ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠᠢᠩᠭᠤ᠎ᠶᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-09-24

     9 ᠰᠠᠷ᠎ᠠ᠎ᠶᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ ᠵᠠᠰᠠᠭ᠎ᠤᠨ ᠣᠷᠳᠣᠨ᠎ᠤ ᠪᠠᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠪᠠ᠃

     ᠬᠤᠷᠠᠯ᠎ᠠᠴᠠ ᠶᠡᠷᠦᠩᠬᠡᠶ ᠱᠦᠵᠢ ᠰᠢ ᠵᠢᠨ ᠫᠢᠩ᠎ᠤᠨ 《ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠪᠥᠲᠥᠭᠡᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠠᠬᠢᠭᠤᠯᠬᠤ ᠬᠡᠷᠡᠭᠳᠠᠢ》ᠭᠡᠬᠦ ᠴᠢᠬᠤᠯᠠ ᠵᠣᠬᠢᠶᠠᠯ᠎ᠢ ᠤᠯᠠᠮᠵᠢᠯᠠᠨ ᠰᠤᠷᠤᠯᠴᠠᠵᠤ᠂ ᠨᠠᠮ ᠪᠣᠯᠤᠨ ᠤᠯᠤᠰ᠎ᠤᠨ ᠶᠡᠬᠡ ᠲᠠᠯ᠎ᠠ᠎ᠳᠤ ᠵᠣᠭ᠍ᠰᠣᠨ᠂《ᠲᠠᠪᠤ᠎ᠶᠢ ᠨᠢᠭᠡᠳᠭᠡᠬᠦ᠌᠂ ᠨᠢᠭᠡ ᠨᠡᠭᠡᠭᠡᠯᠳᠡ ᠬᠢᠬᠦ》 ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠦᠶ᠋ᠯᠡᠴᠢᠯᠡᠬᠦ᠌ ᠳᠤᠮᠳᠠ ᠣᠷᠣᠨ ᠨᠤᠲᠤᠭ᠎ᠤᠨ ᠴᠢᠨᠠᠷ ᠰᠠᠢᠲᠠᠶ ᠬᠥᠭ᠌ᠵᠢᠯᠲᠡ᠎ᠶᠢ ᠠᠬᠢᠭᠤᠯᠬᠤ ᠬᠡᠷᠡᠭ᠌ᠲᠡᠶ᠃ ᠨᠡᠩ ᠵᠠᠬ᠎ᠠ ᠳᠡᠯᠭᠡᠭᠦᠷᠴᠢᠯᠡᠭ᠌ᠰᠡᠨ ᠰᠡᠳᠭᠢᠬᠦᠢ᠎ᠪᠠᠷ ᠵᠠᠰᠠᠭ᠎ᠤᠨ ᠣᠷᠳᠣᠨ᠎ᠤ ᠠᠵᠤ ᠠᠬᠤᠢ᠎ᠶᠢᠨ ᠬᠠᠮᠢᠶᠠᠷᠤᠯᠲᠠ᠎ᠶᠢᠨ ᠲᠦᠪᠱᠢᠨ᠎ᠢ ᠳᠡᠭᠡᠭ᠌ᠰᠢᠯᠡᠭᠦᠯᠵᠦ᠍᠂ ᠦᠷᠢᠰᠦᠯᠳᠦᠬᠦ᠌ ᠬᠦᠴᠦᠨ ᠎ᠲᠡᠶ ᠨᠡᠩ ᠤᠯᠠᠨ ᠡᠵᠡᠩᠨᠡᠯᠲᠡ᠎ᠶᠢᠨ ᠭᠣᠣᠯ ᠴᠣᠭ᠍ᠴᠠ᠎ᠶᠢ ᠪᠣᠢᠵᠢᠭᠤᠯᠵᠤ᠂ ᠳᠠᠪᠠᠭᠤᠯᠢᠭ ᠬᠦᠷᠢᠶᠡᠨ᠎ᠤ ᠦᠢᠯᠡᠳᠬᠦᠨ᠎ᠤ ᠪᠠᠷᠢᠮᠵᠢᠶ᠎ᠠ᠎ᠶᠢᠨ ᠪᠠᠢᠭᠤᠯᠤᠯᠲᠠ᠎ᠶᠢ ᠴᠢᠩᠭᠠᠳᠭᠠᠵᠤ᠂ ᠮᠠᠨ᠎ᠤ ᠣᠷᠣᠨ᠎ᠤ ᠠᠵᠤ ᠠᠬᠤᠢᠯᠠᠯ ᠪᠣᠯᠤᠨ ᠦᠢᠯᠡᠳᠬᠦᠨ᠎ᠤ ᠨᠡᠩ ᠶᠡᠬᠡ ᠵᠠᠬ᠎ᠠ ᠳᠡᠯᠭᠡᠭᠦᠷ᠎ᠲᠤ ᠣᠷᠣᠬᠤ᠎ᠶᠢ ᠠᠬᠢᠭᠤᠯᠬᠤ ᠬᠡᠷᠡᠭ᠌ᠲᠡᠢ᠃ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠤᠨ ᠠᠪᠴᠢᠷᠠᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠌ ᠦᠢᠯᠡ ᠠᠵᠢᠯᠯᠠᠭ᠎ᠠ᠎ᠶᠢ ᠦᠷᠭᠦᠯᠵᠢᠯᠡᠨ ᠵᠢᠷᠤᠮᠵᠢᠭᠤᠯᠵᠤ᠂ ᠡᠯ᠎ᠡ ᠲᠥᠷᠥᠯ᠎ᠤᠨ ᠠᠵᠤ ᠠᠬᠤᠢᠯᠠᠯ᠎ᠤᠨ ᠬᠥᠭ᠌ᠵᠢᠯᠲᠡ᠎ᠳᠤ ᠴᠢᠨᠠᠷ ᠰᠠᠢᠲᠠᠶ ᠣᠷᠴᠢᠨ ᠨᠦᠭᠦᠴᠡᠯ᠎ᠢ ᠪᠣᠶ ᠪᠣᠯᠭᠠᠵᠤ ᠦᠭᠬᠦ ᠬᠡᠷᠡᠭ᠌ᠲᠡᠶ ᠭᠡᠵᠦ᠍ ᠴᠢᠬᠤᠯᠠᠴᠢᠯᠠᠪᠠ᠃

      ᠬᠤᠷᠠᠯ᠎ᠡᠴᠡ ᠠᠮᠤ ᠪᠤᠳᠠᠭᠠᠨ᠎ᠤ ᠠᠮᠤᠷ ᠲᠦᠪᠱᠢᠨ ᠪᠤᠯᠤᠨ ᠮᠠᠯ ᠠᠵᠤ ᠠᠬᠤᠢ ᠲᠠᠷᠢᠶᠠᠯᠠᠩ᠎ᠤᠨ ᠦᠢᠯᠡᠳᠪᠦᠷᠢᠯᠡᠯ᠎ᠤᠨ ᠠᠵᠢᠯ᠎ᠢ ᠰᠤᠳᠤᠯᠤᠨ ᠪᠠᠢᠷᠢᠯᠠᠭᠤᠯᠵᠤ᠂ ᠠᠮᠤ ᠪᠤᠳᠠᠭ᠎ᠠ ᠎ᠵᠢᠨ 《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ》ᠬᠠᠷᠠᠯᠲᠠ᠎ᠶᠢ ᠡᠵᠡᠮᠳᠡᠵᠦ᠂ ᠨᠠᠮᠤᠷ᠎ᠤᠨ ᠬᠤᠷᠢᠶᠠᠯᠲᠠ᠎ᠶ᠋ᠢ ᠪᠦᠬᠦ᠌ ᠬᠦᠴᠦᠨ᠎ᠢᠶᠠᠷ᠎ᠢᠶᠠᠨ ᠰᠠᠢᠲᠤᠷ ᠠᠳᠭᠤᠵᠤ᠂ ᠮᠥᠬᠥᠯᠢᠭ ᠠᠮᠤ ᠎ᠶᠢ ᠴᠸ᠋ ᠤᠷᠬᠢᠭᠳᠠᠭᠤᠯᠤᠯ ᠦᠭᠡᠢ ᠬᠥᠮᠥᠷᠭᠡᠯᠡᠵᠤ ᠬᠤᠷᠢᠶᠠᠬᠤ᠎ᠶᠢ ᠪᠠᠲᠤᠯᠠᠬᠤ ᠬᠡᠷᠡᠭ᠌ᠲᠡᠢ᠃ ᠠᠮᠤ ᠪᠤᠳᠠᠭ᠎ᠠ ᠨᠥᠭᠡᠴᠡᠯᠡᠬᠦ᠌᠂ ᠲᠡᠭᠡᠭᠡᠪᠦᠷᠢᠯᠡᠬᠦ᠌᠂ ᠪᠣᠷᠣᠯᠠᠭᠤᠯᠬᠤ ᠪᠤᠯᠤᠨ ᠦᠬᠡᠷ ᠬᠣᠨᠢ᠎ᠶ᠋ᠢ ᠪᠣᠷᠣᠯᠠᠭᠤᠯᠬᠤ ᠪᠠ ᠲᠡᠵᠢᠭᠡᠬᠦ᠎ᠶᠢ ᠵᠤᠯᠭᠠᠭᠤᠯᠬᠤ ᠠᠵᠢᠯ᠎ᠢ ᠪᠦᠬᠦ ᠬᠡᠯᠬᠢᠶ᠎ᠡ ᠪᠡᠷ ᠰᠠᠢᠳᠤᠷ ᠬᠢᠵᠦ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌᠎ᠶᠢ ᠠᠬᠢᠭᠤᠯᠵᠤ᠂ ᠣᠯᠠᠨ ᠠᠷᠭ᠎ᠠ ᠵᠠᠮ᠎ᠢᠶᠠᠷ ᠮᠠᠯᠴᠢᠨ ᠲᠠᠷᠢᠶᠠᠴᠢᠳ᠎ᠤᠨ ᠣᠷᠣᠯᠭ᠎ᠠ᠎ᠶᠢ ᠨᠡᠮᠡᠭ᠌ᠳᠡᠭᠦᠯᠬᠦ᠌ ᠬᠡᠷᠡᠭ᠌ᠲᠡᠶ᠃ ᠡᠨᠡ ᠡᠪᠦᠯ ᠢᠷᠡᠬᠥ ᠬᠠᠪᠤᠷ᠎ᠢ ᠰᠠᠢᠲᠤᠷ ᠠᠱᠢᠭ᠍ᠯᠠᠵᠤ᠂ ᠭᠠᠮᠱᠢᠭ᠎ᠠᠴᠠ ᠪᠤᠯᠵᠦ᠍ ᠡᠪᠳᠡᠭ᠌ᠳᠡᠭ᠌ᠰᠡᠨ ᠲᠠᠷᠢᠶᠠᠨ ᠭᠠᠵᠠᠷ᠎ᠤᠨ ᠲᠥᠬᠥᠭᠡᠷᠦᠮᠵᠢ᠎ᠶᠢ ᠱᠠᠯᠠᠪᠳᠠᠨ ᠰᠡᠯᠪᠢᠨ ᠵᠠᠰᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠶᠢ ᠴᠢᠨᠠᠷ ᠰᠠᠢᠲᠠᠢ ᠠᠬᠢᠭᠤᠯᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

      ᠬᠤᠷᠠᠯ᠎ᠡᠴᠡ ᠦᠨᠳᠦᠰᠦᠨ ᠱᠠᠲᠤᠨ᠎ᠤ 《ᠭᠤᠷᠪᠠ᠎ᠶ᠋ᠢ ᠪᠠᠲᠤᠯᠠᠬᠤ》 ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠣᠱᠢᠭᠤ ᠱᠢᠶᠠᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ ᠪᠣᠯᠤᠨ ᠠᠢᠮᠠᠭ ᠬᠣᠲᠠ᠎ᠶ᠋ᠢᠨ ᠬᠠᠪᠰᠤᠷᠤᠨ ᠲᠡᠳᠬᠦᠵᠦ᠍ ᠦᠨᠳᠦᠰᠦᠨ ᠵᠦᠶ᠋ᠯ᠎ᠢ ᠪᠠᠲᠤᠯᠠᠬᠤ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠲᠤᠰᠭᠠᠶ ᠡᠷᠦᠬᠡ᠎ᠶᠢᠨ ᠬᠠᠮᠢᠶᠠᠷᠤᠯᠲᠠ᠂ ᠲᠥᠰᠦᠪ᠎ᠤᠨ ᠬᠠᠮᠢᠶᠠᠷᠤᠯᠲᠠ ᠡᠵᠡᠮᠳᠡᠯ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠵᠡᠷᠭᠡ ᠲᠦᠷᠢᠮ ᠲᠣᠭ᠍ᠲᠠᠴᠠ᠎ᠶ᠋ᠢ ᠰᠠᠢᠲᠤᠷ ᠬᠡᠷᠡᠭ᠌ᠵᠢᠭᠦᠯᠵᠦ᠍᠂《ᠭᠤᠷᠪᠠ᠎ᠶ᠋ᠢ ᠪᠠᠲᠤᠯᠠᠬᠤ》ᠪᠠᠯᠠ ᠮᠥᠩᠭᠥ᠎ᠶ᠋ᠢᠨ ᠲᠤᠰᠭᠠᠶ ᠵᠣᠭᠣᠰ᠎ᠢ ᠲᠤᠰᠭᠠᠶ ᠬᠡᠷᠡᠭ᠌ᠯᠡᠵᠦ᠍᠂ ᠪᠠᠭᠤᠯᠭᠠᠵᠤ ᠦᠭᠬᠦ᠎ᠶᠢ ᠪᠠᠲᠤᠯᠠᠬᠤ ᠬᠡᠷᠡᠭ᠌ᠲᠡᠶ᠃ ᠡᠳ᠋᠎ᠦᠨ ᠵᠠᠰᠠᠭ᠎ᠤᠨ ᠲᠠᠷᠤᠭᠠᠰᠤ ᠶᠡᠬᠡᠳᠡᠢ ᠭᠠᠵᠠᠷ ᠣᠷᠣᠨ᠎ᠢ ᠭᠣᠣᠯᠳᠠᠯᠭ᠎ᠠ᠎ᠲᠠᠶ ᠠᠩᠬᠠᠷᠴᠤ᠌᠂ ᠲᠤᠬᠠᠢ᠎ᠶ᠋ᠢᠨ ᠭᠠᠵᠠᠷ᠎ᠲᠤᠨᠢ ᠬᠢᠨᠡᠨ ᠵᠢᠯᠣᠭᠣᠳᠭᠤ᠎ᠪᠠᠨ ᠴᠢᠩᠭᠠᠳᠭᠠᠨ᠂ ᠠᠶᠤᠯ ᠲᠦᠭ᠌ᠰᠢᠭᠦᠷᠢ᠎ᠶᠢ ᠴᠠᠭ ᠲᠤᠬᠠᠢ᠎ᠳᠤᠨᠢ ᠠᠷᠢᠯᠭᠠᠬᠤ ᠬᠡᠷᠡᠭ᠌ᠲᠡᠢ᠃ ᠣᠷᠣᠯᠭ᠎ᠠ᠎ᠪᠠᠨ ᠨᠡᠮᠡᠭ᠌ᠳᠡᠭᠦᠯᠵᠦ ᠵᠠᠷᠤᠯᠭ᠎ᠠ᠎ᠪᠠᠨ ᠬᠡᠮᠨᠡᠬᠦ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠨᠢᠭᠡ ᠲᠠᠯ᠎ᠠ᠎ᠪᠠᠷ ᠠᠵᠤ ᠦᠢᠯᠡᠰ᠎ᠢ ᠬᠥᠭ᠌ᠵᠢᠭᠦᠯᠬᠦ᠌᠎ᠪᠠᠷ ᠳᠠᠮᠵᠢᠭᠤᠯᠤᠨ ᠡᠳ᠋ ᠮᠥᠩᠭᠥᠨ᠎ᠦ ᠢᠷᠡᠯᠳᠡ᠎ᠶᠢ ᠢᠳᠡᠪᠬᠢᠲᠡᠢ ᠪᠤᠢ ᠪᠤᠯᠭᠠᠵᠤ᠂ ᠨᠦᠬᠦᠭᠡ ᠲᠠᠯ᠎ᠠ᠎ᠪᠠᠷ ᠣᠷᠣᠨ ᠨᠤᠲᠤᠭ᠎ᠤᠨ ᠲᠥᠰᠦᠪ᠎ᠠᠴᠠ ᠳᠠᠪᠠᠭ᠍ᠰᠠᠨ ᠵᠠᠷᠤᠯᠭ᠎ᠠ᠎ᠶᠢ ᠡᠷᠡᠰ ᠬᠣᠷᠢᠭ᠍ᠯᠠᠵᠤ᠂ ᠡᠳ᠋᠎ᠦᠨ ᠵᠠᠰᠠᠭ᠎ᠤᠨ ᠪᠡᠯᠡ ᠮᠥᠩᠭᠥ᠌ ᠨᠢᠭᠡᠪᠦᠷᠢ᠎ᠶ᠋ᠢᠨ ᠬᠠᠮᠤᠭ᠎ᠤᠨ ᠶᠡᠬᠡ ᠦᠷ᠎ᠡ ᠠᠱᠢᠭ᠎ᠢ ᠪᠠᠳᠠᠷᠠᠭᠤᠯᠬᠤ᠎ᠪᠠᠷ ᠴᠢᠷᠮᠠᠢᠬᠤ ᠬᠡᠷᠡᠭ᠌ᠲᠡᠢ ᠭᠡᠵᠦ᠍ ᠱᠠᠭᠠᠷᠳᠠᠪᠠ᠃

     ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            
Baidu
map