠲᠤ ᠴᠢᠨᠠᠷᠲᠠᠢ ᠤᠴᠢᠷ ᠶᠠᠪᠤᠳᠠᠯ᠎ᠤᠳ᠎ᠢ ᠰᠠᠢᠲᠤᠷ ᠬᠢᠬᠦ ᠶᠠᠪᠤᠳᠠᠯ ᠪᠣᠯᠣᠨ᠎ᠠ᠂ 《ᠵᠢᠷᠭᠤᠭ᠎ᠠ᠎ᠶᠢ ᠪᠠᠷᠢᠮᠲᠠᠯᠠᠬᠤ》 ᠨᠢ ᠮᠠᠨ᠎ᠤ ᠤᠯᠤᠰ᠎ᠤᠨ ᠬᠥᠭᠵᠢᠯᠲᠡ᠎ᠳᠦ ᠲᠣᠭᠲᠠᠪᠤᠷᠢᠲᠤ ᠴᠢᠨᠠᠷᠲᠠᠢ ᠵᠠᠷᠴᠢᠮ᠎ᠢ ᠬᠠᠩᠭᠠᠭᠰᠠᠨ ᠪᠣᠯᠬᠣᠷ ᠡᠷᠬᠡᠪᠰᠢ ᠪᠠᠲᠤ ᠡᠵᠡᠮᠰᠢᠬᠦ ᠬᠡᠷᠡᠭᠲᠡᠢ᠃

ᠭᠤᠷᠪᠠ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠬᠤ ᠦᠢᠯᠡᠳᠦᠯᠭᠡ᠎ᠶᠢᠨ ᠱᠠᠭᠠᠷᠳᠠᠯᠭ᠎ᠠ

ᠵᠢᠯᠤᠭᠣᠳᠬᠤ ᠴᠢᠭᠯᠡᠯᠲᠡ ᠪᠣᠯ ᠶᠡᠷᠦᠩᠬᠡᠢ ᠲᠠᠯ᠎ᠠ᠂ ᠦᠨᠳᠦᠰᠦᠨ ᠵᠦᠢᠯ᠎ᠢ ᠬᠠᠮᠢᠶᠠᠷᠳᠠᠭ ᠪᠣᠯᠬᠣᠷ ᠡᠷᠬᠡᠪᠰᠢ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠬᠦᠷᠢᠶ᠎ᠡ ᠡᠯ᠎ᠡ ᠲᠠᠯ᠎ᠠ᠎ᠳᠤ ᠬᠦᠷᠲᠡᠯ᠎ᠡ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ᠃ ᠦᠢᠯᠡᠳᠦᠯᠭᠡ᠎ᠶᠢᠨ ᠳᠤᠮᠳᠠ᠂ ᠭᠣᠣᠯᠳᠠᠯᠭ᠎ᠠ ᠲᠠᠢ ᠰᠢᠪᠲᠤᠯᠤᠯᠲᠠ᠎ᠪᠠᠷ ᠪᠦᠬᠦ ᠲᠠᠯ᠎ᠠ᠎ᠶᠢ ᠳᠠᠢᠴᠢᠯᠠᠬᠤ᠎ᠶᠢ ᠪᠠᠷᠢᠮᠲᠠᠯᠠᠵᠤ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠪᠠᠲᠤᠯᠠᠬᠤ ᠬᠡᠷᠡᠭᠲᠡᠢ᠃

ᠰᠢᠨ᠎ᠡ ᠬᠥᠭᠵᠢᠯᠲᠡ᠎ᠶᠢᠨ ᠲᠥᠯᠥᠪ ᠪᠠᠢᠳᠠᠯ᠎ᠢ ᠲᠦᠷᠭᠡᠪᠴᠢᠯᠡᠨ ᠪᠠᠢᠭᠤᠯᠵᠤ᠂ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠪᠠᠲᠤ ᠡᠵᠡᠮᠰᠢᠬᠦ ᠬᠡᠷᠡᠭᠲᠡᠢ᠃ ᠰᠢᠨ᠎ᠡ ᠬᠥᠭᠵᠢᠯᠲᠡ᠎ᠶᠢᠨ ᠲᠥᠯᠥᠪ ᠪᠠᠢᠳᠠᠯ᠎ᠢ ᠴᠣᠭᠴᠠᠯᠠᠨ ᠪᠠᠶ᠋ᠢᠭᠤᠯᠬᠤ ᠨᠢ ᠮᠠᠨ᠎ᠤ ᠤᠯᠤᠰ᠎ᠤᠨ ᠠᠵᠤ ᠠᠬᠤᠢ᠎ᠶᠢᠨ ᠣᠳᠣᠬᠢᠴᠢᠯᠠᠯᠲᠠ᠎ᠶᠢᠨ ᠠᠷᠭ᠎ᠠ ᠵᠠᠮ᠎ᠤᠨ ᠰᠣᠩᠭᠣᠯᠲᠠ᠎ᠶᠢ ᠲᠣᠳᠣᠷᠬᠠᠢᠯᠠᠵᠤ᠂ ᠮᠠᠨ᠎ᠤ ᠤᠯᠤᠰ᠎ᠤᠨ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠳᠡᠬᠦ᠎ᠶᠢᠨ ᠤᠷᠢᠲᠠᠯ ᠪᠣᠯᠣᠨ᠎ᠠ᠃ ᠲᠣᠮᠣ᠌ ᠤᠯᠤᠰ᠎ᠤᠨ ᠠᠵᠤ ᠠᠬᠤᠢ᠎ᠳᠤ ᠳᠣᠲᠣᠭᠠᠳᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠭᠰᠠᠨ᠂ ᠳᠣᠲᠣᠭᠠᠳᠤ᠎ᠳᠤ᠎ᠪᠠᠨ ᠣᠷᠴᠢᠬᠤᠢᠴᠠ ᠥᠪᠡᠷᠮᠢᠴᠡ ᠳᠠᠪᠠᠭᠤᠯᠢᠭ᠋ ᠪᠠᠢᠳᠠᠭ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠬᠥᠭᠵᠢᠯᠲᠡ᠎ᠶᠢᠨ ᠵᠣᠭᠰᠣᠴᠠ᠎ᠪᠠᠨ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠬᠦᠴᠦᠷᠬᠡᠭᠵᠢᠭᠦᠯᠬᠦ ᠳᠡᠭᠡᠷ᠎ᠡ ᠨᠡᠩ ᠢᠯᠡᠭᠦᠦ ᠲᠠᠯᠪᠢᠵᠤ᠂ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠪᠠᠢᠯᠳᠤᠬᠤ ᠪᠣᠳᠣᠯᠭ᠎ᠠ᠎ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠬᠦ ᠪᠠ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠤᠨ ᠳᠣᠲᠣᠭᠠᠳᠤ ᠲᠣᠭᠲᠠᠪᠤᠷᠢᠲᠤ ᠴᠢᠨᠠᠷ ᠪᠠ ᠤᠷᠳᠤ ᠬᠤᠭᠤᠴᠠᠭᠠᠨ᠎ᠤ ᠥᠰᠦᠯᠲᠡ᠎ᠶᠢᠨ ᠴᠢᠨᠠᠷ᠎ᠢᠶᠠᠷ ᠤᠯᠠᠨ ᠤᠯᠤᠰ᠎ᠤᠨ ᠣᠷᠴᠢᠯ᠎ᠤᠨ ᠲᠣᠭᠲᠠᠪᠤᠷᠢᠲᠤ ᠪᠤᠰᠤ ᠴᠢᠨᠠᠷ ᠯᠤᠭ᠎ᠠ ᠲᠤᠯᠭᠠᠨ ᠬᠠᠰᠤᠭᠳᠠᠭᠤᠯᠬᠤ ᠬᠡᠷᠡᠭᠲᠡᠢ᠃ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠪᠠᠶ᠋ᠢᠭᠤᠯᠬᠤ ᠪᠣᠯ ᠤᠯᠤᠰ᠎ᠤᠨ ᠳᠣᠲᠣᠭᠠᠳᠤ᠎ᠶᠢᠨ ᠲᠣᠮᠣ᠌ ᠣᠷᠴᠢᠯ᠎ᠢ ᠬᠦᠴᠦᠷᠬᠡᠭᠵᠢᠭᠦᠯᠬᠦ ᠵᠠᠩᠭᠢᠯᠠᠭ᠎ᠠ᠎ᠶᠢᠨ ᠴᠢᠨᠠᠷᠲᠠᠢ ᠥᠭᠡᠷᠡᠴᠢᠯᠡᠯᠲᠡ ᠮᠥᠨ᠂ ᠵᠠᠬ᠎ᠠ ᠳᠡᠯᠭᠡᠭᠦᠷ᠎ᠦᠨ ᠰᠠᠭᠤᠷᠢ ᠳᠦᠷᠢᠮ᠎ᠢ ᠨᠢᠭᠡᠳᠬᠡᠬᠦ᠂ ᠵᠠᠬ᠎ᠠ ᠳᠡᠯᠭᠡᠭᠦᠷ᠎ᠦᠨ ᠰᠠᠭᠤᠷᠢ ᠪᠡᠯᠡᠳᠬᠡᠮᠵᠢ᠎ᠶᠢ ᠨᠢᠭᠡᠳᠬᠡᠬᠦ᠂ ᠵᠠᠰᠠᠭ᠎ᠤᠨ ᠣᠷᠳᠣᠨ᠎ᠤ ᠦᠢᠯᠡ ᠠᠵᠢᠯᠯᠠᠭᠠᠨ᠎ᠤ ᠪᠠᠷᠢᠮᠵᠢᠶ᠎ᠠ᠎ᠶᠢ ᠨᠢᠭᠡᠳᠬᠡᠬᠦ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠬᠠᠤᠯᠢ ᠬᠡᠷᠡᠭᠵᠢᠭᠦᠯᠦᠯᠲᠡ᠎ᠶᠢ ᠨᠢᠭᠡᠳᠬᠡᠬᠦ᠂ ᠴᠢᠬᠤᠯᠠ ᠬᠦᠴᠦᠨ ᠵᠦᠢᠯ᠎ᠦᠨ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠢ ᠨᠢᠭᠡᠳᠬᠡᠬᠦ᠎ᠪᠡᠷ ᠬᠦᠴᠦᠯᠡᠵᠦ᠂ ᠳᠣᠲᠣᠭᠠᠳᠤ ᠭᠠᠳᠠᠭᠠᠳᠤ ᠨᠡᠭᠡᠭᠡᠯᠲᠡ᠎ᠶᠢ ᠦᠷᠭᠦᠯᠵᠢᠯᠡᠨ ᠥᠷᠭᠡᠳᠬᠡᠵᠦ᠂ ᠣᠷᠣᠨ ᠨᠤᠲᠤᠭ᠎ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ᠎ᠦᠨ ᠬᠡᠰᠡᠭᠯᠡᠯ᠎ᠢ ᠤᠯᠠᠮ ᠨᠢᠭᠡ ᠠᠯᠬᠤᠮ ᠠᠷᠢᠯᠭᠠᠵᠤ᠂ ᠬᠡᠳᠦ ᠶᠡᠬᠡ ᠬᠡᠪᠴᠢᠶᠡᠵᠢᠯ᠎ᠦᠨ ᠵᠠᠬ᠎ᠠ ᠳᠡᠯᠭᠡᠭᠦᠷ᠎ᠦᠨ ᠴᠡᠪᠡᠷ ᠠᠰᠢᠭ᠋᠎ᠢ ᠦᠷᠭᠦᠯᠵᠢᠯᠡᠨ ᠲᠠᠯᠪᠢᠬᠤ ᠬᠡᠷᠡᠭᠲᠡᠢ᠃ ᠬᠡᠯᠡᠯᠭᠡᠨ ᠦᠭᠡᠢ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠬᠦᠴᠦᠷᠬᠡᠭᠵᠢᠭᠦᠯᠬᠦ᠎ᠳᠦ ᠤᠯᠠᠨ ᠤᠯᠤᠰ᠎ᠤᠨ ᠣᠷᠴᠢᠯ᠎ᠢ ᠠᠪᠬᠤ ᠦᠭᠡᠢ ᠭᠡᠰᠡᠨ ᠶᠠᠪᠤᠳᠠᠯ ᠤᠭᠳᠤ ᠪᠢᠰᠢ᠂ ᠥᠨᠳᠥᠷ ᠬᠢᠷᠢ ᠲᠦᠪᠰᠢᠨᠲᠦ ᠭᠠᠳᠠᠭ᠍ᠰᠢ ᠨᠡᠭᠡᠭᠡᠯᠲᠡ᠎ᠶᠢ ᠡᠷᠡᠰ ᠭᠤᠢᠪᠢᠰᠢ ᠦᠭᠡᠢ ᠥᠷᠭᠡᠳᠬᠡᠵᠦ᠂ ᠤᠯᠠᠨ ᠠᠷᠭ᠎ᠠ ᠵᠠᠮ᠎ᠢᠶᠠᠷ ᠤᠯᠠᠨ ᠤᠯᠤᠰ᠎ᠤᠨ ᠣᠷᠴᠢᠯ᠎ᠢ ᠥᠷᠭᠡᠳᠬᠡᠵᠦ᠂ ᠤᠯᠤᠰ᠎ᠤᠨ ᠳᠣᠲᠣᠭᠠᠳᠤ᠎ᠶᠢᠨ ᠪᠠ ᠤᠯᠠᠨ ᠤᠯᠤᠰ᠎ᠤᠨ ᠭᠡᠬᠦ ᠬᠣᠶᠠᠷ ᠵᠠᠬ᠎ᠠ ᠳᠡᠯᠭᠡᠭᠦᠷ ᠬᠣᠶᠠᠷ ᠵᠦᠢᠯ᠎ᠦᠨ ᠡᠬᠢ ᠪᠠᠶᠠᠯᠢᠭ᠋᠎ᠤᠨ ᠬᠣᠯᠪᠣᠯᠳᠤᠨ ᠬᠥᠳᠡᠯᠦᠯᠴᠡᠬᠦ ᠦᠢᠯᠡᠳᠦᠯ᠎ᠢ ᠴᠢᠩᠭᠠᠷᠠᠭᠤᠯᠵᠤ᠂ ᠨᠡᠩ ᠢᠯᠡᠭᠦᠦ ᠥᠷᠢᠰᠦᠯᠳᠦᠬᠦ ᠬᠦᠴᠦᠨ ᠪᠠ ᠠᠮᠤᠷ ᠲᠦᠪᠰᠢᠨ᠎ᠦ ᠤᠶᠠᠨ ᠬᠠᠳᠠᠨ ᠴᠢᠨᠠᠷ ᠲᠠᠢ ᠤᠯᠤᠰ᠎ᠤᠨ ᠳᠣᠲᠣᠭᠠᠳᠤ᠎ᠶᠢᠨ ᠪᠠ ᠤᠯᠠᠨ ᠤᠯᠤᠰ᠎ᠤᠨ ᠬᠣᠣᠰ ᠣᠷᠴᠢᠯ᠎ᠢ ᠲᠦᠷᠭᠡᠪᠴᠢᠯᠡᠨ ᠪᠤᠢ ᠪᠣᠯᠭᠠᠬᠤ ᠬᠡᠷᠡᠭᠲᠡᠢ᠃

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠳᠤ᠂ ᠴᠢᠨᠠᠷ ᠰᠠᠢᠲᠠᠢ ᠬᠥᠭᠵᠢᠯᠲᠡ ᠪᠠ ᠲᠣᠮᠣ᠌ ᠤᠯᠤᠰ᠎ᠤᠨ ᠥᠷᠢᠰᠦᠯᠳᠦᠭᠡᠨ᠎ᠦ ᠰᠢᠨ᠎ᠡ ᠪᠠᠢᠳᠠᠯ᠎ᠤᠨ ᠡᠮᠦᠨ᠎ᠡ᠂ ᠡᠷᠬᠡᠪᠰᠢ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠶᠢ ᠨᠡᠩ ᠲᠣᠪᠣᠢᠮ᠎ᠠ ᠪᠠᠢᠯᠳᠤᠬᠤ ᠪᠣᠳᠣᠯᠭ᠎ᠠ᠎ᠶᠢᠨ ᠪᠠᠢᠷᠢᠨ᠎ᠳᠤ ᠲᠠᠯᠪᠢᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ ᠪᠣᠯ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠦᠨᠳᠦᠰᠦᠨ ᠠᠷᠭ᠎ᠠ ᠵᠠᠮ ᠮᠥᠨ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠨᠢ ᠰᠢᠨ᠎ᠡ ᠠᠵᠤ ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠴᠢ ᠡᠨᠧᠷᠭᠢ᠎ᠶᠢ ᠪᠤᠢ ᠪᠣᠯᠭᠠᠵᠤ ᠴᠢᠳᠠᠨ᠎ᠠ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠯᠤᠰ᠎ᠤᠨ ᠰᠢᠨ᠎ᠡ᠎ᠶᠢ ᠡᠭᠦᠳᠬᠦ ᠲᠣᠭᠲᠠᠯᠴᠠᠭ᠎ᠠ᠎ᠶᠢ ᠲᠡᠭᠦᠯᠳᠡᠷᠵᠢᠭᠦᠯᠵᠦ᠂ ᠳᠡᠯᠡᠬᠡᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠣᠰᠢᠭᠤᠷᠠᠯ᠎ᠢᠶᠠᠷ ᠬᠠᠷᠠᠯᠲᠠ ᠪᠣᠯᠭᠠᠨ᠂ ᠠᠩᠬᠠᠨ᠎ᠤ ᠰᠢᠨ᠎ᠡ ᠡᠭᠦᠳᠦᠯᠲᠡ ᠪᠠ ᠵᠠᠩᠭᠢᠯᠠᠭ᠎ᠠ᠎ᠶᠢᠨ ᠭᠣᠣᠯᠯᠠᠭ᠍ᠴᠢ ᠮᠡᠷᠭᠡᠵᠢᠯ᠎ᠦᠨ ᠰᠢᠪᠲᠤᠯᠤᠯᠲᠠ᠎ᠶᠢ ᠴᠢᠩᠭᠠᠳᠬᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠥᠨᠳᠥᠷ ᠬᠢᠷᠢ ᠲᠦᠪᠰᠢᠨᠲᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠠᠯ᠎ᠠ᠎ᠪᠠᠷ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠨ ᠪᠡᠶᠡᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠠᠮᠢᠵᠢᠷᠠᠯ᠎ᠤᠨ ᠬᠦᠴᠦᠨ ᠨᠢ ᠬᠡᠷᠡᠭᠯᠡᠯᠲᠡ᠎ᠳᠦ ᠪᠣᠢ᠂ ᠤᠯᠠᠮᠵᠢᠯᠠᠯᠲᠤ ᠠᠵᠤ ᠦᠢᠯᠡᠰ᠎ᠦᠨ ᠰᠢᠯᠵᠢᠨ ᠳᠡᠰ ᠳᠡᠪᠰᠢᠭᠦᠯᠬᠦ᠎ᠶᠢ ᠪᠦᠬᠦ ᠲᠠᠯ᠎ᠠ᠎ᠪᠠᠷ ᠠᠬᠢᠭᠤᠯᠵᠤ᠂ ᠰᠢᠨ᠎ᠡ᠎ᠪᠡᠷ ᠮᠠᠨᠳᠤᠵᠤ ᠪᠠᠢᠭ᠎ᠠ ᠠᠵᠤ ᠦᠢᠯᠡᠰ᠎ᠢ ᠢᠳᠡᠪᠬᠢᠲᠡᠢ᠎ᠪᠡᠷ ᠬᠥᠭᠵᠢᠭᠦᠯᠵᠦ᠂ ᠢᠷᠡᠭᠡᠳᠦᠢ᠎ᠶᠢᠨ ᠠᠵᠤ ᠦᠢᠯᠡᠰ᠎ᠢ ᠬᠡᠳᠦ ᠤᠷᠢᠳᠴᠢᠯᠠᠨ ᠪᠠᠢᠷᠢᠰᠢᠭᠤᠯᠵᠤ᠂ ᠣᠳᠣᠬᠢᠴᠢᠯᠠᠭᠰᠠᠨ ᠠᠵᠤ ᠦᠢᠯᠡᠰ᠎ᠦᠨ ᠲᠣᠭᠲᠠᠯᠴᠠᠭ᠎ᠠ᠎ᠶᠢ ᠲᠦᠷᠭᠡᠪᠴᠢᠯᠡᠨ ᠪᠠᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠪᠡᠷ ᠠᠵᠤ ᠦᠢᠯᠡᠰ᠎ᠦᠨ ᠰᠢᠨ᠎ᠡ ᠡᠭᠦᠳᠦᠯᠲᠡ᠎ᠶᠢ ᠬᠥᠲᠥᠯᠥᠨ ᠳᠠᠭᠠᠭᠤᠯᠬᠤ᠂ ᠠᠵᠤ ᠦᠢᠯᠡᠰ᠎ᠢ ᠳᠡᠰ ᠳᠡᠪᠰᠢᠭᠦᠯᠬᠦ᠎ᠪᠡᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠶ᠎ᠡ ᠰᠣᠯᠢᠭᠳᠠᠨ ᠰᠢᠨᠡᠳᠬᠦ᠎ᠶᠢ ᠠᠬᠢᠭᠤᠯᠬᠤ ᠰᠢᠨ᠎ᠡ ᠵᠠᠮ᠎ᠢ ᠨᠡᠭᠡᠭᠡᠬᠦ ᠬᠡᠷᠡᠭᠲᠡᠢ᠃ ᠠᠩᠬᠠᠷᠤᠭᠤᠰᠢᠲᠠᠢ ᠨᠢ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠳᠦ ᠵᠣᠬᠢᠬᠤ ᠨᠥᠬᠥᠴᠡᠯ ᠪᠠᠢᠬᠤ ᠬᠡᠷᠡᠭᠲᠡᠢ᠂ ᠰᠢᠨᠵᠢᠯᠡᠬᠦ ᠤᠬᠠᠭᠠᠨᠴᠢ ᠪᠥᠭᠡᠳ ᠣᠶᠤᠨᠴᠢ᠂ ᠭᠠᠵᠠᠷ ᠣᠷᠣᠨ᠎ᠤ ᠪᠠᠢᠳᠠᠯ᠎ᠳᠤ ᠲᠣᠬᠢᠷᠠᠭᠤᠯᠬᠤ᠎ᠶᠢ ᠪᠠᠷᠢᠮᠲᠠᠯᠠᠵᠤ᠂ ᠬᠠᠷᠢᠴᠠᠭᠤᠯᠤᠭᠰᠠᠨ ᠳᠠᠪᠠᠭᠤᠯᠢᠭ᠋᠎ᠢᠶᠠᠨ ᠪᠠᠳᠠᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠠᠬᠢᠭᠤᠯᠬᠤ ᠬᠡᠷᠡᠭᠲᠡᠢ᠃

ᠬᠥᠭᠵᠢᠯᠲᠡ᠎ᠶᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠬᠤ ᠪᠠ ᠰᠠᠢᠵᠢᠷᠠᠭᠤᠯᠬᠤ᠎ᠶᠢ ᠪᠠᠷᠢᠮᠲᠠᠯᠠᠵᠤ᠂ ᠬᠠᠮᠲᠤ᠎ᠪᠠᠷ ᠪᠠᠶᠠᠵᠢᠬᠤ᠎ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠦᠬᠦ ᠠᠷᠠᠳ ᠲᠦᠮᠡᠨ ᠬᠠᠮᠲᠤ᠎ᠪᠠᠷ ᠪᠠᠶᠠᠵᠢᠬᠤ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠮᠥᠨ ᠴᠢᠨᠠᠷ᠎ᠤᠨ ᠣᠨᠴᠠᠯᠢᠭ ᠶᠤᠮ᠃ ᠣᠳᠣᠬᠠᠨ᠎ᠳᠤ ᠮᠠᠨ᠎ᠤ ᠤᠯᠤᠰ᠎ᠤᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠮᠥᠨ ᠯᠡ ᠨᠡᠯᠢᠶᠡᠳ ᠲᠣᠪᠣᠢᠮ᠎ᠠ ᠪᠠᠢᠵᠤ᠂ ᠤᠯᠠᠨ ᠨᠡᠶ᠋ᠢᠲᠡ᠎ᠶᠢᠨ ᠦᠢᠯᠡᠴᠢᠯᠡᠭᠡ᠎ᠳᠦ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠢᠨ᠎ᠠ᠃ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠠ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ᠎ᠪᠠᠨ ᠣᠷᠭᠠᠨᠢᠭ᠋᠎ᠢᠶᠠᠷ ᠤᠶᠠᠯᠳᠤᠭᠤᠯᠬᠤ᠎ᠶᠢ ᠴᠢᠬᠤᠯᠠᠴᠢᠯᠠᠵᠤ᠂ ᠤᠯᠠᠨ ᠲᠦᠮᠡᠨ᠎ᠦ ᠲᠤᠯᠭᠠᠮᠳᠠᠵᠤ ᠬᠦᠴᠢᠷᠳᠡᠵᠦ ᠵᠣᠪᠠᠨᠢᠵᠤ ᠬᠦᠰᠡᠮᠵᠢᠯᠡᠵᠦ ᠪᠠᠢᠭ᠎ᠠ ᠠᠰᠠᠭᠤᠳᠠᠯ᠎ᠤᠳ᠎ᠢ ᠰᠢᠢᠳᠪᠦᠷᠢᠯᠡᠬᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭᠳᠡᠭᠦᠯᠬᠦ᠎ᠶᠢᠨ ᠳᠠᠭᠠᠤ ᠠᠵᠤ ᠠᠬᠤᠢ᠎ᠶᠢᠨ ᠰᠢᠨ᠎ᠡ ᠨᠡᠮᠡᠭᠳᠡᠯ᠎ᠦᠨ ᠴᠡᠭ᠎ᠢ ᠪᠣᠢᠵᠢᠭᠤᠯᠬᠤ ᠬᠡᠷᠡᠭᠲᠡᠢ᠃ ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠤᠳᠤᠷᠢᠳᠤᠮᠵᠢ᠎ᠶᠢ ᠴᠢᠩᠭᠠᠷᠠᠭᠤᠯᠵᠤ᠂ ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ ᠲᠥᠯᠥᠪᠯᠡᠭᠡ᠎ᠶᠢ ᠬᠡᠷᠡᠭᠵᠢᠭᠦᠯᠵᠦ᠂ 《ᠪᠣᠭᠣᠷᠰᠣᠭ》᠎ᠢ ᠦᠷᠭᠦᠯᠵᠢᠯᠡᠨ ᠰᠠᠢᠨ᠎ᠢᠶᠠᠷ ᠶᠡᠬᠡ᠎ᠪᠡᠷ ᠬᠢᠬᠦ᠎ᠶᠢᠨ ᠬᠠᠮᠲᠤ ᠣᠷᠣᠯᠭ᠎ᠠ᠎ᠶᠢᠨ ᠬᠤᠪᠢᠶᠠᠷᠢᠯᠠᠯᠲᠠ᠎ᠶᠢ ᠰᠢᠯᠢᠳᠡᠭᠵᠢᠭᠦᠯᠵᠦ᠂ ᠳᠣᠣᠷ᠎ᠠ ᠣᠷᠣᠯᠭ᠎ᠠ ᠲᠠᠢ ᠬᠥᠮᠥᠰ᠎ᠦᠨ ᠣᠷᠣᠯᠭ᠎ᠠ᠎ᠶᠢ ᠨᠡᠮᠡᠭᠳᠡᠭᠦᠯᠬᠦ᠎ᠪᠠᠨ ᠲᠦᠷᠭᠡᠪᠴᠢᠯᠡᠨ ᠠᠬᠢᠭᠤᠯᠵᠤ᠂ ᠳᠤᠮᠳᠠ ᠵᠡᠷᠭᠡ᠎ᠶᠢᠨ ᠣᠷᠣᠯᠭ᠎ᠠ ᠲᠠᠢ ᠬᠥᠮᠥᠰ᠎ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠬᠥᠮᠥᠨ᠎ᠳᠦ ᠪᠡᠯᠡ ᠣᠷᠣᠭᠤᠯᠬᠤ᠂ ᠠᠷᠠᠳ᠎ᠤᠨ ᠠᠮᠢᠳᠤᠷᠠᠯ᠎ᠳᠤ ᠦᠢᠯᠡᠴᠢᠯᠡᠬᠦ᠎ᠶᠢ ᠨᠡᠩ ᠴᠢᠬᠤᠯᠠᠴᠢᠯᠠᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠨᠢᠭᠡ ᠪᠦᠯᠦᠭ ᠲᠡᠩᠴᠡᠭᠦᠷᠢᠲᠦ ᠴᠢᠨᠠᠷ ᠪᠠ ᠪᠣᠯᠣᠯᠴᠠᠭᠠᠲᠤ ᠴᠢᠨᠠᠷ᠎ᠢᠶᠠᠷ ᠴᠢᠩᠭ᠎ᠠ ᠠᠷᠠᠳ᠎ᠤᠨ ᠠᠮᠢᠳᠤᠷᠠᠯ᠎ᠤᠨ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠬᠡᠷᠡᠭᠵᠢᠭᠦᠯᠵᠦ᠂ ᠠᠵᠢᠯ ᠣᠯᠭᠣᠯᠲᠠ᠂ ᠨᠡᠢᠭᠡᠮ᠎ᠦᠨ ᠪᠠᠲᠤᠯᠠᠭ᠎ᠠ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ᠎ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠵᠡᠷᠭᠡ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠠᠵᠤ ᠠᠬᠤᠢ᠎ᠶᠢᠨ ᠬᠥᠭᠵᠢᠯᠲᠡ ᠪᠠ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶᠢᠨ ᠰᠠᠢᠨ ᠣᠷᠴᠢᠯ᠎ᠢ ᠪᠤᠢ ᠪᠣᠯᠭᠠᠬᠤ ᠬᠡᠷᠡᠭᠲᠡᠢ᠃ ᠮᠠᠨ᠎ᠤ ᠤᠯᠤᠰ᠎ᠤᠨ ᠬᠤᠳᠠ ᠬᠥᠳᠡᠭᠡ᠎ᠶᠢᠨ ᠣᠷᠣᠨ ᠪᠦᠰᠡ᠎ᠶᠢᠨ ᠵᠥᠷᠢᠶ᠎ᠡ ᠮᠥᠨ ᠯᠡ ᠨᠡᠯᠢᠶᠡᠳ ᠶᠡᠬᠡ ᠪᠠᠢᠭ᠍ᠰᠠᠭᠠᠷ᠂ ᠬᠥᠮᠥᠨ᠎ᠢᠶᠡᠷ ᠦᠨᠳᠦᠰᠦ ᠪᠣᠯᠭᠠᠭᠰᠠᠨ ᠰᠢᠨ᠎ᠡ ᠮᠠᠶᠢᠭ᠋᠎ᠤᠨ ᠬᠤᠳᠠ ᠪᠠᠯᠭᠠᠰᠤᠵᠢᠯᠲᠠ᠎ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠲᠦᠷᠭᠡᠳᠬᠡᠨ᠂ ᠣᠷᠣᠨ ᠪᠦᠰᠡ᠎ᠶᠢᠨ ᠪᠠᠢᠷᠢᠰᠢᠯ᠎ᠢ ᠰᠢᠯᠢᠳᠡᠭᠵᠢᠭᠦᠯᠵᠦ᠂ ᠬᠤᠳᠠ ᠬᠥᠳᠡᠭᠡ᠎ᠶᠢᠨ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃

ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠯᠡᠵᠦ᠂ ᠰᠢᠨ᠎ᠡ ᠠᠮᠤᠷ ᠲᠦᠪᠰᠢᠨ᠎ᠦ ᠲᠥᠯᠥᠪ ᠪᠠᠢᠳᠠᠯ᠎ᠢᠶᠠᠷ ᠰᠢᠨ᠎ᠡ ᠬᠥᠭᠵᠢᠯᠲᠡ᠎ᠶᠢᠨ ᠲᠥᠯᠥᠪ ᠪᠠᠢᠳᠠᠯ᠎ᠢ ᠪᠠᠲᠤᠯᠠᠬᠤ ᠬᠡᠷᠡᠭᠲᠡᠢ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠪᠣᠯ ᠨᠢᠭᠡᠨ ᠴᠣ ᠰᠢᠨ᠎ᠡ ᠦᠢᠯᠡᠰ ᠮᠥᠨ᠂ ᠤᠷᠤᠭᠰᠢᠯᠠᠯᠲᠠ᠎ᠶᠢᠨ ᠵᠠᠮ ᠳᠡᠭᠡᠷ᠎ᠡ ᠡᠯ᠎ᠡ ᠵᠦᠢᠯ᠎ᠦᠨ ᠬᠦᠴᠢᠷ ᠪᠡᠷᠬᠡᠰᠢᠶᠡᠯ ᠵᠥᠷᠢᠴᠡᠯ ᠪᠠ ᠠᠶᠤᠯ ᠲᠦᠭᠰᠢᠭᠦᠷᠢ ᠥᠷᠢᠰᠦᠯᠳᠦᠭᠡᠨ ᠵᠠᠢᠯᠠᠰᠢ ᠦᠭᠡᠢ ᠲᠤᠯᠭᠠᠷᠠᠬᠤ ᠶᠤᠮ᠃ ᠬᠥᠭᠵᠢᠯᠲᠡ᠎ᠶᠢᠨ ᠳᠤᠮᠳᠠ ᠠᠮᠤᠷ ᠲᠦᠪᠰᠢᠨ᠎ᠢ ᠪᠠᠲᠤᠳᠬᠠᠵᠤ᠂ ᠠᠮᠤᠷ ᠲᠦᠪᠰᠢᠨ᠎ᠦ ᠳᠤᠮᠳᠠ ᠬᠥᠭᠵᠢᠯᠲᠡ᠎ᠶᠢ ᠡᠷᠢᠯᠬᠢᠯᠡᠬᠦ᠎ᠪᠡᠨ ᠪᠠᠷᠢᠮᠲᠠᠯᠠᠵᠤ᠂ ᠠᠵᠤ ᠠᠬᠤᠢ ᠪᠠ ᠨᠡᠢᠭᠡᠮ᠎ᠦᠨ ᠤᠶᠠᠨ ᠬᠠᠳᠠᠨ ᠴᠢᠨᠠᠷ᠎ᠢ ᠴᠢᠩᠭᠠᠳᠬᠠᠬᠤ ᠬᠡᠷᠡᠭᠲᠡᠢ᠃ ᠬᠥᠭᠵᠢᠯᠲᠡ ᠪᠣᠯ ᠠᠮᠤᠷ ᠲᠦᠪᠰᠢᠨ᠎ᠦ ᠰᠠᠭᠤᠷᠢ ᠮᠥᠨ᠃ ᠲᠣᠪᠣᠢᠮ᠎ᠠ ᠵᠥᠷᠢᠴᠡᠯ ᠠᠰᠠᠭᠤᠳᠠᠯ᠎ᠢ ᠰᠢᠢᠳᠪᠦᠷᠢᠯᠡᠵᠦ᠂ ᠠᠶᠤᠯ ᠲᠦᠭᠰᠢᠭᠦᠷᠢ᠎ᠶᠢᠨ ᠳᠠᠯᠳᠠ ᠭᠡᠮ᠎ᠢ ᠰᠡᠷᠭᠡᠢᠯᠡᠨ ᠠᠷᠢᠯᠭᠠᠬᠤ᠎ᠳᠤ ᠡᠴᠦᠰ᠎ᠦᠨ ᠡᠴᠦᠰ᠎ᠲᠤ᠎ᠪᠡᠨ ᠬᠥᠭᠵᠢᠯᠲᠡ᠎ᠳᠦ ᠲᠦᠰᠢᠭᠯᠡᠵᠦ᠂ ᠪᠣᠳᠠᠰ᠎ᠤᠨ ᠵᠦᠢᠯᠡᠰ ᠪᠠ ᠮᠡᠷᠭᠡᠵᠢᠯ᠎ᠢ ᠲᠠᠰᠤᠷᠠᠯᠲᠠ ᠦᠭᠡᠢ ᠪᠤᠵᠠᠭᠠᠢᠷᠠᠭᠤᠯᠤᠭᠰᠠᠨ᠎ᠤ ᠰᠠᠭᠤᠷᠢᠨ ᠳᠡᠭᠡᠷ᠎ᠡ ᠠᠮᠤᠷ ᠲᠦᠪᠰᠢᠨ᠎ᠢ ᠡᠷᠢᠯᠬᠢᠯᠡᠵᠦ᠂ ᠴᠢᠨᠠᠷ ᠰᠠᠢᠲᠠᠢ ᠬᠥᠭᠵᠢᠯᠲᠡ᠎ᠪᠡᠷ ᠥᠨᠳᠥᠷ ᠲᠦᠪᠰᠢᠨᠲᠦ ᠠᠮᠤᠷ ᠲᠦᠪᠰᠢᠨ᠎ᠢ ᠠᠬᠢᠭᠤᠯᠬᠤ ᠬᠡᠷᠡᠭᠲᠡᠢ᠃ ᠠᠮᠤᠷ ᠲᠦᠪᠰᠢᠨ ᠪᠣᠯ ᠬᠥᠭᠵᠢᠯᠲᠡ᠎ᠶᠢᠨ ᠤᠷᠢᠲᠠᠯ ᠮᠥᠨ᠃ ᠳᠣᠲᠣᠭᠠᠳᠤ ᠭᠠᠳᠠᠭᠠᠳᠤ᠎ᠶᠢᠨ ᠠᠶᠤᠯ ᠲᠦᠭᠰᠢᠭᠦᠷᠢ ᠥᠷᠢᠰᠦᠯᠳᠦᠭᠡᠨ᠎ᠢ ᠪᠦᠬᠦ ᠲᠠᠯ᠎ᠠ᠎ᠪᠠᠷ ᠪᠣᠳᠣᠯᠬᠢᠯᠠᠵᠤ᠂ ᠭᠣᠣᠯᠳᠠᠯᠭ᠎ᠠ ᠪᠣᠯᠬᠤ ᠬᠦᠷᠢᠶᠡᠨ᠎ᠦ ᠠᠶᠤᠯ ᠲᠦᠭᠰᠢᠭᠦᠷᠢ᠎ᠶᠢ ᠬᠦᠴᠦᠲᠡᠢ ᠪᠥᠭᠡᠳ ᠪᠦᠲᠦᠮᠵᠢᠲᠡᠢ ᠰᠡᠷᠭᠡᠢᠯᠡᠨ ᠠᠷᠢᠯᠭᠠᠬᠤ ᠬᠡᠷᠡᠭᠲᠡᠢ᠃ ᠡᠭᠦᠨ᠎ᠦ ᠬᠠᠮᠲᠤ᠂ ᠠᠶᠤᠯ ᠲᠦᠭᠰᠢᠭᠦᠷᠢ᠎ᠶᠢ ᠰᠡᠷᠭᠡᠢᠯᠡᠬᠦ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠠᠷᠭᠠᠴᠠᠬᠤ ᠲᠥᠰᠥᠯ ᠪᠠ ᠲᠦᠷᠦ᠎ᠶᠢᠨ ᠪᠣᠳᠣᠯᠭ᠎ᠠ᠎ᠶᠢᠨ ᠨᠥᠭᠡᠴᠡᠯᠡᠯ᠎ᠢ ᠰᠠᠢᠲᠤᠷ ᠬᠢᠵᠦ᠂ ᠰᠢᠰᠲᠧᠮ᠎ᠦᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠣᠷᠢᠭ᠎ᠠ ᠱᠤᠭᠤᠮ᠎ᠢ ᠪᠠᠲᠤ ᠰᠠᠬᠢᠵᠤ᠂ ᠥᠨᠳᠥᠷ ᠲᠦᠪᠰᠢᠨᠲᠦ ᠠᠮᠤᠷ ᠲᠦᠪᠰᠢᠨ᠎ᠢᠶᠡᠷ ᠴᠢᠨᠠᠷ ᠰᠠᠢᠲᠠᠢ ᠬᠥᠭᠵᠢᠯᠲᠡ᠎ᠶᠢ ᠪᠠᠲᠤᠯᠠᠬᠤ ᠬᠡᠷᠡᠭᠲᠡᠢ᠃

《ᠰᠠᠨᠠᠭᠤᠯᠭ᠎ᠠ》᠎ᠶᠢ ᠪᠥᠬᠥᠳᠡ ᠬᠤᠷᠠᠯᠳᠤᠭᠠᠨ᠎ᠢᠶᠠᠷ ᠬᠢᠨᠠᠨ ᠵᠥᠪᠯᠡᠵᠦ ᠪᠠᠲᠤᠯᠠᠪᠠ᠂ ᠲᠦᠷᠦ᠎ᠶᠢᠨ ᠶᠠᠪᠤᠳᠠᠯ᠎ᠤᠨ ᠬᠣᠷᠢᠶ᠎ᠠ ᠡᠭᠦᠨ᠎ᠢ ᠦᠨᠳᠦᠰᠦᠯᠡᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠲᠣᠪᠴᠢ᠎ᠶᠢ ᠲᠣᠭᠲᠠᠭᠠᠨ᠎ᠠ᠃ 《ᠰᠠᠨᠠᠭᠤᠯᠭ᠎ᠠ》᠎ᠳᠤ ᠲᠣᠳᠣᠷᠬᠠᠢ ᠲᠣᠭᠲᠠᠭᠠᠭᠰᠠᠨ ᠵᠢᠯᠤᠭᠣᠳᠬᠤ ᠴᠢᠭᠯᠡᠯᠲᠡ ᠪᠠ ᠬᠠᠷᠠᠯᠲᠠ ᠡᠭᠦᠷᠭᠡ᠎ᠶᠢ ᠠᠭᠤᠰᠤᠯᠴᠠᠭᠤᠯᠤᠨ ᠲᠤᠭᠤᠰᠢᠯᠠᠭᠤᠯᠵᠤ᠂ ᠬᠥᠲᠥᠯᠪᠦᠷᠢ᠎ᠶᠢ ᠨᠠᠢᠷᠠᠭᠤᠯᠤᠨ ᠵᠣᠬᠢᠶᠠᠬᠤ ᠠᠵᠢᠯ᠎ᠳᠤ ᠪᠦᠬᠦ ᠲᠠᠯ᠎ᠠ᠎ᠪᠠᠷ ᠢᠯᠡᠷᠡᠭᠦᠯᠵᠦ᠂ ᠡᠯ᠎ᠡ ᠲᠠᠯ᠎ᠠ᠎ᠶᠢᠨ ᠬᠢᠨ᠎ᠦ ᠰᠠᠨᠠᠯ ᠰᠠᠨᠠᠭᠤᠯᠭ᠎ᠠ᠎ᠶᠢ ᠥᠷᠭᠡᠨ᠎ᠢᠶᠡᠷ ᠰᠣᠨᠣᠰᠴᠤ᠂ ᠴᠢᠬᠤᠯᠠ ᠶᠡᠬᠡ ᠠᠰᠠᠭᠤᠳᠠᠯ᠎ᠤᠳ᠎ᠢ ᠭᠦᠨᠵᠡᠭᠡᠢ ᠰᠤᠳᠤᠯᠵᠤ᠂ ᠴᠢᠬᠤᠯᠠ ᠶᠡᠬᠡ ᠲᠦᠷᠦ᠎ᠶᠢᠨ ᠪᠣᠳᠣᠯᠭ᠎ᠠ᠂ ᠴᠢᠬᠤᠯᠠ ᠶᠡᠬᠡ ᠥᠭᠡᠷᠡᠴᠢᠯᠡᠯᠲᠡ᠂ ᠴᠢᠬᠤᠯᠠ ᠶᠡᠬᠡ ᠲᠥᠷᠥᠯ ᠵᠦᠢᠯ᠎ᠢ ᠤᠬᠠᠭᠠᠯᠠᠨ ᠲᠥᠯᠥᠪᠯᠡᠵᠦ ᠨᠠᠷᠢᠯᠢᠭ᠍ᠵᠢᠭᠤᠯᠤᠨ᠂ ᠴᠢᠨᠠᠷ ᠴᠢᠨᠰᠠᠭ᠎ᠠ᠎ᠪᠠᠷ ᠥᠨᠳᠥᠷ ᠬᠥᠲᠥᠯᠪᠦᠷᠢ᠎ᠶᠢ ᠲᠣᠭᠲᠠᠭᠠᠬᠤ ᠬᠡᠷᠡᠭᠲᠡᠢ᠃ ᠶᠡᠬᠡ ᠲᠠᠯ᠎ᠠ᠎ᠶᠢᠨ ᠤᠬᠠᠮᠰᠠᠷ ᠪᠠ ᠰᠢᠰᠲᠧᠮᠲᠦ ᠣᠢᠯᠠᠭᠠᠭᠳᠠᠬᠤᠨ᠎ᠢ ᠴᠢᠩᠭᠠᠳᠬᠠᠵᠤ᠂ ᠲᠤᠰᠬᠠᠢ ᠵᠦᠢᠯ᠎ᠦᠨ ᠲᠥᠯᠦᠪᠵᠢᠭᠦᠯᠭᠡ᠂ ᠣᠷᠣᠨ ᠪᠦᠰᠡ᠎ᠶᠢᠨ ᠲᠥᠯᠦᠪᠵᠢᠭᠦᠯᠭᠡ᠂ ᠣᠷᠣᠨ ᠵᠠᠢ᠎ᠶᠢᠨ ᠲᠥᠯᠦᠪᠵᠢᠭᠦᠯᠭᠡ ᠪᠠ ᠣᠷᠣᠨ ᠨᠤᠲᠤᠭ᠎ᠤᠨ ᠲᠥᠯᠦᠪᠵᠢᠭᠦᠯᠭᠡ᠎ᠶᠢ ᠲᠣᠭᠲᠠᠭᠠᠬᠤ᠎ᠳᠤ᠎ᠪᠠᠨ ᠴᠥᠮ ᠵᠢᠯᠤᠭᠣᠳᠬᠤ ᠴᠢᠭᠯᠡᠯᠲᠡ ᠱᠠᠭᠠᠷᠳᠠᠯᠭ᠎ᠠ᠎ᠶᠢ ᠭᠦᠢᠴᠡᠳ ᠢᠯᠡᠷᠡᠭᠦᠯᠵᠦ ᠨᠠᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠬᠥᠭᠵᠢᠯᠲᠡ᠎ᠶᠢᠨ ᠶᠡᠬᠡ ᠲᠠᠯ᠎ᠠ᠎ᠠᠴᠠ ᠪᠠᠢᠷᠢ ᠲᠣᠭᠲᠠᠭᠠᠯᠲᠠ᠎ᠪᠠᠨ ᠣᠨᠣᠪᠴᠢᠲᠠᠢ ᠣᠯᠵᠤ᠂ ᠰᠡᠳᠬᠢᠮᠵᠢ ᠠᠷᠭ᠎ᠠ ᠬᠡᠮᠵᠢᠶ᠎ᠡ᠎ᠳᠦ᠎ᠪᠡᠨ ᠰᠢᠨ᠎ᠡ᠎ᠶᠢ ᠡᠭᠦᠳᠴᠦ᠂ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠵᠣᠬᠢᠴᠠᠯᠳᠤᠭᠤᠯᠤᠨ ᠬᠠᠮᠵᠢᠯᠴᠠᠬᠤ᠎ᠪᠠᠨ ᠴᠢᠩᠭᠠᠳᠬᠠᠵᠤ᠂ ᠲᠥᠯᠦᠪᠵᠢᠭᠦᠯᠭᠡ᠎ᠶᠢ ᠰᠠᠢᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠪᠠᠷ ᠴᠢᠷᠮᠠᠢᠬᠤ ᠬᠡᠷᠡᠭᠲᠡᠢ᠃

ᠡᠭᠦᠷᠭᠡ ᠬᠠᠷᠢᠭᠤᠴᠠᠯᠭ᠎ᠠ ᠬᠥᠮᠥᠰ᠎ᠢ ᠡᠷᠡᠯᠬᠡᠭᠯᠡᠨ ᠤᠷᠤᠭᠰᠢᠯᠠᠭᠤᠯᠵᠤ᠂ ᠪᠣᠳᠠᠲᠠᠢ ᠠᠵᠢᠯᠯᠠᠭ᠎ᠠ᠎ᠪᠠᠷ᠎ᠢᠶᠠᠨ ᠢᠷᠡᠭᠡᠳᠦᠢ᠎ᠪᠡᠨ ᠴᠣᠭᠴᠠᠯᠠᠨ᠎ᠠ᠃ ᠪᠢᠳᠡ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠢᠯᠡᠭᠦᠦ ᠨᠢᠭ᠍ᠲᠠᠷᠠᠨ ᠪᠦᠯᠬᠦᠮᠳᠡᠵᠦ᠂ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠡᠷᠡᠰ ᠰᠢᠭᠤᠷᠬᠠᠢ᠎ᠪᠠᠷ ᠤᠷᠤᠭᠰᠢᠯᠠᠨ ᠳᠠᠪᠰᠢᠵᠤ᠂ ᠡᠷᠡᠯᠬᠡᠭ ᠪᠠᠭᠠᠲᠤᠷᠯᠢᠭ᠋ ᠵᠣᠷᠢᠭᠲᠠᠢ᠎ᠪᠠᠷ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ!

ᠢᠷᠡᠯᠲᠡ᠄ ᠠᠷᠠᠳ᠎ᠤᠨ ᠡᠳᠦᠷ᠎ᠦᠨ ᠰᠣᠨᠢᠨ
Baidu
map