ᠮᠠᠨ᠎ᠤ ᠲᠢᠩᠬᠢᠮ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠡᠮᠬᠢ ᠳᠢᠭᠯᠢᠮ᠎ᠢ ᠬᠠᠮᠠᠭ᠋ᠠᠯᠠᠨ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠶᠠᠰᠤ ᠴᠢᠨᠠᠷ ᠪᠣᠯᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠵᠠᠬᠢᠳᠠᠯ ᠰᠤᠷᠪᠤᠯᠵᠢᠯᠠᠯ᠎ᠤᠨ ᠵᠦᠢ᠍ᠯ᠎ᠢ ᠴᠠᠭ ᠲᠤᠬᠠᠶ᠎ᠳᠤᠨᠢ ᠰᠢᠢᠳᠪᠦᠷᠢᠯᠡᠬᠦ ᠵᠢ ᠪᠠᠲᠤᠯᠠᠬᠤ ᠵᠢᠨ ᠲᠤᠰᠠᠳᠠ᠂ 《ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠳᠦᠷᠢᠮ》 ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠮᠠᠨ᠎ᠤ ᠲᠢᠩᠬᠢᠮ᠎ᠤᠨ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭ᠋ᠠᠪᠠ᠃
ᠨᠢᠭᠡᠳᠦᠭᠡᠷ ᠪᠦᠯᠦᠭ ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠤᠨ ᠬᠦᠷᠢᠶ᠎ᠡ ᠬᠡᠪᠴᠢᠶ᠎ᠡ ᠪᠠ ᠵᠠᠷᠴᠢᠮ
ᠨᠢᠭᠡᠳᠦᠭᠡᠷ ᠵᠦᠢ᠍ᠯ ᠵᠠᠬᠢᠳᠠᠯ ᠰᠤᠷᠪᠤᠯᠵᠢᠯᠠᠭ᠎ᠠ ᠭᠡᠳᠡᠭ᠎ᠨᠢ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠢ᠌ᠭᠤᠯᠤᠯᠲᠠ ᠮᠡᠳᠡᠭᠡ ᠵᠠᠩᠭᠢ ᠵᠢᠨ ᠰᠦᠯᠵᠢᠶ᠎ᠡ᠂ ᠵᠠᠬᠢᠳᠠᠯ᠂ ᠤᠲᠠᠰᠤ᠂ ᠹᠠᠺᠰ᠂ ᠰᠤᠷᠪᠤᠯᠵᠢᠯᠠᠭ᠎ᠠ ᠵᠡᠷᠭᠡ ᠬᠡᠯᠪᠡᠷᠢ᠎ᠪᠠᠷ ᠮᠠᠨ᠎ᠤ ᠲᠢᠩᠬᠢᠮ᠎ᠳᠤ ᠪᠠᠢ᠌ᠳᠠᠯ᠎ᠢ ᠲᠤᠰᠬᠠᠵᠤ᠂ ᠰᠠᠨᠠᠭᠤᠯᠭ᠎ᠠ᠂ ᠰᠠᠨᠠᠯ ᠪᠤᠶᠤ ᠵᠠᠭ᠋ᠠᠯᠳᠤᠬᠤ ᠭᠤᠶᠤᠴᠢᠯᠠᠯ ᠳᠤᠷᠠᠳᠴᠤ᠂ ᠲᠣᠭᠲᠠᠭ᠋ᠠᠯ ᠶᠣᠰᠣᠭ᠋ᠠᠷ ᠬᠠᠤᠯᠢ ᠶᠣᠰᠣᠭ᠋ᠠᠷ ᠮᠠᠨ᠎ᠤ ᠲᠢᠩᠬᠢᠮ ᠵᠶ᠋ᠡᠷ ᠰᠢᠢ᠍ᠳᠪᠦᠷᠢᠯᠡᠭᠦᠯᠬᠦ ᠠᠵᠢᠯᠯᠠᠭ᠎ᠠ ᠵᠢ ᠵᠢᠭ᠋ᠠᠵᠤ ᠪᠠᠢ᠌ᠨ᠎ᠠ᠃
ᠵᠠᠬᠢᠳᠠᠯ ᠰᠤᠷᠪᠤᠯᠵᠢᠯᠠᠭ᠎ᠠ ᠬᠢᠭᠰᠡᠳ ᠭᠡᠳᠡᠭ᠎ᠨᠢ ᠡᠮᠦᠨᠡᠬᠢ ᠪᠠᠳᠠᠭ᠎ᠲᠤ ᠲᠣᠭᠲᠠᠭ᠋ᠠᠭᠰᠠᠨ ᠬᠡᠯᠪᠡᠷᠢ᠎ᠪᠠᠷ ᠮᠠᠨ᠎ᠤ ᠲᠢᠩᠬᠢᠮ᠎ᠳᠤ ᠪᠠᠢ᠌ᠳᠠᠯ᠎ᠢ ᠲᠤᠰᠬᠠᠵᠤ᠂ ᠰᠠᠨᠠᠭᠤᠯᠭ᠎ᠠ᠂ ᠰᠠᠨᠠᠯ ᠪᠤᠶᠤ ᠵᠠᠭ᠋ᠠᠯᠳᠤᠬᠤ ᠭᠤᠶᠤᠴᠢᠯᠠᠯ ᠳᠤᠷᠠᠳᠬᠤ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠢ᠌ᠭᠤᠯᠤᠯᠲᠠ ᠵᠢ ᠵᠢᠭ᠋ᠠᠵᠤ ᠪᠠᠢ᠌ᠨ᠎ᠠ᠃
ᠬᠣᠶᠠᠳᠤᠭ᠋ᠠᠷ ᠵᠦᠢ᠍ᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠵᠠᠬᠢᠳᠠᠯ ᠰᠤᠷᠪᠤᠯᠵᠢᠯᠠᠯ᠎ᠤᠨ ᠠᠵᠢᠯ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ᠂ ᠱᠠᠲᠤ ᠬᠤᠪᠢᠶᠠᠨ ᠬᠠᠷᠢᠭᠤᠴᠠᠬᠤ᠂ ᠬᠡᠨ ᠭᠣᠣᠯᠴᠢᠯᠠᠨ ᠬᠠᠮᠢᠶᠠᠷᠴᠤ ᠪᠠᠢ᠌ᠪᠠᠯ ᠲᠡᠷᠡ ᠬᠠᠷᠢᠭᠤᠴᠠᠬᠤ᠂ ᠠᠰᠠᠭᠤᠳᠠᠯ᠎ᠢ ᠴᠠᠭ ᠲᠤᠬᠠᠶ᠎ᠳᠤᠨᠢ ᠲᠤᠬᠠᠶ ᠵᠢᠨ ᠭᠠᠵᠠᠷ᠎ᠲᠤᠨᠢ ᠰᠢᠢᠳᠪᠦᠷᠢᠯᠡᠬᠦ ᠪᠠ ᠵᠠᠯᠠᠵᠤ ᠵᠢᠯᠣᠭᠣᠳᠤᠨ ᠬᠥᠮᠦᠵᠢᠭᠦᠯᠬᠦ ᠵᠢ ᠬᠠᠷᠢᠯᠴᠠᠨ ᠤᠶᠠᠯᠳᠤᠭᠤᠯᠬᠤ ᠵᠠᠷᠴᠢᠮ᠎ᠢ ᠪᠠᠷᠢᠮᠲᠠᠯᠠᠨ᠎ᠠ᠃
ᠭᠤᠷᠪᠠᠳᠤᠭ᠋ᠠᠷ ᠵᠦᠢ᠍ᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠡᠯ᠎ᠡ ᠭᠠᠵᠠᠷ ᠭᠡᠷ ᠪᠠ ᠲᠢᠩᠬᠢᠮ ᠬᠠᠷᠢᠶ᠎ᠠ ᠨᠢᠭᠡᠴᠢ ᠵᠢᠴᠢ ᠲᠡᠭᠦᠨ᠎ᠤ ᠠᠵᠢᠯᠲᠠᠨ ᠨᠠᠮ᠎ᠤᠨ ᠲᠦᠷᠦ ᠵᠢᠨ ᠪᠤᠳᠤᠯᠭ᠎ᠠ ᠵᠢ ᠴᠢᠩᠭ᠎ᠠ ᠬᠡᠷᠡᠭᠵᠢᠭᠦᠯᠵᠦ᠂ ᠤᠯᠤᠰ᠎ᠤᠨ ᠨᠢᠭᠤᠴᠠ ᠵᠢ ᠴᠢᠩᠭ᠎ᠠ ᠬᠠᠮᠠᠭ᠋ᠠᠯᠠᠨ᠂ ᠠᠵᠢᠯ ᠮᠡᠷᠭᠡᠵᠢᠯ᠎ᠤᠨ ᠶᠣᠰᠣ ᠮᠣᠷᠠᠯ᠎ᠢ ᠵᠢᠷᠤᠮᠯᠠᠵᠤ᠂ ᠠᠷᠠᠳ ᠤᠯᠠᠨ᠎ᠳᠤ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠣᠪᠣᠷ ᠵᠶ᠋ᠠᠷ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠰᠢᠢ᠍ᠳᠪᠦᠷᠢᠯᠡᠬᠦ ᠠᠵᠢᠯ᠎ᠢ ᠬᠢᠨᠠᠮᠠᠭ᠋ᠠᠢ ᠰᠠᠢ᠌ᠲᠤᠷ ᠬᠢᠬᠦ ᠬᠡᠷᠡᠭᠲᠡᠢ ᠃
ᠬᠣᠶᠠᠳᠤᠭ᠋ᠠᠷ ᠪᠦᠯᠦᠭ ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠤᠨ ᠲᠤᠰᠢᠶᠠᠯ ᠬᠠᠷᠢᠭᠤᠴᠠᠯᠭ᠎ᠠ
ᠳᠥᠷᠪᠡᠳᠦᠭᠡᠷ ᠵᠦᠢ᠍ᠯ ᠵᠠᠬᠢᠳᠠᠯ ᠰᠤᠷᠪᠤᠯᠵᠢᠯᠠᠯ᠎ᠤᠨ ᠵᠦᠢ᠍ᠯ᠎ᠤᠨ ᠬᠡᠷᠡᠭ ᠳᠠᠭ᠋ᠠᠭ᠋ᠠᠴᠢᠯᠠᠬᠤ ᠲᠢᠩᠬᠢᠮ᠎ᠤᠨ ᠤᠳᠤᠷᠢᠳᠤᠯᠭ᠎ᠠ ᠪᠣᠯ ᠬᠡᠷᠡᠭ ᠳᠠᠭ᠋ᠠᠭ᠋ᠠᠴᠢᠯᠠᠬᠤ ᠵᠠᠬᠢᠳᠠᠯ ᠰᠤᠷᠪᠤᠯᠵᠢᠯᠠᠯ᠎ᠤᠨ ᠵᠦᠢ᠍ᠯ᠎ᠤᠨ ᠬᠠᠷᠢᠭᠤᠴᠠᠯᠭ᠎ᠠ ᠵᠢᠨ ᠤᠳᠤᠷᠢᠳᠤᠯᠭ᠎ᠠ ᠪᠣᠯᠤᠨ᠎ᠠ᠃
ᠲᠠᠪᠤᠳᠤᠭ᠋ᠠᠷ ᠵᠦᠢᠯ ᠠᠯᠪᠠᠨ ᠭᠡᠷ
1. ᠲᠤᠰ ᠲᠢᠩᠬᠢᠮ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷᠠᠬᠢ ᠵᠠᠬᠢᠳᠠᠯ ᠰᠤᠷᠪᠤᠯᠵᠢᠯᠠᠯ ᠬᠢᠭᠰᠡᠳ᠎ᠤᠨ ᠳᠤᠷᠠᠳᠤᠭᠰᠠᠨ ᠵᠠᠬᠢᠳᠠᠯ ᠰᠤᠷᠪᠤᠯᠵᠢᠯᠠᠯ᠎ᠤᠨ ᠵᠦᠢ᠍ᠯ᠎ᠢ ᠬᠠᠷᠢᠭᠤᠴᠠᠨ ᠬᠦᠯᠢᠶᠡᠨ ᠠᠪᠴᠤ ᠰᠢᠢᠳᠪᠦᠷᠢᠯᠡᠨ᠎ᠡ;
2. ᠳᠡᠭᠡᠳᠦ ᠱᠠᠲᠤᠨ᠎ᠤ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠳᠠᠮᠵᠢᠭᠤᠯᠤᠨ ᠢᠷᠡᠭᠦᠯᠬᠦ ᠵᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠯ ᠬᠢᠭᠰᠡᠳ ᠰᠢᠭᠤᠳ ᠳᠤᠷᠠᠳᠴᠤ᠂ ᠲᠢᠩᠬᠢᠮ᠎ᠤᠨ ᠤᠳᠤᠷᠢᠳᠤᠯᠭ᠎ᠠ᠎ᠠᠴᠠ ᠲᠤᠰᠢᠶᠠᠨ ᠭᠦᠢ᠍ᠴᠡᠳᠬᠡᠯᠭᠡᠬᠦ ᠵᠠᠬᠢᠳᠠᠯ ᠰᠤᠷᠪᠤᠯᠵᠢᠯᠠᠯ᠎ᠤᠨ ᠵᠦᠢ᠍ᠯ᠎ᠳᠤ ᠭᠦᠢ᠍ᠴᠡᠳᠬᠡᠬᠦ᠎ᠪᠠᠷ ᠪᠠᠢ᠌ᠭ᠎ᠠ ᠰᠠᠨᠠᠯ ᠵᠶ᠋ᠠᠨ ᠳᠤᠷᠠᠳᠬᠤ ᠬᠡᠷᠡᠭᠲᠡᠶ;
3. ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠢᠩᠬᠢᠮ᠎ᠤᠨ ᠡᠯ᠎ᠡ ᠭᠠᠵᠠᠷ ᠲᠠᠰᠤᠭ ᠪᠠ ᠲᠢᠩᠬᠢᠮ᠎ᠤᠨ ᠬᠠᠷᠢᠶ᠎ᠠ ᠨᠢᠭᠡᠴᠢ᠎ᠳᠤ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠰᠢᠯᠵᠢᠭᠦᠯᠦᠨ ᠰᠢᠢ᠍ᠳᠪᠦᠷᠢᠯᠡᠭᠦᠯᠬᠦ᠂ ᠲᠤᠰᠢᠶᠠᠨ ᠰᠢᠢ᠍ᠳᠪᠦᠷᠢᠯᠡᠭᠦᠯᠬᠦ᠂ ᠰᠢᠪᠠᠳᠠᠨ ᠰᠢᠢ᠍ᠳᠪᠦᠷᠢᠯᠡᠭᠦᠯᠬᠦ ᠠᠵᠢᠯ᠎ᠢ ᠬᠠᠷᠢᠭᠤᠴᠠᠨ᠎ᠠ;
4. ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠠᠨ᠎ᠤ ᠲᠢᠩᠬᠢᠮ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠪᠠᠢ᠌ᠳᠠᠯ ᠵᠶ᠋ᠠᠨ ᠴᠠᠭ ᠲᠤᠬᠠᠶ᠎ᠳᠤᠨᠢ ᠮᠡᠳᠡᠭᠦᠯᠦᠨ ᠬᠦᠷᠭᠡᠬᠦ ᠵᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠯ᠎ᠤᠨ ᠵᠦᠢᠯ᠎ᠢ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠳᠤ ᠱᠠᠭ᠋ᠠᠷᠳᠠᠯᠭ᠎ᠠ ᠶᠣᠰᠣᠭ᠋ᠠᠷ ᠴᠠᠭ ᠲᠤᠬᠠᠶ᠎ᠳᠤᠨᠢ ᠪᠢᠴᠢᠵᠦ ᠣᠷᠣᠭᠤᠯᠤᠨ᠎ᠠ᠃
ᠵᠢᠷᠭᠤᠳᠤᠭ᠋ᠠᠷ ᠵᠦᠢᠯ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ ᠪᠠ ᠲᠢᠩᠬᠢᠮ᠎ᠤᠨ ᠬᠠᠷᠢᠶ᠎ᠠ ᠨᠢᠭᠡᠴᠢ
1. ᠪᠠᠢ᠌ᠭᠤᠯᠭ᠎ᠠ ᠵᠢᠨ ᠡᠯ᠎ᠡ ᠭᠠᠵᠠᠷ ᠭᠡᠷ ᠪᠠ ᠲᠢᠩᠬᠢᠮ᠎ᠤᠨ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠲᠠᠨ ᠪᠣᠯ ᠬᠡᠷᠡᠭ᠎ᠢ ᠳᠠᠭ᠋ᠠᠭ᠋ᠠᠴᠢᠯᠠᠬᠤ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠤᠨ ᠭᠣᠣᠯ ᠬᠠᠷᠢᠭᠤᠴᠠᠯᠭ᠋ᠠᠲᠠᠨ ᠮᠥᠨ;
2. ᠲᠤᠰ ᠭᠠᠵᠠᠷ ᠭᠡᠷ᠂ ᠲᠤᠰ ᠨᠢᠭᠡᠴᠢ᠎ᠳᠤ ᠬᠠᠷᠢᠶᠠᠯᠠᠭᠳᠠᠬᠤ ᠬᠡᠷᠡᠭ ᠳᠠᠭ᠋ᠠᠭ᠋ᠠᠴᠢᠯᠠᠭᠰᠠᠨ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠬᠠᠷᠢᠭᠤᠴᠠᠨ ᠰᠢᠢ᠍ᠳᠪᠦᠷᠢᠯᠡᠨ᠎ᠡ;
3. ᠬᠡᠷᠡᠭ᠎ᠢ ᠳᠠᠭ᠋ᠠᠭ᠋ᠠᠴᠢᠯᠠᠨ ᠵᠠᠬᠢᠳᠠᠯ ᠰᠤᠷᠪᠤᠯᠵᠢᠯᠠᠯ᠎ᠤᠨ ᠵᠦᠢ᠍ᠯᠡᠰ᠎ᠢ ᠪᠣᠳᠠᠲᠠᠢ᠌ᠵᠢᠭᠤᠯᠵᠤ᠂ ᠳ᠋ᠤᠭ᠋ᠠᠷ᠎ᠢ᠎ᠨᠢ ᠬᠦᠴᠦᠨ ᠦᠭᠡᠶ ᠪᠣᠯᠭ᠋ᠠᠨ ᠬᠡᠷᠡᠭ᠎ᠢ ᠳᠠᠭᠤᠰᠬᠠᠬᠤ ᠵᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠯ ᠬᠢᠭᠰᠡᠳ᠎ᠢ ᠶᠠᠮᠠᠷᠪᠠ ᠬᠡᠯᠪᠡᠷᠢ᠎ᠪᠠᠷ ᠳᠠᠬᠢᠨ ᠵᠠᠬᠢᠳᠠᠯ ᠰᠤᠷᠪᠤᠯᠵᠢᠯᠠᠯ ᠬᠢᠬᠦ ᠦᠭᠡᠶ ᠪᠠᠢ᠌ᠬᠤ ᠵᠢ ᠰᠤᠷᠭ᠋ᠠᠨ ᠬᠥᠮᠦᠵᠢᠭᠦᠯᠵᠦ ᠬᠥᠲᠥᠯᠥᠨ ᠵᠢᠯᠣᠭᠣᠳᠤᠨ᠎ᠠ ᠃
ᠭᠤᠷᠪᠠᠳᠤᠭ᠋ᠠᠷ ᠪᠦᠯᠦᠭ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠬᠦᠯᠢᠶᠡᠨ ᠠᠪᠴᠤ ᠰᠢᠢᠳᠪᠦᠷᠢᠯᠡᠬᠦ
ᠳᠣᠯᠣᠳᠤᠭ᠋ᠠᠷ ᠵᠦᠢ᠍ᠯ ᠵᠠᠬᠢᠳᠠᠯ ᠰᠤᠷᠪᠤᠯᠵᠢᠯᠠᠭ᠎ᠠ ᠬᠢᠭᠰᠡᠳ᠎ᠤᠨ ᠠᠩᠬᠠᠨ᠎ᠤ ᠰᠤᠷᠪᠤᠯᠵᠢᠯᠠᠭ᠎ᠠ ᠵᠢ ᠬᠦᠯᠢᠶᠡᠨ ᠠᠪᠬᠤ᠃ ᠠᠯᠪᠠᠨ ᠭᠡᠷ᠎ᠨᠢ ᠰᠤᠷᠪᠤᠯᠵᠢᠯᠠᠬᠤ᠎ᠪᠠᠷ ᠢᠷᠡᠭᠰᠡᠨ ᠣᠯᠠᠨ ᠲᠦᠮᠡᠨ᠎ᠤ ᠠᠩᠬᠠᠨ᠎ᠤ ᠰᠤᠷᠪᠤᠯᠵᠢᠯᠠᠯ᠎ᠢ ᠬᠦᠯᠢᠶᠡᠨ ᠠᠪᠬᠤ ᠠᠵᠢᠯ᠎ᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠬᠤ ᠭᠡᠷ᠎ᠲᠤ ᠵᠠᠬᠢᠳᠠᠯ ᠰᠤᠷᠪᠤᠯᠵᠢᠯᠠᠯ ᠬᠢᠭᠰᠡᠳ᠎ᠢ ᠤᠷᠢᠵᠤ ᠳᠠᠩᠰᠠᠯᠠᠯ᠎ᠤᠨ ᠬᠦᠰᠦᠨᠦᠭᠲᠦ ᠵᠢ ᠲᠠᠭᠯᠠᠭᠤᠯᠤᠨ᠂ ᠭᠣᠮᠣᠳᠠᠯ ᠲᠣᠭ᠋ᠠᠴᠢᠯᠲᠠ ᠵᠢ᠎ᠨᠢ ᠲᠣᠳᠣᠷᠬᠠᠢ᠌ᠯᠠᠵᠤ᠂ ᠮᠠᠨ᠎ᠤ ᠲᠢᠩᠬᠢᠮ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ᠎ᠳᠤ ᠬᠠᠷᠢᠶᠠᠯᠠᠭᠳᠠᠪᠠᠯ᠂ ᠭᠣᠣᠯ ᠤᠳᠤᠷᠢᠳᠤᠯᠭ᠎ᠠ ᠪᠠ ᠬᠤᠪᠢᠳᠠᠨ ᠬᠠᠮᠢᠶᠠᠷᠬᠤ ᠤᠳᠤᠷᠢᠳᠤᠯᠭ᠎ᠠ᠎ᠳᠤ ᠮᠡᠳᠡᠭᠦᠯᠦᠨ᠂ ᠲᠢᠩᠬᠢᠮ᠎ᠤᠨ ᠤᠳᠤᠷᠢᠳᠤᠯᠭ᠎ᠠ ᠵᠢᠨ ᠴᠣᠬᠣᠯᠠᠪᠤᠷᠢ ᠵᠢ ᠦᠨᠳᠦᠰᠦᠯᠡᠨ ᠬᠡᠷᠡᠭ ᠳᠠᠭ᠋ᠠᠭ᠋ᠠᠴᠢᠯᠠᠬᠤ ᠭᠠᠵᠠᠷ ᠭᠡᠷ᠂ ᠨᠢᠭᠡᠴᠡ᠎ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠶ ᠃ ᠮᠠᠨ᠎ᠤ ᠲᠢᠩᠬᠢᠮ᠎ᠤᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ᠎ᠳᠤ ᠬᠠᠷᠢᠶᠠᠯᠠᠭᠳᠠᠬᠤ ᠦᠭᠡᠢ ᠪᠠᠢ᠌ᠪᠠᠯ᠂ ᠰᠢᠢ᠍ᠳᠪᠦᠷᠢᠯᠡᠬᠦ ᠡᠷᠬᠡ ᠪᠦᠬᠦᠢ ᠪᠠᠢ᠌ᠭᠤᠯᠭ᠎ᠠ᠂ ᠨᠢᠭᠡᠴᠢ᠎ᠳᠤ ᠳᠤᠷᠠᠳᠬᠤ ᠵᠢ ᠵᠠᠬᠢᠳᠠᠯ ᠰᠤᠷᠪᠤᠯᠵᠢᠯᠠᠭ᠎ᠠ ᠬᠢᠭᠰᠡᠳ᠎ᠲᠤ ᠬᠡᠯᠡᠵᠦ ᠥᠭᠬᠦ ᠬᠡᠷᠡᠭᠲᠡᠢ᠃ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠬᠤ ᠭᠠᠵᠠᠷ᠎ᠨᠢ ᠲᠢᠩᠬᠢᠮ᠎ᠤᠨ ᠪᠠᠢ᠌ᠭᠤᠯᠤᠯᠭ᠎ᠠ ᠵᠢᠨ ᠨᠢᠭᠡᠳᠦᠭᠡᠷ ᠳᠠᠪᠬᠤᠷᠭ᠎ᠠ ᠵᠢᠨ ᠵᠠᠬᠢᠳᠠᠯ ᠰᠤᠷᠪᠤᠯᠵᠢᠯᠠᠯ᠎ᠤᠨ ᠬᠦᠯᠢᠶᠡᠨ ᠠᠪᠬᠤ ᠭᠡᠷ ᠪᠣᠯᠤᠨ᠎ᠠ᠂ ᠬᠡᠷᠪᠡ ᠬᠢᠵᠢᠭ᠎ᠤᠨ ᠪᠠᠢ᠌ᠳᠠᠯ ᠵᠡᠷᠭᠡ ᠣᠨᠴᠣᠭᠣᠶ ᠪᠠᠢ᠌ᠳᠠᠯ ᠲᠣᠬᠢᠶᠠᠯᠳᠤᠪᠠᠯ᠂ ᠵᠠᠬᠢᠳᠠᠯ ᠰᠤᠷᠪᠤᠯᠵᠢᠯᠠᠯ ᠬᠦᠯᠢᠶᠡᠨ ᠠᠪᠬᠤ ᠭᠠᠵᠠᠷ᠎ᠢ ᠠᠰᠲᠤᠨᠢ ᠲᠣᠬᠢᠷᠠᠭᠤᠯᠤᠨ᠎ᠠ ᠃