9 ᠰᠠᠷ᠎ᠠ᠎ᠶᠢᠨ 28᠎ᠤ ᠡᠳᠦᠷ᠂ ᠠᠷᠪᠠᠨ ᠬᠣᠶᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠵᠡᠰᠭᠦᠯᠡᠩ᠎ᠤᠨ ᠴᠤᠭᠯᠠᠭᠠᠨ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠶᠢᠨ 《ᠵᠢᠷᠭᠤᠭᠠᠨ ᠱᠢᠨ᠎ᠡ》 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠨᠡᠢᠲᠡᠯᠡᠬᠦ᠌ ᠬᠤᠷᠠᠯ ᠬᠥᠬᠡᠬᠣᠲᠠ᠎ᠳᠦ ᠡᠬᠢᠯᠡᠵᠤ᠂ 9 ᠰᠠᠷ᠎ᠠ᠎ᠶᠢᠨ 30᠎ᠤ ᠡᠳᠦᠷ ᠪᠤᠯᠲᠠᠯ᠎ᠠ ᠶᠠᠪᠤᠭᠳᠠᠬᠤ ᠪᠤᠯᠤᠨ᠎ᠠ᠃
ᠲᠣᠰ ᠬᠤᠭᠤᠴᠠᠭᠠᠨ᠎ᠤ ᠦᠵᠡᠰᠭᠦᠯᠡᠩ᠎ᠤᠨ ᠴᠤᠭᠯᠠᠭᠠᠨ ᠨᠢ 《ᠠᠮᠢ ᠠᠬᠤᠶ᠎ᠶᠢ ᠤᠷᠢᠳ᠎ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠭᠦᠯᠬᠦ᠎ᠪᠡᠷ ᠤᠳᠤᠷᠢᠳᠤᠮᠵᠢ ᠪᠤᠯᠭᠠᠬᠤ》᠎ᠪᠡᠷ ᠴᠢᠭᠯᠡᠯ ᠪᠤᠯᠭᠠᠨ᠂《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠮᠠᠯ ᠠᠵᠤ ᠠᠬᠤᠢ ᠲᠠᠷᠢᠶᠠᠯᠠᠩ᠎ᠢ ᠬᠦᠭᠵᠢᠭᠦᠯᠦᠨ ᠮᠠᠨᠳᠤᠭᠤᠯᠬᠤ᠂ ᠱᠢᠨ᠎ᠡ᠎ᠶᠢ ᠡᠭᠦᠳᠬᠦ᠎ᠪᠡᠷ ᠬᠥᠭ᠌ᠵᠢᠯᠲᠡ᠎ᠶᠢ ᠠᠬᠢᠭᠤᠯᠬᠤ᠂ ᠪᠤᠬᠢᠷᠳᠤᠯ ᠦᠭᠡᠢ᠎ᠪᠡᠷ ᠢᠷᠡᠭᠡᠳᠦᠢ᠎ᠪᠠᠨ ᠴᠤᠭᠴᠠᠯᠠᠬᠤ᠂ ᠲᠦᠷᠦᠯ ᠲᠡᠮᠲᠡᠭ᠎ᠢᠶᠠᠷ ᠬᠢᠯᠠᠯᠵᠠᠮ᠎ᠠ ᠬᠠᠭᠤᠳᠠᠰᠤ᠎ᠶᠢ ᠪᠢᠴᠢᠭᠯᠡᠬᠦ》᠎ᠪᠡᠷ ᠭᠤᠤᠯ ᠰᠡᠳᠦᠪ᠎ᠢᠶᠠᠨ ᠪᠤᠯᠭᠠᠵᠠᠢ᠃ ᠠᠬᠤᠢ ᠲᠠᠯᠠᠪᠠᠢ᠎ᠳᠤ 12 ᠠᠢᠮᠠᠭ ᠬᠣᠲᠠ᠎ᠶᠢᠨ ᠲᠥᠷᠥᠯ ᠲᠡᠮᠳᠡᠭ᠌ᠲᠦ᠍ ᠪᠦᠳᠦᠬᠡᠭᠳᠡᠬᠦᠨ᠎ᠤ ᠦᠵᠡᠭᠦᠯᠭᠡ᠎ᠶᠢᠨ ᠲᠣᠭᠣᠷᠢᠭ᠂ ᠮᠠᠯ ᠠᠵᠤ ᠠᠬᠤᠶ ᠲᠠᠷᠢᠶᠠᠯᠠᠡᠭ᠎ᠤᠨ 《ᠵᠢᠷᠭᠤᠭᠠᠨ ᠱᠢᠨ᠎ᠡ》ᠦᠷ᠎ᠡ ᠪᠦᠲᠦᠭᠡᠯ᠎ᠤᠨ ᠦᠵᠡᠭᠦᠯᠭᠡ᠎ᠶᠢᠨ ᠲᠣᠭᠣᠷᠢᠭ᠂ ᠰᠢᠭᠤᠳ ᠨᠡᠪᠲᠡᠷᠡᠭᠦᠯᠭᠡ᠎ᠪᠡᠷ ᠪᠠᠷᠠᠭ᠎ᠠ ᠪᠤᠷᠤᠯᠠᠭᠤᠯᠬᠤ ᠲᠤᠭᠤᠷᠢᠭ᠂ ᠠᠮᠲᠠᠲᠤ ᠢᠳᠡᠭᠡᠨ ᠠᠮᠰᠠᠭᠤᠯᠬᠤ ᠲᠤᠭᠤᠷᠢᠭ ᠵᠡᠷᠭᠡ ᠣᠯᠠᠨ ᠲᠤᠭᠤᠷᠢᠭ᠎ᠢ ᠲᠤᠬᠢᠷᠠᠭᠤᠯᠵᠤ᠂ 《ᠴᠡᠷᠢᠭ᠎ᠤᠨ ᠪᠦᠲᠦᠭᠡᠯᠴᠢ ᠪᠦᠲᠦᠭᠡᠭᠳᠡᠭᠦᠨ》᠎ᠤ ᠲᠤᠰᠭᠠᠶ ᠲᠤᠭᠤᠷᠢᠭ᠂ ᠱᠢᠤᠳᠠᠨ᠎ᠤ ᠮᠠᠯ ᠠᠵᠤ ᠠᠬᠤᠢ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠵᠡᠭᠦᠯᠭᠡ᠎ᠶᠢᠨ ᠲᠣᠭᠣᠷᠢᠭ᠂ ᠡᠮ ᠪᠠ ᠢᠳᠡᠭᠡᠨ᠎ᠤ ᠬᠤᠤᠰ ᠬᠡᠷᠡᠭᠴᠡᠬᠡᠳᠤ ᠪᠦᠲᠦᠭᠡᠭᠳᠡᠭᠦᠨ᠎ᠤ ᠦᠵᠡᠭᠦᠯᠭᠡ᠎ᠶᠢᠨ ᠲᠣᠭᠣᠷᠢᠭ᠎ᠢ ᠰᠢᠨ᠎ᠡ᠎ᠪᠡᠷ ᠲᠤᠬᠢᠷᠠᠭᠤᠯᠵᠤ᠂ 12 ᠠᠢᠮᠠᠭ ᠬᠤᠲᠠ᠎ᠶᠢᠨ 300 ᠭᠠᠷᠤᠢ ᠠᠵᠤ ᠠᠬᠤᠢᠯᠠᠯ᠎ᠤᠨ ᠮᠢᠬ᠎ᠠ᠂ ᠰᠦ᠂ ᠠᠮᠤ ᠪᠤᠳᠠᠭ᠎ᠠ᠂ ᠲᠣᠰᠣ᠂ ᠪᠤᠯᠪᠠᠰᠤᠷᠠᠭᠤᠯᠤᠭᠰᠠᠨ ᠪᠦᠲᠦᠭᠡᠭ᠌ᠳᠡᠬᠦᠨ ᠵᠡᠷᠭᠡ 1000 ᠭᠠᠷᠤᠢ ᠵᠤᠢᠯ᠎ᠤᠨ ᠴᠢᠨᠠᠷ ᠰᠠᠢᠲᠠᠢ ᠤᠨᠴᠠᠯᠢᠭᠲᠦ ᠮᠠᠯ᠎ᠤᠨ ᠠᠰᠢᠭ ᠰᠢᠮ᠎ᠡ ᠲᠠᠷᠢᠶᠠᠯᠠᠡᠭ᠎ᠤᠨ ᠪᠦᠲᠦᠭᠡᠭᠳᠡᠭᠦᠨ᠎ᠢ ᠳᠡᠯᠭᠡᠨ ᠪᠤᠷᠤᠯᠠᠭᠤᠯᠵᠤ ᠪᠠᠢᠨ᠎ᠠ᠃
ᠠᠵᠢᠯᠯᠠᠭ᠎ᠠ᠎ᠳᠦ ᠥᠪᠥᠷ ᠮᠣᠩᠭᠣᠯ᠎ᠤᠨ ᠮᠠᠯ ᠠᠵᠤ ᠠᠬᠤᠶ ᠲᠠᠷᠢᠶᠠᠯᠠᠡᠭ᠎ᠦᠨ 《 ᠰᠢᠨ᠎ᠡ ᠮᠡᠷᠭᠡᠵᠢᠯ᠂ ᠰᠢᠨ᠎ᠡ ᠦᠷ᠎ᠡ ᠪᠦᠲᠦᠭᠡᠯ᠂ ᠱᠢᠨ᠎ᠡ ᠵᠠᠭ᠍ᠪᠤᠷ᠂ ᠱᠢᠨ᠎ᠡ ᠪᠦᠲᠦᠭᠡᠭᠳᠡᠭᠦᠨ᠂ ᠱᠢᠨ᠎ᠡ ᠲᠣᠨᠣᠭ ᠲᠥᠬᠥᠭᠡᠷᠦᠮᠵᠢ᠂ ᠱᠢᠨ᠎ᠡ ᠡᠵᠡᠩᠨᠡᠯᠲᠡ᠎ᠶᠢᠨ ᠬᠡᠯᠪᠡᠷᠢ》 ᠵᠡᠷᠭᠡ 《ᠵᠢᠷᠭᠤᠭᠠᠨ ᠱᠢᠨ᠎ᠡ》 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠨᠡᠢᠲᠡᠯᠡᠬᠦ᠎ᠶᠢᠨ ᠬᠠᠮᠲᠤ ᠠᠬᠤᠢ ᠲᠠᠯᠠᠪᠠᠢ᠎ᠳᠤ 600 ᠲᠦᠮᠡᠨ ᠲᠦᠭᠦᠷᠢᠭ᠎ᠤᠨ ᠦᠷ᠎ᠡ ᠪᠦᠲᠦᠭᠡᠯ᠎ᠢᠶᠠᠨ ᠤᠨᠳᠤᠤᠰᠢᠭᠤᠯᠬᠤ ᠭᠡᠷ᠎ᠡ ᠲᠤᠭᠲᠠᠵᠤ᠂ 46 ᠱᠢᠯᠢᠳᠡᠭ ᠦᠷ᠎ᠡ ᠪᠦᠲᠦᠭᠡᠯ᠎ᠤᠨ ᠨᠢᠭᠡᠴᠢ᠎ᠳᠦ ᠫᠠᠢᠰᠠ ᠣᠯᠭᠣᠨ ᠬᠥᠬᠢᠭᠦᠯᠦᠨ ᠰᠠᠢᠱᠢᠶᠠᠵᠤ᠂ ᠮᠠᠨ᠎ᠤ ᠤᠷᠤᠨ᠎ᠤ ᠮᠠᠯ ᠠᠵᠤ ᠠᠬᠤᠶ ᠲᠠᠷᠢᠶᠠᠯᠡᠡᠭᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶᠢ ᠡᠭᠦᠳᠬᠦ᠌ ᠲᠠᠯ᠎ᠠ᠎ᠪᠡᠷ ᠬᠢ ᠪᠣᠳᠠᠲᠤ ᠬᠦᠴᠦᠨ᠎ᠢ ᠢᠯᠡᠷᠡᠭᠦᠯᠪᠡ᠃ ᠡᠭᠦᠨ᠎ᠤ ᠬᠠᠮᠲᠤ ᠥᠪᠥᠷ ᠮᠣᠩᠭᠣᠯ᠎ᠤᠨ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠵᠡᠩᠨᠡᠨ ᠪᠣᠷᠣᠯᠠᠭᠤᠯᠬᠤ ᠲᠥᠪ᠎ᠲᠤ ᠫᠠᠢᠰᠠ ᠣᠯᠭᠣᠬᠤ ᠶᠣᠰᠣᠯᠠᠯ ᠶᠠᠪᠤᠭᠳᠠᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠡᠷᠡᠭ᠌ᠯᠡᠭᠡ᠎ᠶᠢ ᠠᠬᠢᠭᠤᠯᠬᠤ ᠲᠤᠬᠠᠶ ᠰᠠᠨᠠᠭᠠᠴᠢᠯᠠᠭ᠎ᠠ᠎ᠶᠢᠨ ᠪᠢᠴᠢᠭ》᠎ᠢ ᠨᠡᠢᠲᠡᠯᠡᠨ᠂ ᠪᠥᠬᠥ᠌ ᠨᠡᠢᠭᠡᠮᠢᠶᠡᠷᠢᠶᠠᠨ ᠴᠢᠨᠠᠷ ᠰᠠᠢᠲᠠᠶ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠡᠷᠡᠭᠯᠡᠭᠡ᠎ᠶᠢ ᠠᠬᠢᠭᠤᠯᠵᠤ᠂ ᠣᠷᠣᠨ ᠪᠦᠰᠡ᠎ᠶᠢᠨ ᠨᠡᠢᠲᠡ᠎ᠶᠢᠨ ᠬᠡᠷᠡᠭ᠌ᠯᠡᠭᠡᠨ᠎ᠤ ᠲᠥᠷᠥᠯ ᠲᠡᠮᠳᠡᠭ᠎ᠤᠨ ᠪᠠᠢᠭᠤᠯᠤᠯᠲᠠ᠎ᠳᠦ ᠬᠦᠴᠦᠨ ᠨᠡᠮᠡᠷᠢᠯᠡᠬᠦ᠌᠎ᠶᠢ ᠤᠷᠢᠶᠠᠯᠠᠪᠠ᠃
ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠵᠡᠰᠭᠦᠯᠡᠩ᠎ᠤᠨ ᠴᠤᠭᠯᠠᠭᠠᠨ ᠨᠢᠭᠡᠨᠲᠡ ᠮᠠᠨ᠎ᠤ ᠤᠷᠤᠨ᠎ᠤ ᠮᠠᠯ ᠠᠵᠤ ᠠᠬᠤᠶ ᠲᠠᠷᠢᠶᠠᠯᠠᠡᠭ᠎ᠤᠨ ᠠᠮᠵᠢᠯᠲᠠ ᠪᠦᠲᠦᠮᠵᠢ᠎ᠶᠢ ᠳᠡᠯᠭᠡᠨ ᠦᠵᠡᠭᠦᠯᠬᠦ᠌᠂ ᠠᠵᠤ ᠦᠶ᠋ᠯᠡᠰ᠎ᠤᠨ ᠲᠠᠰ ᠳᠡᠪᠱᠢᠬᠦ᠌᠎ᠶᠢ ᠠᠬᠢᠭᠤᠯᠬᠤ᠂ ᠰᠣᠯᠢᠯᠴᠠᠭ᠎ᠠ ᠬᠠᠮᠲᠤᠷᠠᠯᠴᠠᠭ᠎ᠠ᠎ᠶᠢ ᠠᠬᠢᠭᠤᠯᠬᠤ ᠴᠢᠬᠤᠯᠠ ᠴᠤᠩᠬᠤᠪᠴᠢ ᠪᠣᠯᠪᠠ᠃ ᠲᠤᠰ ᠬᠤᠭᠤᠴᠠᠭᠠᠨ᠎ᠤ ᠠᠵᠢᠯᠯᠠᠭ᠎ᠠ ᠨᠢ ᠮᠠᠨ᠎ᠤ ᠤᠷᠤᠨ᠎ᠤ ᠪᠣᠬᠢᠷᠲᠤᠯ ᠦᠭᠡᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠲᠦᠷᠦᠯ ᠲᠡᠮᠳᠡᠭ᠎ᠤᠨ ᠨᠥᠯᠥᠭᠡᠯᠡᠬᠦ᠌ ᠬᠦᠴᠦᠨ᠎ᠢ ᠴᠢᠨᠠᠭ᠍ᠰᠢᠳᠠ ᠴᠢᠩᠭᠠᠳᠭᠠᠵᠤ᠂ ᠮᠠᠯ ᠠᠵᠤ ᠠᠬᠤᠢ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠱᠢᠭᠤᠯᠬᠤ᠎ᠶᠢ ᠲᠦᠷᠭᠡᠳᠭᠡᠵᠦ᠍᠂ ᠬᠥᠳᠡᠭᠡ ᠲᠣᠰᠭᠣᠨ᠎ᠢ ᠪᠦᠬᠦ ᠲᠠᠯ᠎ᠠ᠎ᠪᠡᠷ ᠬᠥᠭ᠌ᠵᠢᠭᠦᠯᠦᠨ ᠮᠠᠨᠳᠤᠭᠤᠯᠬᠤ᠎ᠶᠢ ᠠᠬᠢᠭᠤᠯᠬᠤ ᠪᠠ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠤ ᠪᠦᠳᠦᠬᠡᠨ ᠪᠠᠢᠭᠤᠯᠤᠯᠳᠠ᠎ᠳᠦ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠤᠨ᠎ᠠ᠃