7 ᠳ᠋ᠤᠭ᠋ᠠᠷ ᠰᠠᠷ᠎ᠠ ᠵᠢᠨ 17᠎ᠤ ᠡᠳᠦᠷ᠂ 2025 ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ 30 ᠬᠦᠴᠦᠷᠬᠡᠭ᠎ᠤᠨ ᠨᠡᠷᠡᠰ᠎ᠢ ᠨᠡᠢ᠌ᠲᠡᠯᠡᠪᠡ᠂ ᠲᠣᠰ ᠤᠳᠠᠭ᠎ᠠ 2025 ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ 30 ᠬᠦᠴᠦᠷᠬᠡᠭ᠎ᠤᠨ ᠨᠡᠷᠡᠰ᠎ᠢ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠣᠷᠣᠭᠤᠯᠤᠯᠲᠠ᠂ ᠲᠤᠰᠬᠠᠶ ᠠᠰᠢᠭ᠂ ᠰᠤᠳᠤᠯᠤᠨ ᠨᠡᠭᠡᠭᠡᠬᠦ ᠲᠠᠪᠴᠠᠩ ᠵᠡᠷᠭᠡ ᠣᠯᠠᠨ ᠵᠦᠢᠯ᠎ᠤᠨ ᠭᠦᠢᠴᠡᠳᠬᠡᠯ ᠲᠣᠭ᠎ᠠ᠎ᠪᠠᠷ ᠶᠡᠷᠦᠩᠬᠡᠢ᠌ᠯᠡᠨ ᠦᠨᠡᠯᠡᠵᠦ ᠵᠢᠭᠰᠠᠭ᠋ᠠᠭ᠋ᠠᠳ ᠪᠣᠶ ᠪᠣᠯᠭ᠋ᠠᠵᠤ᠂ ᠪᠠᠶᠠᠨᠨᠠᠭᠤᠷ ᠬᠣᠲᠠ ᠵᠢᠨ 3 ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ (ᠥᠪᠥᠷ ᠮᠣᠩᠭᠣᠯ᠎ᠤᠨ ᠪᠠᠶᠠᠨᠨᠠᠭᠤᠷ ᠬᠣᠲᠠ ᠵᠢᠨ ᠺᠧ ᠾᠧ ᠦᠷ᠎ᠡ ᠵᠢᠨ ᠦᠢᠯᠡᠰ᠎ᠤᠨ ᠬᠢᠵᠠᠭ᠋ᠠᠷᠲᠤ ᠺᠣᠮᠫᠠᠨᠢ᠂ ᠰᠠᠨ ᠷᠦᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠯᠢᠶᠠᠨ ᠪᠠᠩ ᠡᠮ ᠦᠢᠯᠡᠳᠬᠦ (ᠥᠪᠥᠷ ᠮᠣᠩᠭᠣᠯ) ᠬᠢᠵᠠᠭ᠋ᠠᠷᠲᠤ ᠺᠣᠮᠫᠠᠨᠢ) ᠰᠣᠩᠭᠣᠭᠳᠠᠨ ᠣᠷᠣᠵᠤ᠂ ᠰᠣᠩᠭᠣᠭᠳᠠᠭᠰᠠᠨ ᠠᠵᠤ ᠠᠬᠤᠢ᠌ᠯᠠᠯ᠎ᠤᠨ ᠶᠡᠷᠦᠩᠬᠡᠶ ᠲᠣᠭ᠎ᠠ᠎ᠨᠢ ᠪᠥᠬᠥ ᠣᠷᠣᠨ᠎ᠤ ᠳᠥᠷᠪᠡᠳᠦᠭᠡᠷ᠎ᠲᠤ ᠣᠷᠣᠪᠠ ᠃
ᠲᠠᠷᠠᠭ᠋ᠠᠴᠢ ᠵᠢᠨ ᠠᠯᠬᠤᠮ᠎ᠳᠤ᠂ ᠪᠠᠶᠠᠨᠨᠠᠭᠤᠷ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠠᠵᠤ ᠠᠬᠤᠢ᠌ᠯᠠᠯ᠎ᠳᠤ ᠢᠳᠡᠪᠬᠢᠲᠡᠶ ᠦᠢᠯᠡᠴᠢᠯᠡᠵᠦ᠂ ᠠᠵᠤ ᠠᠬᠤᠢ᠌ᠯᠠᠯ᠎ᠤᠨ ᠬᠥᠭᠵᠢᠯᠲᠡ ᠵᠢᠨ ᠶᠠᠪᠤᠴᠠ᠎ᠳᠠᠬᠢ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠠᠵᠤ ᠠᠬᠤᠢ᠌ᠯᠠᠯ᠎ᠤᠨ ᠠᠮᠵᠢᠯᠲᠠ᠎ᠲᠠᠢ ᠲᠤᠷᠰᠢᠯᠭ᠎ᠠ᠎ᠪᠠᠷ ᠲᠣᠯᠢ ᠪᠣᠯᠭ᠋ᠠᠬᠤ ᠵᠢ ᠵᠣᠷᠢᠭᠵᠢᠭᠤᠯᠵᠤ᠂ ᠠᠵᠤ ᠦᠢᠯᠡᠰ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠡᠵᠡᠯᠡᠬᠦ ᠬᠠᠷᠢᠴᠠᠯ᠎ᠢ ᠳᠡᠭᠡᠭᠰᠢᠯᠡᠭᠦᠯᠵᠦ᠂ ᠰᠤᠳᠤᠯᠤᠨ ᠨᠡᠭᠡᠭᠡᠬᠦ ᠲᠠᠪᠴᠠᠩ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠦᠲᠦᠮᠵᠢᠲᠡᠶ ᠲᠤᠰᠬᠠᠶ ᠠᠰᠢᠭ ᠢᠯᠠᠩᠭᠤᠶ᠎ᠠ ᠡᠭᠦᠳᠦᠯᠲᠡ ᠵᠢᠨ ᠲᠤᠰᠬᠠᠶ ᠠᠰᠢᠭ᠎ᠤᠨ ᠲᠣᠭ᠎ᠠ ᠬᠡᠮᠵᠢᠶ᠎ᠡ ᠵᠢ ᠨᠡᠮᠡᠭᠳᠡᠭᠦᠯᠵᠦ᠂ ᠪᠠᠶᠠᠨᠨᠠᠭᠤᠷ ᠬᠣᠲᠠ ᠵᠢᠨ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠦᠨ᠎ᠡ ᠃