ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠣᠢᠷ᠎ᠠ᠎ᠶ᠋ᠢᠨ ᠬᠤᠭᠤᠴᠠᠭᠠᠨ᠎ᠤ ᠬᠣᠯᠪᠣᠭ᠍ᠳᠠᠯ ᠪᠥᠬᠥᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠪᠠ   ᠰᠦᠨ ᠱᠤᠤ ᠴᠧᠩ ᠬᠤᠷᠠᠯ᠎ᠢ ᠡᠷᠭᠢᠯᠡᠵᠠᠢ
ᠨᠡᠶ᠋ᠢᠲᠡᠯᠡᠭᠰᠡᠨ ᠴᠠᠭ᠄ 2025-09-22

     9 ᠰᠠᠷ᠎ᠠ᠎ᠶ᠋ᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠣᠢᠷ᠎ᠠ᠎ᠶ᠋ᠢᠨ ᠬᠤᠭᠤᠴᠠᠭᠠᠨ᠎ᠤ ᠬᠣᠯᠪᠣᠭ᠍ᠳᠠᠯ ᠪᠥᠬᠥᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠪᠡ᠃

    ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠬᠣᠷᠢᠶ᠎ᠠ᠎ᠶᠢᠨ ᠬᠤᠷᠠᠯ ᠳᠡᠭᠡᠷᠡᠬᠢ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠡᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠲᠡᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠠᠵᠢᠯᠯᠠᠭ᠎ᠠ᠎ᠶ᠋ᠢᠨ ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠳᠤᠷᠠᠰᠭᠠᠬᠤ ᠠᠵᠢᠯᠯᠠᠭ᠎ᠠ᠎ᠶ᠋ᠢᠨ ᠳ᠋ᠦᠩᠨᠡᠯᠲᠡ᠎ᠶ᠋ᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠳᠤᠷᠠᠰᠭᠠᠬᠤ ᠠᠵᠢᠯᠯᠠᠭ᠎ᠠ᠎ᠶ᠋ᠢᠨ ᠴᠢᠬᠤᠯᠠ ᠦᠷ᠎ᠡ ᠪᠦᠲᠦᠭᠡᠯ᠎ᠢ ᠦᠷᠭᠦᠯᠵᠢᠯᠡᠨ ᠥᠷᠭᠡᠳᠭᠡᠨ ᠭᠦᠨᠵᠡᠭᠡᠢᠷᠡᠭᠦᠯᠵᠦ᠍᠂ ᠦᠵᠡᠯ ᠰᠠᠨᠠᠭᠠᠨ᠎ᠤ ᠬᠦᠳᠦᠯᠦᠨ ᠲᠠᠭᠠᠭᠤᠯᠭ᠎ᠠ ᠪᠠ ᠤᠬᠠᠭᠤᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠣᠷᠣᠨ᠎ᠲᠠᠶᠠᠭᠠᠷ᠎ᠢ ᠬᠥᠲᠥᠯᠥᠨ ᠵᠢᠯᠣᠭᠣᠳᠴᠤ᠌ ᠪᠠᠢᠭᠠᠳ ᠳᠤᠷᠠᠰᠭᠠᠬᠤ ᠠᠵᠢᠯᠯᠠᠭ᠎ᠠ᠎ᠶ᠋ᠢᠨ ᠬᠦᠭᠵᠢᠭᠡᠭᠰᠡᠨ ᠴᠤᠭ ᠵᠠᠯᠢ᠎ᠶᠢ ᠠᠵᠢᠯ ᠬᠢᠵᠦ᠍ ᠦᠶ᠋ᠯᠡᠰ ᠪᠤᠰᠭᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ ᠬᠡᠷᠡᠭ᠌ᠲᠡᠶ᠃ 《ᠨᠠᠮ᠎ᠤᠨ ᠠᠴᠢ᠎ᠳᠦ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ᠎ᠢ ᠥᠷᠨᠢᠭᠦᠯᠬᠦ᠌ ᠯᠤᠭᠡ ᠤᠶᠠᠯᠳᠤᠭᠤᠯᠤᠨ᠂ ᠥᠪᠥᠷ ᠮᠣᠩᠭᠣᠯ ᠣᠷᠣᠨ᠎ᠤ ᠶᠠᠫᠣᠨ᠎ᠢ ᠡᠰᠡᠷᠭᠦᠴᠡᠬᠦ᠌ ᠲᠡᠢᠨ᠎ᠦ ᠲᠡᠦᠬᠡ᠎ᠶ᠋ᠢ ᠠᠭᠤᠳᠠᠯᠬᠤ ᠪᠠ ᠤᠬᠠᠭᠤᠯᠬᠤ᠎ᠶ᠋ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠥᠮᠦᠵᠢᠭᠦᠯᠦᠨ ᠬᠥᠲᠥᠯᠥᠨ ᠵᠢᠯᠣᠭᠣᠳᠴᠤ᠌ ᠪᠠᠢᠭᠠᠳ ᠬᠠᠮᠲᠤ᠎ᠶ᠋ᠢᠨ ᠤᠬᠠᠮᠰᠠᠷ᠂ ᠡᠵᠡᠨ ᠬᠥᠮᠦᠨ᠎ᠦ ᠤᠬᠠᠮᠰᠠᠷ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ᠎ᠢᠶᠠᠨ ᠬᠠᠢᠷᠠᠯᠠᠵᠤ ᠤᠯᠤᠰ᠎ᠢᠶᠠᠨ ᠬᠠᠢᠷᠠᠯᠠᠬᠤ ᠤᠬᠠᠮᠰᠠᠷ᠎ᠢ ᠤᠯᠠᠮ ᠨᠢᠭᠡ ᠠᠯᠬᠤᠮ ᠪᠣᠶ ᠪᠣᠯᠭᠠᠵᠤ᠂ ᠥᠪᠥᠷ ᠮᠣᠩᠭᠣᠯ᠎ᠤᠨ ᠣᠳᠣᠬᠢᠴᠢᠯᠠᠯᠳᠠ᠎ᠶᠢᠨ ᠪᠥᠲᠥᠭᠡᠨ ᠪᠠᠢᠭᠤᠯᠤᠯᠲᠠ᠎ᠳᠦ ᠨᠠᠩ ᠢᠯᠡᠭᠦᠦ ᠡᠷᠡᠮᠡᠭᠡᠢᠯᠡᠨ ᠲᠡᠮᠡᠴᠡᠵᠦ ᠵᠢᠳᠬᠦᠯ ᠴᠢᠷᠮᠠᠢᠯᠭ᠎ᠠ ᠭᠠᠷᠭᠠᠬᠤ᠎ᠶᠢ ᠠᠬᠢᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃

     ᠬᠤᠷᠠᠯ᠎ᠡᠴᠡ 《ᠦᠨᠡᠨ》 ᠰᠡᠳᠬᠦᠯ᠎ᠳᠦ ᠨᠡᠢᠲᠡᠯᠡᠭ᠌ᠰᠡᠨ ᠶᠡᠷᠦᠩᠬᠡᠶ ᠱᠦᠵᠢ ᠰᠢ ᠵᠢᠨ ᠫᠢᠩ᠎ᠦᠨ 《ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠠᠬᠦᠯᠤᠨ ᠠᠬᠢᠭᠤᠯᠬᠤ ᠭᠡᠷᠡᠭᠳᠠᠢ》 ᠭᠡᠬᠦ ᠴᠢᠬᠤᠯᠠ ᠵᠤᠬᠢᠶᠠᠯ᠎ᠢ ᠤᠯᠠᠮᠵᠢᠯᠠᠨ ᠰᠤᠷᠤᠯᠴᠠᠵᠤ᠂ ᠵᠣᠬᠢᠶᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠥᠪᠥᠷ ᠮᠣᠩᠭᠣᠯ᠎ᠤᠨ ᠪᠣᠳᠠᠲᠤ ᠪᠠᠢᠳᠠᠯ᠎ᠯᠤᠭ᠎ᠠ ᠤᠶᠠᠯᠳᠤᠭᠤᠯᠤᠨ ᠬᠠᠷᠠᠯᠲᠠ᠎ᠶ᠋ᠢᠨ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠶ ᠡᠷᠢᠵᠦ᠍᠂ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠤᠨ᠂ ᠪᠥᠬᠥ᠌ ᠲᠠᠯ᠎ᠠ᠎ᠡᠴᠡ ᠨᠢᠭᠡ ᠣᠷᠣᠨ ᠪᠦᠰᠡ᠎ᠶ᠋ᠢ ᠤᠬᠠᠭᠠᠯᠠᠨ ᠲᠦᠯᠦᠪᠯᠡᠵᠤ᠂ ᠨᠢᠭᠡ ᠣᠷᠣᠨ ᠪᠦᠰᠡ᠎ᠪᠡᠷ ᠪᠥᠬᠥ᠌ ᠲᠠᠯ᠎ᠠ᠎ᠳᠤ ᠦᠶ᠋ᠯᠡᠴᠢᠯᠡᠵᠦ᠍᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠳᠤ ᠠᠭᠤᠰᠤᠯᠴᠠᠬᠤ ᠪᠠ ᠦᠶ᠋ᠯᠡᠴᠢᠯᠡᠬᠦ᠌ ᠳᠤᠮᠳᠠ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌ ᠬᠡᠷᠡᠭ᠌ᠲᠡᠶ᠃ ᠪᠦᠬᠦ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠢ ᠪᠦᠲᠦᠭᠡᠨ ᠪᠠᠢᠭᠤᠯᠬᠤ ᠳᠦᠷᠢᠮ᠎ᠦᠨ ᠱᠠᠭᠠᠷᠳᠠᠯᠭ᠎ᠠ ᠶᠣᠰᠣᠭᠠᠷ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠵᠡᠷᠭᠡ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠤ ᠠᠬᠤᠶ᠎ᠶ᠋ᠢᠨ ᠣᠷᠴᠢᠯ ᠬᠥᠭ᠌ᠵᠢᠯᠲᠡ᠎ᠶ᠋ᠢ ᠬᠢᠵᠠᠭᠠᠷᠯᠠᠵᠤ ᠪᠦᠬᠦᠢ ᠬᠣᠷᠢᠭ᠎ᠠ ᠴᠡᠭ ᠲᠦᠭ᠌ᠵᠢᠷᠡᠯ᠎ᠴᠡᠭ᠎ᠢ ᠴᠢᠷᠮᠠᠢᠨ ᠰᠢᠯᠤᠭᠤᠳᠬᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃

     ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            
Baidu
map