ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
《ᠡᠪᠦᠯ᠎ᠤᠨ ᠬᠠᠷ᠎ᠠ ᠪᠣᠭᠣᠳᠠᠶ +》 ᠳᠠᠬᠢᠨ ᠳᠠᠷᠢᠵᠤ ᠡᠭᠡᠯᠵᠢᠯᠡᠨ ᠳᠠᠷᠢᠬᠤ ᠵᠠᠭᠪᠤᠷ᠎ᠢ ᠲᠦᠩᠯᠢᠶᠣᠤ ᠬᠣᠲᠠ᠎ᠳᠤ ᠳᠡᠯᠭᠡᠷᠡᠭᠦᠯᠦᠨ ᠬᠡᠷᠡᠭᠯᠡᠪᠡ
ᠨᠡᠶ᠋ᠢᠲᠡᠯᠡᠭᠰᠡᠨ ᠴᠠᠭ᠄ 2025-07-03

 

     6 ᠳ᠋ᠤᠭ᠋ᠠᠷ ᠰᠠᠷ᠎ᠠ ᠵᠢᠨ 29᠎ᠤ ᠡᠳᠦᠷ᠂ ᠲᠠᠪᠤᠳᠤᠭ᠋ᠠᠷ ᠬᠤᠭᠤᠴᠠᠭ᠋ᠠᠨ᠎ᠤ ᠬᠣᠷᠴᠢᠨ᠎ᠤ ᠡᠯᠡᠰᠦᠷᠬᠡᠭ ᠭᠠᠵᠠᠷ᠎ᠤᠨ 《ᠡᠪᠦᠯ᠎ᠤᠨ ᠬᠠᠷ᠎ᠠ ᠪᠣᠭᠣᠳᠠᠶ +》 ᠳᠠᠬᠢᠨ ᠳᠠᠷᠢᠵᠤ ᠡᠭᠡᠯᠵᠢᠯᠡᠨ ᠳᠠᠷᠢᠬᠤ ᠵᠠᠭᠪᠤᠷ᠎ᠤᠨ ᠲᠤᠬᠠᠶ ᠵᠢᠨ ᠲᠠᠯᠠᠪᠠᠶ ᠵᠢᠨ ᠲᠣᠭᠣᠷᠢᠨ ᠦᠵᠡᠬᠦ ᠬᠤᠷᠠᠯ ᠺᠠᠢ᠌ᠯᠦ ᠰᠢᠶᠠᠨ᠎ᠤ ᠯᠢᠨ ᠬᠣᠶ ᠡᠪᠡᠰᠦᠨ᠎ᠤ ᠦᠢᠯᠡᠰ᠎ᠤᠨ ᠰᠠᠭᠤᠷᠢᠨ ᠭᠠᠵᠠᠷ᠎ᠲᠤ ᠶᠠᠪᠤᠭᠳᠠᠪᠠ᠃ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠳᠠᠷᠢᠵᠤ ᠲᠡᠵᠢᠭᠡᠬᠦ ᠠᠵᠤ ᠠᠬᠤᠢ᠌ᠯᠠᠯ᠎ᠤᠨ ᠲᠥᠯᠥᠭᠡᠯᠡᠭᠴᠢ ᠨᠡᠢ᠌ᠲᠡ 80 ᠭᠠᠷᠤᠶ ᠬᠥᠮᠦᠨ ᠬᠤᠷᠠᠯ᠎ᠳᠤ ᠣᠷᠣᠯᠴᠠᠵᠤ᠂ ᠮᠡᠷᠭᠡᠵᠢᠯ᠎ᠤᠨ ᠦᠷ᠎ᠡ ᠪᠦᠲᠦᠮᠵᠢ ᠵᠢ ᠲᠤᠬᠠᠶ ᠵᠢᠨ ᠭᠠᠵᠠᠷ᠎ᠲᠤᠨᠢ ᠲᠣᠭᠣᠷᠢᠨ ᠦᠵᠡᠬᠦ ᠵᠢᠨ ᠬᠠᠮᠲᠤ ᠲᠤᠷᠰᠢᠯᠭ᠎ᠠ᠎ᠪᠠᠨ ᠰᠣᠯᠢᠯᠴᠠᠪᠠ᠃

     ᠣᠳᠣᠬᠠᠨ᠎ᠳᠤ᠂ 《ᠡᠪᠦᠯ᠎ᠤᠨ ᠬᠠᠷ᠎ᠠ ᠪᠣᠭᠣᠳᠠᠶ +》 ᠳᠠᠬᠢᠨ ᠳᠠᠷᠢᠵᠤ ᠡᠭᠡᠯᠵᠢᠯᠡᠨ ᠳᠠᠷᠢᠬᠤ ᠵᠠᠭᠪᠤᠷ᠎ᠨᠢ ᠨᠢᠭᠡᠨᠲᠡ ᠤᠯᠤᠰ᠎ᠤᠨ ᠴᠢᠬᠤᠯᠠ ᠲᠠᠷᠢᠶᠠᠯᠠᠩ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ ᠪᠠ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠢ᠌ᠭᠤᠯᠬᠤ ᠴᠢᠬᠤᠯᠠ ᠠᠷᠭ᠎ᠠ ᠪᠠᠷᠢᠯ ᠪᠣᠯᠵᠣ᠂ ᠤᠮᠠᠷᠠᠲᠤ ᠵᠢᠨ ᠲᠠᠷᠢᠶᠠᠯᠠᠩ ᠮᠠᠯ ᠠᠵᠤ ᠠᠬᠤᠶ ᠰᠣᠯᠪᠢᠴᠠᠭᠰᠠᠨ ᠭᠠᠵᠠᠷ ᠣᠷᠣᠨ᠎ᠤ ᠠᠮᠤ ᠪᠤᠳᠠᠭ᠎ᠠ ᠵᠢ ᠪᠣᠷᠳᠣᠭ᠎ᠠ ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠠᠮᠤ ᠪᠤᠳᠠᠭ᠎ᠠ ᠪᠣᠷᠳᠣᠭ᠎ᠠ ᠵᠢ ᠡᠭᠡᠯᠵᠢᠯᠡᠨ ᠳᠠᠷᠢᠬᠤ᠂ ᠮᠠᠯ ᠪᠡᠯᠴᠢᠭᠡᠷ᠎ᠢ ᠨᠢᠭᠡ ᠴᠣᠭᠴᠠᠵᠢᠭᠤᠯᠬᠤ ᠵᠢ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠢ᠌ᠲᠠᠶ᠂ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ᠎ᠳᠤ ᠴᠢᠬᠤᠯᠠ ᠦᠢᠯᠡᠳᠦᠯ᠎ᠲᠠᠢ ᠶᠤᠮ᠃ ᠵᠢᠯᠣᠭᠣᠳᠬᠤ ᠨᠢᠭᠡᠴᠢ ᠪᠣᠯᠤᠭᠰᠠᠨ᠎ᠤ ᠬᠤᠪᠢ᠎ᠳᠤ᠂ ᠲᠦᠩᠯᠢᠶᠣᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠡᠯ᠎ᠡ ᠲᠠᠯ᠎ᠠ ᠵᠢᠨ᠎ᠬᠢᠨ᠎ᠲᠠᠢ ᠬᠠᠮᠵᠢᠯᠴᠠᠨ 《ᠡᠪᠦᠯ᠎ᠤᠨ ᠬᠠᠷ᠎ᠠ ᠪᠣᠭᠣᠳᠠᠶ +》 ᠵᠢ ᠳᠠᠬᠢᠨ ᠳᠠᠷᠢᠵᠤ ᠡᠭᠡᠯᠵᠢᠯᠡᠨ ᠳᠠᠷᠢᠬᠤ ᠵᠠᠭᠪᠤᠷ᠎ᠢ ᠠᠬᠢᠭᠤᠯᠵᠤ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠬᠠᠮᠢᠶ᠎ᠠ ᠪᠥᠬᠥᠶ ᠰᠤᠳᠤᠯᠭ᠋ᠠᠨ ᠥᠷᠨᠢᠭᠦᠯᠬᠦ ᠵᠢ ᠳᠡᠮᠵᠢᠵᠦ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠬᠢᠭᠡᠳ ᠠᠵᠤ ᠠᠬᠤᠢ᠌ᠯᠠᠯ᠎ᠤᠨ ᠬᠠᠮᠲᠤᠷᠠᠯᠴᠠᠭ᠎ᠠ ᠵᠢ ᠠᠬᠢᠭᠤᠯᠵᠤ᠂ ᠦᠷ᠎ᠡ ᠪᠦᠲᠦᠭᠡᠯ᠎ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠵᠢ ᠨᠢᠭᠲᠠ ᠵᠣᠯᠭ᠋ᠠᠭᠤᠯᠬᠤ ᠵᠢ ᠪᠡᠶᠡᠯᠡᠭᠦᠯᠵᠦ᠂ ᠲᠣᠰ ᠮᠡᠷᠭᠡᠵᠢᠯ᠎ᠢ ᠬᠣᠷᠴᠢᠨ᠎ᠤ ᠡᠯᠡᠰᠦᠷᠬᠡᠭ ᠭᠠᠵᠠᠷ᠎ᠤᠨ ᠣᠷᠣᠨ ᠪᠦᠰᠡ᠎ᠳᠤ ᠳᠡᠯᠭᠡᠷᠡᠭᠦᠯᠬᠦ ᠵᠢ ᠠᠬᠢᠭᠤᠯᠤᠨ᠎ᠠ᠃ 、

      ᠲᠠᠷᠠᠭ᠋ᠠᠴᠢ ᠵᠢᠨ ᠠᠯᠬᠤᠮ᠎ᠳᠤ᠂ ᠲᠦᠩᠯᠢᠶᠣᠤ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠡᠯ᠎ᠡ ᠲᠠᠯ᠎ᠠ ᠵᠢᠨ᠎ᠬᠢᠨ᠎ᠲᠠᠢ ᠬᠠᠮᠲᠤᠷᠠᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠵᠤ᠂ ᠨᠠᠩ ᠣᠯᠠᠨ ᠲᠠᠷᠢᠶᠠᠯᠠᠩ ᠮᠠᠯ ᠠᠵᠤ ᠠᠬᠤᠶ ᠵᠢᠨ ᠰᠢᠨ᠎ᠡ ᠵᠢ ᠡᠭᠦᠳᠬᠦ ᠮᠡᠷᠭᠡᠵᠢᠯ᠎ᠤᠨ ᠵᠠᠭᠪᠤᠷ᠎ᠢ ᠢᠳᠡᠪᠬᠢᠲᠡᠶ ᠰᠦᠪᠡᠭᠴᠢᠯᠡᠨ ᠳᠡᠯᠭᠡᠷᠡᠭᠦᠯᠦᠨ᠎ᠡ ᠃ ᠡᠭᠦᠨ᠎ᠤ ᠬᠠᠮᠲᠤ᠂ ᠲᠦᠩᠯᠢᠶᠣᠤ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠴᠤ᠌ ᠦᠨᠳᠦᠰᠦᠨ ᠱᠠᠲᠤᠨ᠎ᠤ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠦᠷᠭᠦᠯᠵᠢᠯᠡᠨ ᠠᠩᠬᠠᠷᠴᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡᠨ᠎ᠤ ᠠᠷᠭ᠎ᠠ ᠮᠠᠶᠢᠭ᠎ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠤᠨ᠂ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢᠯᠡᠰ᠎ᠤᠨ ᠰᠢᠰᠲ᠋ᠧᠮᠵᠢ᠂ ᠦᠢᠯᠡᠳᠪᠦᠷᠢᠯᠡᠯ᠎ᠤᠨ ᠰᠢᠰᠲ᠋ᠧᠮᠵᠢ ᠪᠠ ᠡᠵᠡᠩᠨᠡᠯᠲᠡ ᠵᠢᠨ ᠰᠢᠰᠲ᠋ᠧᠮᠵᠢ ᠵᠢ ᠪᠠᠢ᠌ᠭᠤᠯᠬᠤ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠵᠤ᠂ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠵᠢ ᠪᠡᠶᠡᠯᠡᠭᠦᠯᠬᠦ᠎ᠳᠤ ᠨᠠᠩ ᠣᠯᠠᠨ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠬᠦ ᠪᠣᠯᠤᠨ᠎ᠠ ᠃

ᠢᠷᠡᠯᠲᠡ᠄          
          
ᠬᠠᠮᠢᠶ᠎ᠡ ᠪᠦᠬᠦᠢ ᠰᠣᠨᠢᠨ
 
            
Baidu
map