ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠳᠦᠷᠢᠮ (ᠬᠤᠶᠠᠷ)
ᠨᠡᠶ᠋ᠢᠲᠡᠯᠡᠭᠰᠡᠨ ᠴᠠᠭ᠄ 2024-12-17

    ᠨᠠᠢ᠍ᠮᠠᠳᠤᠭ᠋ᠠᠷ ᠵᠦᠢ᠍ᠯ   ᠳᠡᠭᠡᠳᠦ ᠱᠠᠲᠤᠨ᠎ᠤ ᠰᠠᠯᠠᠭ᠎ᠠ ᠮᠥᠴᠢᠷ᠎ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠬᠦᠯᠢᠶᠡᠨ ᠠᠪᠴᠤ ᠰᠢᠢᠳᠪᠦᠷᠢᠯᠡᠬᠦ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠳᠡᠭᠡᠳᠦ ᠱᠠᠲᠤᠨ᠎ᠤ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ᠎ᠤᠨ ᠵᠦᠢ᠍ᠯ᠎ᠢ ᠬᠦᠯᠢᠶᠡᠨ ᠠᠪᠤᠭᠰᠠᠨ ᠪᠣᠯ ᠠᠯᠪᠠᠨ ᠭᠡᠷ᠎ᠠᠴᠠ ᠨᠢᠭᠡᠳᠦᠯᠲᠡᠶ ᠳᠠᠩᠰᠠᠯᠠᠨ ᠳ᠋ᠤᠭ᠋ᠠᠷᠯᠠᠬᠤ ᠵᠢᠨ ᠬᠠᠮᠲᠤ ᠪᠠᠢ᠌ᠳᠠᠯ᠎ᠢ᠎ᠨᠢ ᠢᠯᠭ᠋ᠠᠵᠤ ᠰᠢᠢᠳᠪᠦᠷᠢᠯᠡᠬᠦ ᠬᠡᠷᠡᠭᠲᠡᠶ᠄ ᠲᠣᠭᠲᠠᠭ᠋ᠠᠯ᠎ᠳᠤ ᠨᠡᠢ᠌ᠴᠡᠵᠦ᠂ ᠮᠠᠨ᠎ᠤ ᠲᠢᠩᠬᠢᠮ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ᠎ᠳᠤ ᠬᠠᠷᠢᠶᠠᠯᠠᠭᠳᠠᠪᠠᠯ᠂ ᠲᠢᠩᠬᠢᠮ᠎ᠤᠨ ᠤᠳᠤᠷᠢᠳᠤᠯᠭ᠎ᠠ᠎ᠳᠤ ᠮᠡᠳᠡᠭᠦᠯᠦᠨ ᠦᠵᠡᠭᠦᠯᠵᠦ ᠵᠥᠪᠰᠢᠶᠡᠷᠡᠭᠦᠯᠬᠦ ᠵᠢᠨ ᠬᠠᠮᠲᠤ ᠴᠣᠬᠣᠯᠠᠪᠤᠷᠢ ᠵᠢ ᠦᠨᠳᠦᠰᠦᠯᠡᠨ ᠰᠢᠢᠳᠪᠦᠷᠢᠯᠡᠨ᠎ᠡ; ᠢᠯᠭ᠋ᠠᠨ ᠲᠣᠳᠣᠯᠠᠭ᠋ᠠᠳ ᠲᠣᠭᠲᠠᠭ᠋ᠠᠯ᠎ᠳᠤ ᠨᠡᠢ᠌ᠴᠡᠬᠦ ᠦᠭᠡᠶ᠂ ᠮᠠᠨ᠎ᠤ ᠲᠢᠩᠬᠢᠮ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ᠎ᠳᠤ ᠬᠠᠷᠢᠶᠠᠯᠠᠭᠳᠠᠬᠤ ᠦᠭᠡᠶ ᠵᠠᠬᠢᠳᠠᠯ ᠰᠤᠷᠪᠤᠯᠵᠢᠯᠠᠯ᠎ᠤᠨ ᠵᠦᠢ᠍ᠯ᠎ᠢ ᠪᠣᠯ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 5 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠳᠠᠮᠵᠢᠭᠤᠯᠤᠨ ᠰᠢᠢᠳᠪᠦᠷᠢᠯᠡᠭᠦᠯᠬᠦ᠎ᠪᠠᠷ ᠭᠤᠶᠤᠴᠢᠯᠠᠬᠤ ᠬᠡᠷᠡᠭᠲᠡᠶ; ᠳᠣᠣᠷ᠎ᠠ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠯᠠᠭ᠎ᠠ ᠮᠥᠴᠢᠷ᠎ᠤᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ᠎ᠳᠠᠬᠢ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠳᠣᠣᠷ᠎ᠠ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠯᠠᠭ᠎ᠠ ᠮᠥᠴᠢᠷ᠎ᠲᠤ ᠰᠢᠭᠤᠳ ᠰᠢᠯᠵᠢᠭᠦᠯᠦᠨ ᠬᠦᠷᠭᠡᠨ᠎ᠡ  ᠃
    ᠶᠢᠰᠦᠳᠦᠭᠡᠷ ᠵᠦᠢ᠍ᠯ   ᠨᠢᠭᠡᠨᠲᠡ ᠵᠠᠭ᠋ᠠᠯᠳᠤᠬᠤ᠂ ᠬᠥᠨᠳᠡᠯᠡᠨ᠎ᠠᠴᠠ ᠲᠠᠰᠤᠯᠬᠤ᠂ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ ᠵᠡᠷᠭᠡ ᠬᠠᠤᠯᠢ᠎ᠪᠠᠷ ᠲᠣᠭᠲᠠᠭ᠋ᠠᠭᠰᠠᠨ ᠠᠷᠭ᠎ᠠ ᠵᠠᠮ ᠵᠶ᠋ᠠᠷ ᠳᠠᠮᠵᠢᠭᠤᠯᠤᠨ ᠰᠢᠢᠳᠪᠦᠷᠢᠯᠡᠭᠰᠡᠨ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠬᠦᠯᠢᠶᠡᠨ ᠠᠪᠴᠤ ᠰᠢᠢᠳᠪᠦᠷᠢᠯᠡᠬᠦ ᠦᠭᠡᠶ᠂ ᠭᠡᠪᠡᠴᠦ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠵᠢᠷᠤᠮ ᠶᠣᠰᠣᠭ᠋ᠠᠷ ᠬᠣᠯᠪᠣᠭᠳᠠᠯ ᠪᠦᠬᠦᠢ ᠪᠠᠢ᠌ᠭᠤᠯᠭ᠎ᠠ᠎ᠳᠤ ᠳᠤᠷᠠᠳᠤᠭ᠋ᠠᠷᠠᠶ ᠭᠡᠵᠦ ᠵᠠᠬᠢᠳᠠᠯ ᠰᠤᠷᠪᠤᠯᠵᠢᠯᠠᠭ᠎ᠠ ᠬᠢᠭᠰᠡᠳ᠎ᠲᠤ ᠮᠡᠳᠡᠭᠳᠡᠬᠦ ᠬᠡᠷᠡᠭᠲᠡᠶ  ᠃
    ᠠᠷᠪᠠᠳᠤᠭ᠋ᠠᠷ ᠵᠦᠢ᠍ᠯ   ᠨᠢᠭᠡᠨᠲᠡ ᠵᠢᠷᠤᠮ ᠶᠣᠰᠣᠭ᠋ᠠᠷ ᠰᠢᠢ᠍ᠳᠪᠦᠷᠢᠯᠡᠵᠦ ᠳᠠᠭᠤᠰᠬᠠᠭᠰᠠᠨ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠂ ᠨᠢᠭᠡᠨᠲᠡ ᠬᠠᠷᠢᠭᠤ ᠥᠭᠭᠦᠭᠰᠡᠨ ᠳᠠᠪᠬᠤᠷ ᠢᠷᠡᠭᠦᠯᠦᠭᠰᠡᠨ ᠵᠠᠬᠢᠳᠠᠯ᠂ ᠯᠠᠪᠯᠠᠯᠲᠠ ᠪᠣᠯᠭ᠋ᠠᠬᠤ ᠦᠨ᠎ᠡ ᠦᠷᠲᠡᠭ ᠦᠭᠡᠢ ᠪᠤᠶᠤ ᠠᠭᠤᠯᠭ᠎ᠠ᠎ᠨᠢ ᠲᠣᠳᠣᠷᠬᠠᠢ ᠦᠭᠡᠢ ᠢᠷᠡᠭᠦᠯᠦᠭᠰᠡᠨ ᠵᠠᠬᠢᠳᠠᠯ᠎ᠢ ᠳᠥᠭᠥᠮᠴᠢᠯᠡᠨ ᠳᠠᠩᠰᠠᠯᠠᠵᠤ᠂ ᠬᠠᠳᠠᠭ᠋ᠠᠯᠠᠭᠰᠠᠨ ᠵᠠᠬᠢᠳᠠᠯ ᠵᠶ᠋ᠠᠷ ᠰᠢᠢ᠍ᠳᠪᠦᠷᠢᠯᠡᠨ᠎ᠡ᠂ ᠰᠢᠢ᠍ᠳᠪᠦᠷᠢᠯᠡᠵᠦ ᠥᠭᠬᠦ ᠦᠭᠡᠢ  ᠃
    ᠠᠷᠪᠠᠨ ᠨᠢᠭᠡᠳᠦᠭᠡᠷ   ᠵᠦᠢ᠍ᠯ ᠬᠡᠷᠡᠭ ᠳᠠᠭ᠋ᠠᠭ᠋ᠠᠴᠢᠯᠠᠬᠤ ᠭᠠᠵᠠᠷ ᠭᠡᠷ᠂ ᠨᠢᠭᠡᠴᠢ ᠵᠠᠬᠢᠳᠠᠯ ᠰᠤᠷᠪᠤᠯᠵᠢᠯᠠᠭ᠎ᠠ ᠵᠢ ᠬᠦᠯᠢᠶᠡᠨ ᠠᠪᠬᠤ᠃ ᠬᠡᠷᠡᠭ ᠳᠠᠭ᠋ᠠᠭ᠋ᠠᠴᠢᠯᠠᠭᠰᠠᠨ ᠭᠠᠵᠠᠷ ᠭᠡᠷ᠂ ᠨᠢᠭᠡᠴᠡ ᠰᠤᠷᠪᠤᠯᠵᠢᠯᠠᠯ ᠬᠢᠬᠦ᠎ᠪᠠᠷ ᠢᠷᠡᠭᠰᠡᠨ ᠣᠯᠠᠨ ᠲᠦᠮᠡᠨ᠎ᠲᠠᠢ ᠴᠠᠭ ᠲᠤᠬᠠᠶ᠎ᠳᠤᠨᠢ ᠶᠠᠷᠢᠯᠴᠠᠵᠤ᠂ ᠨᠠᠷᠢᠨ ᠪᠠᠢ᠌ᠳᠠᠯ᠎ᠢ᠎ᠨᠢ ᠣᠢ᠌ᠯᠠᠭ᠋ᠠᠵᠤ᠂ ᠲᠤᠬᠠᠶ ᠵᠢᠨ ᠭᠠᠵᠠᠷ᠎ᠲᠤᠨᠢ ᠰᠢᠢᠳᠪᠦᠷᠢᠯᠡᠵᠦ ᠪᠣᠯᠬᠤ ᠵᠢ᠎ᠨᠢ ᠴᠠᠭ ᠲᠤᠬᠠᠶ᠎ᠳᠤᠨᠢ ᠰᠢᠢᠳᠪᠦᠷᠢᠯᠡᠬᠦ ᠰᠠᠨᠠᠯ ᠵᠶ᠋ᠠᠨ ᠳᠤᠷᠠᠳᠬᠤ ᠬᠡᠷᠡᠭᠲᠡᠶ᠂ ᠲᠤᠬᠠᠶ ᠵᠢᠨ ᠭᠠᠵᠠᠷ᠎ᠲᠤᠨᠢ ᠰᠢᠢᠳᠪᠦᠷᠢᠯᠡᠵᠦ ᠳᠡᠢ᠌ᠯᠬᠦ ᠦᠭᠡᠶ ᠵᠢ᠎ᠨᠢ ᠬᠠᠷᠢᠭᠤᠯᠲᠠ ᠥᠭᠬᠦ ᠵᠢ ᠮᠡᠳᠡᠭᠳᠡᠬᠦ ᠴᠠᠭ᠂ ᠰᠤᠷᠪᠤᠯᠵᠢᠯᠠᠯ ᠬᠢᠭᠰᠡᠨ ᠣᠯᠠᠨ ᠲᠦᠮᠡᠨ᠎ᠢ ᠢᠳᠬᠠᠨ ᠪᠤᠴᠠᠭ᠋ᠠᠬᠤ ᠠᠵᠢᠯ᠎ᠢ ᠰᠠᠢ᠌ᠲᠤᠷ ᠬᠢᠬᠦ ᠬᠡᠷᠡᠭᠲᠡᠶ᠃ ᠲᠢᠩᠬᠢᠮ᠎ᠤᠨ ᠤᠳᠤᠷᠢᠳᠤᠯᠭ᠎ᠠ᠎ᠲᠠᠢ ᠠᠭᠤᠯᠵᠠᠬᠤ᠎ᠪᠠᠷ ᠱᠠᠭ᠋ᠠᠷᠳᠠᠭᠰᠠᠨ ᠪᠠᠢ᠌ᠪᠠᠯ᠂ ᠬᠡᠷᠡᠭ ᠳᠠᠭ᠋ᠠᠭ᠋ᠠᠴᠢᠯᠠᠬᠤ ᠭᠠᠵᠠᠷ ᠭᠡᠷ᠂ ᠨᠢᠭᠡᠴᠢ᠎ᠠᠴᠠ ᠪᠠᠢ᠌ᠳᠠᠯ᠎ᠢ ᠦᠵᠡᠵᠦ ᠬᠣᠯᠪᠣᠭᠳᠠᠯ ᠪᠦᠬᠦᠢ ᠤᠳᠤᠷᠢᠳᠤᠯᠭ᠎ᠠ᠎ᠠᠴᠠ ᠵᠢᠭ᠋ᠠᠪᠤᠷᠢ ᠠᠪᠴᠤ ᠲᠣᠭᠲᠠᠭ᠋ᠠᠨ᠎ᠠ  ᠃ ᠰᠤᠷᠪᠤᠯᠵᠢᠯᠠᠯ ᠬᠢᠬᠦ᠎ᠪᠠᠷ ᠢᠷᠡᠭᠰᠡᠨ ᠣᠯᠠᠨ ᠲᠦᠮᠡᠨ᠎ᠢ ᠭᠥᠯᠢᠶᠡᠨ ᠠᠪᠬᠤ ᠶᠠᠪᠤᠴᠠ᠎ᠳᠤ᠂ ᠰᠤᠷᠪᠤᠯᠵᠢᠯᠠᠯ ᠬᠢᠬᠦ᠎ᠪᠠᠷ ᠢᠷᠡᠭᠰᠡᠨ ᠬᠥᠮᠦᠰ᠎ᠤᠨ ᠤᠷᠮ᠎ᠠ ᠰᠡᠳᠬᠢᠯᠭᠡ ᠵᠢ ᠴᠠᠭ ᠲᠤᠬᠠᠶ᠎ᠳᠤᠨᠢ ᠠᠩᠬᠠᠷᠤᠨ ᠠᠵᠢᠭᠯᠠᠵᠤ᠂ ᠦᠵᠡᠯ ᠰᠠᠨᠠᠭ᠎ᠠ ᠵᠢ᠎ᠨᠢ ᠬᠥᠲᠥᠯᠥᠨ ᠵᠢᠯᠣᠭᠣᠳᠬᠤ ᠠᠵᠢᠯ᠎ᠢ ᠰᠠᠢ᠌ᠲᠤᠷ ᠬᠢᠵᠦ᠂ ᠬᠡᠪ᠎ᠤᠨ ᠪᠤᠰᠤ ᠪᠠᠢ᠌ᠳᠠᠯ ᠭᠠᠷᠪᠠᠯ᠂ ᠲᠢᠩᠬᠢᠮ᠎ᠤᠨ ᠤᠳᠤᠷᠢᠳᠤᠯᠭ᠎ᠠ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ  ᠃
    ᠠᠷᠪᠠᠨ ᠬᠣᠶᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠬᠦᠷᠴᠦ ᠳᠡᠭᠡᠭᠰᠢ ᠰᠤᠷᠪᠤᠯᠵᠢᠯᠠᠯ ᠬᠢᠭᠰᠡᠨ ᠵᠠᠬᠢᠳᠠᠯ ᠰᠤᠷᠪᠤᠯᠵᠢᠯᠠᠯ ᠬᠢᠭᠰᠡᠳ᠎ᠢ ᠠᠯᠪᠠᠨ ᠭᠡᠷ᠂ ᠬᠡᠷᠡᠭ ᠳᠠᠭ᠋ᠠᠭ᠋ᠠᠴᠢᠯᠠᠨ ᠰᠢᠢᠳᠪᠦᠷᠢᠯᠡᠬᠦ ᠭᠠᠵᠠᠷ ᠭᠡᠷ ᠨᠢᠭᠡᠴᠡ ᠴᠠᠭ ᠲᠤᠬᠠᠶ᠎ᠳᠤᠨᠢ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠨᠡᠪᠲᠡᠷᠡᠯᠴᠡᠨ ᠵᠣᠯᠭ᠋ᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠱᠠᠭ᠋ᠠᠷᠳᠠᠯᠭ᠎ᠠ ᠶᠣᠰᠣᠭ᠋ᠠᠷ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ  ᠃
    ᠠᠷᠪᠠᠨ ᠭᠤᠷᠪᠠᠳᠤᠭ᠋ᠠᠷ ᠵᠦᠢ᠍ᠯ   ᠨᠢᠭᠡᠨᠲᠡ ᠬᠦᠯᠢᠶᠡᠨ ᠠᠪᠴᠤ ᠰᠢᠢᠳᠪᠦᠷᠢᠯᠡᠭᠰᠡᠨ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠰᠢᠢᠳᠪᠦᠷᠢᠯᠡᠬᠦ  ᠃ ᠬᠡᠷᠡᠭ ᠳᠠᠭ᠋ᠠᠭ᠋ᠠᠴᠢᠯᠠᠬᠤ ᠭᠠᠵᠠᠷ ᠭᠡᠷ᠂ ᠨᠢᠭᠡᠴᠢ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 60 ᠡᠳᠦᠷ᠎ᠤᠨ ᠳᠣᠲᠣᠷ᠎ᠠ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠰᠢᠢ᠍ᠳᠪᠦᠷᠢᠯᠡᠵᠦ ᠳᠠᠭᠤᠰᠬᠠᠬᠤ ᠬᠡᠷᠡᠭᠲᠡᠢ  ᠃ ᠪᠠᠢ᠌ᠳᠠᠯ᠎ᠨᠢ ᠪᠤᠳᠤᠯᠢᠶᠠᠨᠲᠠᠢ ᠪᠠᠢ᠌ᠪᠠᠯ᠂ ᠬᠡᠷᠡᠭ᠎ᠢ ᠳᠠᠭ᠋ᠠᠭ᠋ᠠᠴᠢᠯᠠᠬᠤ ᠲᠢᠩᠬᠢᠮ᠎ᠤᠨ ᠤᠳᠤᠷᠢᠳᠤᠯᠭ᠎ᠠ᠎ᠪᠠᠷ ᠵᠥᠪᠰᠢᠶᠡᠷᠡᠭᠦᠯᠦᠭᠡᠳ ᠰᠢᠢ᠍ᠳᠪᠦᠷᠢᠯᠡᠬᠦ ᠬᠤᠭᠤᠴᠠᠭ᠎ᠠ ᠵᠢ ᠵᠣᠬᠢᠰᠲᠠᠢ᠎ᠪᠠᠷ ᠤᠷᠲᠤᠳᠬᠠᠵᠤ ᠪᠣᠯᠤᠨ᠎ᠠ᠂ ᠭᠡᠪᠡᠴᠦ ᠤᠷᠲᠤᠳᠬᠠᠬᠤ ᠬᠤᠭᠤᠴᠠᠭ᠎ᠠ ᠵᠢ 30 ᠡᠳᠦᠷ᠎ᠠᠴᠠ ᠬᠡᠲᠦᠷᠡᠭᠦᠯᠵᠦ ᠪᠣᠯᠬᠤ ᠦᠭᠡᠢ ᠪᠥᠭᠡᠳ ᠵᠠᠬᠢᠳᠠᠯ ᠰᠤᠷᠪᠤᠯᠵᠢᠯᠠᠭ᠎ᠠ ᠬᠢᠭᠰᠡᠳ᠎ᠲᠤ ᠬᠤᠭᠤᠴᠠᠭ᠎ᠠ ᠤᠷᠲᠤᠳᠬᠠᠭᠰᠠᠨ ᠤᠴᠢᠷ ᠰᠢᠯᠲᠠᠭ᠋ᠠᠨ ᠵᠶ᠋ᠠᠨ ᠬᠡᠯᠡᠵᠦ ᠥᠭᠬᠦ ᠬᠡᠷᠡᠭᠲᠡᠢ  ᠃ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠠᠢ᠌ᠪᠠᠯ᠂ ᠲᠡᠷᠡ ᠲᠣᠭᠲᠠᠭ᠋ᠠᠯ᠎ᠢ ᠵᠢᠷᠤᠮᠯᠠᠨ᠎ᠠ  ᠃
    ᠬᠡᠷᠡᠭ᠎ᠢ ᠳᠠᠭ᠋ᠠᠭ᠋ᠠᠴᠢᠯᠠᠨ ᠰᠢᠢ᠍ᠳᠪᠦᠷᠢᠯᠡᠬᠦ ᠭᠠᠵᠠᠷ ᠭᠡᠷ᠂ ᠨᠢᠭᠡᠴᠢ ᠵᠠᠬᠢᠳᠠᠯ ᠰᠤᠷᠪᠤᠯᠵᠢᠯᠠᠭ᠎ᠠ ᠬᠢᠭᠰᠡᠳ᠎ᠲᠠᠢ ᠰᠠᠨᠠᠭ᠋ᠠᠴᠢᠯᠠᠭ᠎ᠠ᠎ᠠᠴᠠ᠎ᠪᠠᠨ ᠬᠠᠷᠢᠯᠴᠠᠵᠤ᠂ ᠬᠠᠤᠯᠢ ᠶᠣᠰᠣᠨ᠎ᠤ ᠵᠦᠢ ᠵᠣᠬᠢᠰᠲᠠᠢ ᠭᠣᠮᠣᠳᠠᠯ ᠱᠠᠭ᠋ᠠᠷᠳᠠᠯᠭ᠎ᠠ ᠵᠢ ᠬᠠᠤᠯᠢ ᠶᠣᠰᠣᠭ᠋ᠠᠷ ᠲᠦᠷᠦ ᠵᠢᠨ ᠪᠤᠳᠤᠯᠭ᠎ᠠ ᠶᠣᠰᠣᠭ᠋ᠠᠷ ᠰᠢᠢ᠍ᠳᠪᠦᠷᠢᠯᠡᠵᠦ᠂ ᠭᠣᠮᠣᠳᠠᠯ ᠱᠠᠭ᠋ᠠᠷᠳᠠᠯᠭ᠎ᠠ᠎ᠨᠢ ᠵᠦᠢ ᠵᠣᠬᠢᠰᠲᠠᠢ ᠪᠠᠢ᠌ᠪᠠᠯ ᠴᠠᠭ ᠲᠤᠬᠠᠢ᠎ᠳᠤᠨᠢ ᠰᠢᠢ᠍ᠳᠪᠦᠷᠢᠯᠡᠵᠦ᠂ ᠭᠣᠮᠣᠳᠠᠯ ᠱᠠᠭ᠋ᠠᠷᠳᠠᠯᠭ᠎ᠠ᠎ᠨᠢ ᠶᠣᠰᠣ ᠦᠭᠡᠢ ᠪᠠᠢ᠌ᠪᠠᠯ ᠦᠵᠡᠯ ᠰᠠᠨᠠᠭ᠋ᠠᠨ᠎ᠤ ᠬᠥᠮᠦᠵᠢᠯ ᠬᠢᠵᠦ᠂ ᠠᠮᠢᠳᠤᠷᠠᠯ᠎ᠨᠢ ᠬᠦᠴᠢᠷᠳᠡᠯ᠎ᠲᠠᠢ ᠪᠠᠢ᠌ᠪᠠᠯ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠬᠡᠷᠡᠭᠲᠡᠢ᠂ ᠦᠢ᠍ᠯᠡ ᠠᠵᠢᠯᠯᠠᠭ᠎ᠠ᠎ᠨᠢ ᠬᠠᠤᠯᠢ ᠵᠢ ᠵᠥᠷᠢᠴᠡᠭᠰᠡᠨ ᠪᠠᠢ᠌ᠪᠠᠯ ᠬᠠᠤᠯᠢ ᠶᠣᠰᠣᠭ᠋ᠠᠷ ᠰᠢᠢ᠍ᠳᠪᠦᠷᠢᠯᠡᠨ᠎ᠡ  ᠃ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠰᠢᠢ᠍ᠳᠪᠦᠷᠢᠯᠡᠭᠰᠡᠨ ᠰᠠᠨᠠᠯ᠎ᠠᠴᠠ ᠴᠠᠭ ᠲᠤᠬᠠᠢ᠎ᠳᠤᠨᠢ ᠬᠠᠤᠯᠢ ᠴᠠᠭ᠋ᠠᠵᠠ ᠵᠢᠨ ᠵᠥᠪᠯᠡᠭᠴᠢ ᠵᠢᠨ ᠰᠠᠨᠠᠯ᠎ᠢ ᠬᠤᠷᠢᠶᠠᠭᠰᠠᠨ ᠪᠥᠭᠡᠳ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠰᠢᠢ᠍ᠳᠪᠦᠷᠢᠯᠡᠭᠰᠡᠨ (ᠬᠠᠷᠢᠭᠤᠯᠲᠠ ᠥᠭᠭᠦᠭᠰᠡᠨ) ᠰᠠᠨᠠᠯ᠎ᠤᠨ ᠪᠢᠴᠢᠭ ᠭᠠᠷᠭ᠋ᠠᠪᠠ  ᠃
    ᠠᠷᠪᠠᠨ ᠳᠥᠷᠪᠡᠳᠦᠭᠡᠷ   ᠵᠦᠢᠯ ᠳᠠᠩᠰᠠ ᠡᠪᠬᠡᠮᠡᠯ᠎ᠳᠤ ᠣᠷᠣᠭᠤᠯᠵᠤ ᠬᠠᠮᠢᠶᠠᠷᠬᠤ᠃ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠰᠢᠢ᠍ᠳᠪᠦᠷᠢᠯᠡᠵᠦ ᠳᠠᠭᠤᠰᠤᠭᠰᠠᠨ᠎ᠤ ᠳᠠᠷᠠᠭ᠎ᠠ᠂ ᠳᠠᠭ᠋ᠠᠭ᠋ᠠᠨ ᠠᠪᠴᠤ ᠰᠢᠢ᠍ᠳᠪᠦᠷᠢᠯᠡᠬᠦ ᠲᠠᠰᠤᠭ᠂ ᠨᠢᠭᠡᠴᠢ ᠪᠤᠢ ᠪᠦᠬᠦᠢ ᠮᠠᠲ᠋ᠧᠷᠢᠶᠠᠯ (ᠰᠠᠨᠠᠯ᠎ᠳᠤ ᠬᠠᠷᠢᠭᠤᠯᠲᠠ ᠥᠭᠬᠦ ᠪᠢᠴᠢᠭ᠂ ᠵᠠᠷᠭᠤ ᠵᠢ ᠵᠣᠭᠰᠣᠭ᠋ᠠᠵᠤ ᠰᠤᠷᠪᠤᠯᠵᠢᠯᠠᠭ᠎ᠠ ᠵᠢ ᠵᠣᠭᠰᠣᠭ᠋ᠠᠬᠤ ᠠᠮᠠᠯᠠᠯᠲᠠ ᠵᠢᠨ ᠪᠢᠴᠢᠭ᠂ ᠬᠦᠷᠭᠡᠯᠲᠡ ᠵᠢᠨ ᠬᠠᠷᠢᠭᠤ ᠪᠠᠷᠢᠮᠲᠠ᠂ ᠰᠢᠢ᠍ᠳᠪᠦᠷᠢᠯᠡᠭᠰᠡᠨ ᠮᠡᠳᠡᠭᠦᠯᠦᠯᠲᠡ ᠵᠡᠷᠭᠡ) ᠵᠶ᠋ᠡᠨ ᠴᠠᠭ ᠲᠤᠬᠠᠢ᠎ᠳᠤᠨᠢ ᠨᠢᠭᠤᠴᠠ ᠮᠠᠲ᠋ᠧᠷᠢᠶᠠᠯ᠎ᠤᠨ ᠲᠠᠰᠤᠭ᠎ᠲᠤ ᠲᠤᠰᠢᠶᠠᠵᠤ ᠳᠠᠩᠰᠠ ᠡᠪᠬᠡᠮᠡᠯ᠎ᠳᠤ ᠣᠷᠣᠭᠤᠯᠬᠤ ᠬᠡᠷᠡᠭᠲᠡᠢ  ᠃  

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠳᠦᠷᠢᠮ (ᠭᠤᠷᠪᠠ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠬᠤ ᠲᠦᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠳᠦᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠳᠦᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠬᠤ ᠠᠷᠭ᠎ᠠ
 
            
Baidu
map