ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠭᠦᠳᠡ ᠬᠤᠷᠠᠯᠳᠤᠭᠠᠨ   -   ᠰᠣᠷᠣᠯᠴᠠᠨ ᠲᠤᠭᠤᠱᠢᠯᠠᠭᠤᠯᠤᠶ᠎ᠠ
ᠱᠢᠰᠲ᠋ᠧᠮ᠎ᠲᠡᠶ ᠲᠥᠯᠥᠪᠯᠡᠨ ᠬᠥᠭ᠌ᠵᠢᠯᠲᠡ᠎ᠶ᠋ᠢ ᠠᠬᠢᠭᠤᠯᠵᠤ ᠴᠤᠴᠠᠯᠲᠠ ᠦᠭᠡᠢ ᠤᠷᠤᠭ᠍ᠰᠢᠯᠠᠨ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠨ᠎ᠡ — ᠦᠪᠦᠷ ᠮᠤᠨᠭᠭᠤᠯ᠎ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠷᠨᠢᠯᠲᠡ᠎ᠶ᠋ᠢ ᠦᠳᠲᠡᠷ ᠲᠦᠷᠭᠡᠨ ᠭᠠᠷᠭᠠᠪᠠ
ᠨᠡᠶ᠋ᠢᠲᠡᠯᠡᠭᠰᠡᠨ ᠴᠠᠭ᠄ 2025-11-05

ᠤᠢ᠍ᠢᠷ᠎ᠠ᠎ᠶ᠋ᠢᠨ ᠡᠳᠦᠷ᠎ᠦᠳ᠎ᠲᠦ᠂ ᠪᠦᠬᠦ ᠤᠷᠤᠨ᠎ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠭᠠᠷᠭᠠᠵᠤ᠂ ᠱᠢᠰᠲ᠋ᠧᠮ᠎ᠲᠡᠶ ᠲᠥᠯᠥᠪᠯᠡᠨ᠂ ᠨᠢᠭᠡ ᠴᠤᠬ᠍ᠴᠠᠵᠢᠭᠤᠯᠤᠨ ᠠᠬᠢᠭᠤᠯᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠵᠦ ᠪᠠᠢᠨ᠎ᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠠᠭᠤᠰᠤᠯᠴᠠᠭᠤᠯᠤᠨ ᠨᠡᠪᠲᠡᠷᠡᠯᠴᠡᠭᠦᠯᠵᠦ᠍᠂ ᠨᠢᠭᠡ ᠴᠣᠭ᠍ᠴᠠᠵᠢᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ᠃ ᠤᠬᠠᠭᠤᠯᠤᠨ ᠲᠠᠢᠯᠪᠤᠷᠢᠯᠠᠬᠤ ᠠᠵᠢᠯ᠎ᠢ ᠭᠦᠨᠵᠡᠭᠡᠶ ᠥᠷᠨᠢᠭᠦᠯᠵᠦ᠍᠂ ᠥᠪᠥᠷ ᠮᠣᠩᠭᠣᠯ᠎ᠤᠨ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠰᠦᠯᠵᠢᠶ᠎ᠡ ᠵᠡᠷᠭᠡ ᠠᠴᠢᠶᠠᠯᠠᠪᠤᠷᠢ᠎ᠶ᠋ᠢ ᠭᠦᠶ᠋ᠴᠡᠳ ᠠᠱᠢᠭ᠍ᠯᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠥᠳᠭᠡᠨ ᠵᠤᠵᠠᠭᠠᠨ ᠠᠭᠤᠷ ᠠᠮᠢᠰᠭᠤᠯ᠎ᠢ ᠢᠳᠡᠪᠬᠢᠲᠡᠶ ᠪᠣᠶ ᠪᠣᠯᠭᠠᠬᠤ ᠬᠡᠷᠡᠭ᠌ᠲᠡᠶ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠳᠤ ᠠᠭᠤᠰᠤᠯᠴᠠᠭᠤᠯᠵᠤ᠂ 《ᠴᠢᠨᠠᠷ ᠰᠠᠢᠲᠠᠶ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ》ᠠᠵᠢᠯ᠎ᠤᠨ ᠬᠠᠷᠠᠯᠲᠠ ᠎ᠳᠤ ᠠᠩᠬᠠᠷᠤᠯ ᠎ᠢᠶᠠᠨ ᠲᠥᠪᠯᠡᠷᠡᠭᠦᠯᠵᠦ᠍᠂ ᠰᠤᠷᠲᠠᠯ᠎ᠢᠶᠠᠨ ᠴᠢᠩᠭᠠᠳᠭᠠᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠵᠤ᠂ ᠦᠷ᠎ᠡ ᠪᠦᠲᠦᠮᠵᠢ᠎ᠪᠡᠨ ᠴᠢᠩᠭᠠᠳᠭᠠᠵᠤ᠂ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠡᠯ᠎ᠡ ᠵᠦᠶ᠋ᠯ᠎ᠦᠨ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠴᠢᠨᠠᠭ᠍ᠰᠢᠳᠠ ᠠᠬᠢᠭᠤᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠥᠲᠥᠭᠡᠨ ᠪᠠᠢᠭᠤᠯᠬᠤ᠎ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠦ ᠱᠠᠭᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠨᠠᠮ᠎ᠤᠨ ᠤᠳᠤᠷᠢᠳᠭᠤ ᠳᠤᠭᠤᠢᠯᠠᠩ᠎ᠤᠨ (ᠥᠷᠭᠡᠳᠭᠡᠭ᠌ᠰᠡᠨ) ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠠᠵᠢᠯ᠎ᠢ ᠲᠡᠭᠦᠰ ᠠᠮᠵᠢᠯᠲᠠ᠎ᠲᠠᠶ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠴᠢᠨᠠᠷ ᠰᠠᠢᠲᠠᠶ ᠠᠬᠢᠭᠤᠯᠵᠤ᠂ ᠥᠪᠥᠷ ᠮᠣᠩᠭᠣᠯ᠎ᠤᠨ ᠣᠨᠴᠠᠯᠢᠭᠳᠤ ᠳᠠᠪᠠᠭᠤᠯᠢᠭ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠬᠤ ᠬᠡᠷᠡᠭ᠌ᠲᠡᠶ᠃ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ᠎ᠶ᠋ᠢᠨ ᠲᠡᠦᠬᠡ᠎ᠶ᠋ᠢᠨ ᠠᠵᠠ ᠲᠣᠬᠢᠶᠠᠯ᠎ᠢ ᠠᠮᠵᠢᠨ ᠠᠳᠭᠤᠵᠤ᠂ 《ᠳᠥᠷᠪᠡ᠎ᠳᠤ ᠬᠠᠨᠳᠤᠭᠤᠯᠬᠤ》᠎ᠶᠢ ᠪᠠᠷᠢᠮᠲᠠᠯᠠᠨ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶ᠋ᠢ ᠰᠠᠢᠲᠤᠷ ᠪᠦᠲᠦᠭᠡᠨ ᠪᠠᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠣᠭ᠍ᠴᠠᠵᠢᠭᠤᠯᠤᠨ ᠬᠥᠭ᠌ᠵᠢᠬᠦᠯᠬᠦ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠣᠨᠴᠠᠯᠢᠭ᠍ᠲᠤ ᠤᠯᠠᠮᠵᠢᠯᠠᠯᠲᠤ ᠠᠵᠤ ᠦᠢᠯᠡᠰ᠎ᠢ ᠳᠡᠭᠡᠭ᠌ᠰᠢᠯᠡᠬᠦᠯᠬᠦ᠂ ᠱᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠤᠵᠠᠭᠠᠢᠷᠠᠭᠤᠯᠬᠤ ᠪᠠ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠵᠦ᠍ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠲᠦᠷᠭᠡᠳᠭᠡᠵᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠤᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠲᠦᠷᠭᠡᠳᠭᠡᠨ ᠠᠬᠢᠭᠤᠯᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠲᠠᠰᠤᠷᠠᠯᠲᠠ ᠦᠭᠡᠢ ᠪᠣᠶ ᠪᠣᠯᠭᠠᠨ᠂ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠦᠷᠭᠦᠯᠵᠢᠯᠡᠨ ᠨᠡᠮᠡᠭ᠌ᠳᠡᠭᠦᠯᠵᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠤᠯᠤᠰ᠎ᠢᠶᠠᠨ ᠬᠦᠴᠦᠷᠬᠡᠭ᠌ᠵᠢᠭᠦᠯᠬᠦ᠌ ᠠᠤᠭ᠎ᠠ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ ᠨᠠᠮ᠎ᠤᠨ ᠤᠳᠤᠷᠢᠳᠭᠤ ᠳᠤᠭᠤᠢᠯᠠᠩ᠎ᠤᠨ (ᠥᠷᠭᠡᠳᠭᠡᠭ᠌ᠰᠡᠨ) ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠨᠠᠮ᠎ᠤᠨ ᠲᠥᠪ ᠬᠤᠷᠢᠶ᠎ᠠ᠎ᠶᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠬᠥᠭ᠌ᠵᠢᠯᠲᠡ᠎ᠶ᠋ᠢᠨ ᠲᠤᠬᠠᠢ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠵᠦ᠍᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠶᠡᠬᠡ ᠲᠠᠯ᠎ᠠ᠎ᠡᠴᠡ ᠡᠭᠦᠰᠴᠦ᠍᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠥᠭ᠌ᠵᠢᠯᠲᠡ᠎ᠶ᠋ᠢ ᠠᠬᠢᠭᠤᠯᠬᠤ ᠪᠣᠳᠠᠲᠠᠢ ᠰᠡᠳᠭᠢᠴᠡ ᠪᠠ ᠪᠣᠳᠠᠲᠠᠢ᠎ᠶ᠋ᠢ ᠡᠷᠬᠢᠮᠯᠡᠬᠦ᠌ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭ᠌ᠲᠡᠢ᠃ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠎ᠪᠠᠷ ᠲᠡᠷᠢᠭᠦᠨ ᠬᠠᠷᠢᠭᠤᠴᠠᠯᠭ᠎ᠠ ᠪᠣᠯᠭᠠᠵᠤ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠵᠦ᠍᠂ ᠲᠣᠰ ᠭᠠᠵᠠᠷ᠎ᠤᠨ ᠡᠨᠧᠷᠭᠢ᠎ᠶ᠋ᠢ ᠱᠢᠩᠭᠡᠭᠡᠬᠦ᠌ ᠪᠠ ᠭᠠᠳᠠᠭ᠍ᠰᠢ ᠬᠦᠷᠭᠡᠬᠦ᠌᠎ᠶ᠋ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠱᠢᠨ᠎ᠡ ᠡᠨᠧᠷᠭᠢ᠎ᠶ᠋ᠢ ᠬᠡᠪᠴᠢᠶᠡᠵᠢᠭᠦᠯᠦᠨ ᠨᠡᠭᠡᠭᠡᠨ ᠬᠥᠭ᠌ᠵᠢᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠰᠤᠷᠪᠤᠯᠵᠢ ᠲᠤᠤᠷ ᠳᠠᠭᠠᠭᠠᠴᠠ ᠨᠥᠭᠡᠴᠡᠯᠡᠯᠳᠡ ᠵᠢᠨ ᠡᠯ᠎ᠡ ᠭᠣᠭ᠍ᠴᠣᠭ᠎ᠠ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠦᠨ ᠪᠦᠲᠦᠬᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠱᠢᠨ᠎ᠡ ᠡᠨᠧᠷᠭᠢ᠎ᠪᠡᠷ ᠱᠢᠨ᠎ᠡ ᠠᠵᠤ ᠦᠶ᠋ᠯᠡᠳᠪᠦᠷᠢ᠎ᠶ᠋ᠢ ᠳᠠᠢᠴᠢᠯᠠᠵᠤ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠦᠨᠳᠦᠰᠦᠨ ᠬᠥᠳᠡᠯᠭᠡᠬᠦ᠌ ᠬᠦᠴᠦᠨ ᠪᠣᠯᠭᠠᠵᠤ᠂ ᠡᠨᠧᠷᠭᠢ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ᠂ ᠱᠢᠨ᠎ᠡ ᠳᠠᠪᠠᠭᠤᠯᠢᠭ᠎ᠢ ᠪᠥᠬᠥ᠌ ᠲᠠᠯ᠎ᠠ᠎ᠪᠠᠷ ᠪᠣᠶ ᠪᠣᠯᠭᠠᠬᠤ ᠬᠡᠷᠡᠭ᠌ᠲᠡᠶ ᠭᠡᠵᠦ ᠱᠠᠭᠠᠷᠳᠠᠪᠠ᠃

ᠤᠯᠠᠭᠠᠨᠴᠠᠪ ᠬᠣᠲᠠ᠎ᠶ᠋ᠢᠨ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠲᠠᠶ ᠪᠥᠬᠥ᠌ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠤᠯᠠᠭᠠᠨᠴᠠᠪ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠥᠲᠥᠭᠡᠨ ᠪᠠᠢᠭᠤᠯᠬᠤ ᠲᠠᠯ᠎ᠡ ᠪᠡᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃ ᠤᠯᠠᠭᠠᠨᠴᠠᠪ ᠬᠤᠳᠠ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠵᠤᠤ ᠭᠤᠸᠠᠩ᠄ 《〈ᠠᠷᠪᠠᠨ ᠲᠠᠪᠤᠳᠤᠭᠠᠷ ᠲᠠᠪᠤᠨ ᠵᠢᠯ〉 ᠢ᠋ ᠪᠠᠷᠠᠯᠠᠬᠤᠶ᠎ᠠ᠂ ᠱᠢᠨ᠎ᠡ ᠡᠨᠧᠷᠭᠢ ᠪᠦᠬᠦ᠌ ᠲᠠᠯ᠎ᠠ᠎ᠪᠠᠷ ᠵᠠᠬ᠎ᠠ ᠳᠡᠯᠭᠡᠭᠦᠷᠴᠢᠯᠡᠨ ᠬᠥᠭ᠌ᠵᠢᠬᠦ᠌ ᠱᠢᠨ᠎ᠡ ᠱᠠᠲᠤᠨ᠎ᠳᠤ ᠣᠷᠣᠬᠤ ᠪᠣᠯᠤᠨ᠎ᠠ᠂ ᠪᠢᠳᠡ ᠲᠥᠯᠥᠪᠵᠢᠭᠦᠯᠭᠡ᠎ᠪᠡᠷ ᠬᠥᠲᠥᠯᠪᠦᠷᠢ ᠪᠣᠯᠭᠠᠵᠤ᠂ ᠪᠣᠳᠠᠲᠠᠢ ᠠᠵᠢᠯᠯᠠᠬᠤ᠎ᠪᠠᠷ ᠳᠠᠮᠵᠢᠨ ᠵᠢᠷᠤᠭ ᠲᠥᠰᠦᠪ᠎ᠢ ᠨᠠᠷᠢᠯᠢᠭ ᠪᠣᠳᠠᠲᠠᠢ ᠨᠠᠢᠳᠠᠪᠤᠷᠢᠵᠢᠭᠤᠯᠬᠤ ᠬᠡᠷᠡᠭ᠌ᠲᠡᠢ᠃ ᠨᠢᠭᠡ ᠲᠠᠯ᠎ᠠ᠎ᠪᠠᠷ ᠬᠡᠪᠴᠢᠶ᠎ᠡ᠎ᠶ᠋ᠢ ᠥᠷᠭᠡᠳᠭᠡᠬᠦ᠌᠎ᠶ᠋ᠢ ᠠᠳᠭᠤᠵᠤ᠂ ᠨᠥᠭᠥᠭᠡ ᠲᠠᠯ᠎ᠠ᠎ᠪᠠᠷ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠳᠭᠤᠵᠤ᠂ ᠲᠡᠮᠦᠷ᠎ᠦᠨ ᠬᠠᠢᠯᠤᠰᠢ᠂ ᠲᠣᠮᠣ ᠳ᠋ᠠᠢᠲ᠋ᠠ᠂ ᠤᠰᠤᠲᠥ᠋ᠷᠥᠭ᠌ᠴᠢ ᠱᠢᠪᠲᠦᠷᠲᠦ ᠠᠯᠺᠣᠣᠯ ᠬᠢᠭᠡᠳ ᠪᠤᠬᠢᠷᠳᠤᠯ ᠦᠭᠡᠢ ᠴᠠᠬᠢᠯᠭᠠᠨ᠎ᠢ ᠭᠦᠨᠵᠡᠭᠡᠶ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ 〈ᠪᠤᠬᠢᠷᠳᠤᠯ ᠦᠭᠡᠢ ᠴᠠᠬᠢᠯᠭᠠᠨ᠎ᠢ ᠲᠤᠬᠠᠶ᠎ᠶ᠋ᠢᠨ ᠭᠠᠵᠠᠷ᠎ᠲᠤᠨᠢ ᠬᠡᠷᠡᠭ᠌ᠯᠡᠬᠦ᠌〉᠎ᠶᠢ ᠪᠡᠶᠡᠯᠡᠭᠦᠯᠦᠨ᠎ᠡ》 ᠭᠡᠵᠦ ᠬᠡᠯᠡᠪᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map