ᠣᠢ᠌ᠷ᠎ᠠ᠎ᠳᠤ᠂ ᠬᠤᠸᠠᠳᠦᠨ ᠠᠵᠤ ᠠᠬᠤᠶ ᠵᠢᠨ ᠰᠤᠳᠤᠯᠭ᠋ᠠᠨ᠎ᠤ ᠬᠦᠷᠢᠶᠡᠯᠡᠩ ᠱᠠᠩᠬᠠᠶ᠎ᠳᠤ 2025 ᠣᠨ᠎ᠤ ᠳᠤᠮᠳᠠᠳᠤ ᠤᠯᠤᠰ᠎ᠤᠨ ᠵᠠᠭᠤᠨ ᠬᠦᠴᠦᠷᠬᠡᠭ ᠬᠣᠲᠠ ᠵᠢᠨ ᠨᠡᠷᠡᠰ᠎ᠤᠨ ᠵᠢᠭᠰᠠᠭ᠋ᠠᠯᠲᠠ ᠵᠢ ᠨᠡᠢ᠌ᠲᠡᠯᠡᠪᠡ᠂ ᠬᠥᠬᠡᠬᠣᠲᠠ ᠲᠣᠭᠲᠠᠭᠤᠨ ᠬᠥᠭᠵᠢᠯᠲᠡ ᠵᠢᠨ ᠪᠠᠢ᠌ᠳᠠᠯ᠎ᠳᠤ ᠲᠦᠰᠢᠭᠯᠡᠨ ᠵᠠᠭᠤᠨ ᠬᠦᠴᠦᠷᠬᠡᠭ᠎ᠲᠤ ᠣᠷᠣᠵᠤ᠂ ᠪᠥᠬᠥ ᠤᠯᠤᠰ᠎ᠤᠨ 58 ᠳ᠋ᠤᠭ᠋ᠠᠷ᠎ᠲᠤ ᠵᠢᠭᠰᠠᠭ᠋ᠠᠭᠳᠠᠪᠠ᠂ ᠡᠨᠡ ᠬᠦ᠌ ᠬᠢᠷᠢ ᠪᠦᠲᠦᠮᠵᠢ᠎ᠨᠢ ᠣᠷᠣᠨ᠎ᠤ ᠲᠥᠪ ᠬᠣᠲᠠ ᠵᠢᠨ ᠶᠡᠷᠦᠩᠬᠡᠢ᠌ᠯᠡᠭᠰᠡᠨ ᠪᠣᠳᠠᠲᠤ ᠬᠦᠴᠦᠨ ᠢᠯᠡᠳᠲᠡ ᠳᠡᠭᠡᠭᠰᠢᠯᠡᠭᠰᠡᠨ᠎ᠢ ᠬᠠᠷᠠᠭᠤᠯᠵᠤ ᠪᠠᠢ᠌ᠨ᠎ᠠ ᠃
ᠲᠣᠰ ᠤᠳᠠᠭ᠎ᠠ ᠳᠤᠮᠳᠠᠳᠤ ᠤᠯᠤᠰ᠎ᠤᠨ ᠵᠠᠭᠤᠨ ᠬᠦᠴᠦᠷᠬᠡᠭ ᠬᠣᠲᠠ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠰᠠᠨ ᠶᠠᠪᠤᠳᠠᠯ ᠪᠣᠯ ᠬᠥᠬᠡᠬᠣᠲᠠ ᠵᠢᠨ ᠣᠢ᠌ᠷ᠎ᠠ ᠵᠢᠨ ᠵᠢᠯ᠎ᠤᠨ ᠲᠤᠷᠰᠢᠬᠢ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠭᠦᠢᠴᠡᠳ ᠨᠤᠲᠠᠯᠠᠭᠰᠠᠨ ᠶᠠᠪᠤᠳᠠᠯ ᠪᠣᠯᠤᠨ᠎ᠠ ᠃ ᠵᠠᠯᠭ᠋ᠠᠭ᠋ᠠᠳ᠂ ᠬᠥᠬᠡᠬᠣᠲᠠ ᠰᠢᠨ᠎ᠡ ᠵᠢ ᠡᠭᠦᠳᠬᠦ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠦᠷᠭᠦᠯᠵᠢᠯᠡᠨ ᠪᠠᠷᠢᠮᠲᠠᠯᠠᠵᠤ᠂ ᠠᠵᠤ ᠦᠢ᠍ᠯᠡᠰ᠎ᠤᠨ ᠪᠦᠲᠦᠴᠡ᠎ᠪᠠᠨ ᠦᠷᠭᠦᠯᠵᠢᠯᠡᠨ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠤᠮᠠᠷᠠᠲᠤ ᠣᠷᠣᠨ᠎ᠤ ᠴᠢᠬᠤᠯᠠ ᠲᠥᠪ ᠬᠤᠳᠠ ᠪᠣᠯᠤᠨ ᠣᠷᠣᠨ ᠪᠦᠰᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠦᠳᠦᠭᠡᠨ ᠪᠠᠢ᠌ᠭᠤᠯᠬᠤ ᠬᠠᠷᠠᠯᠲᠠ ᠲᠡᠢ᠌ᠰᠢ ᠯᠠᠪᠳᠠᠭᠤᠨ ᠵᠶ᠋ᠠᠷ ᠤᠷᠤᠭᠰᠢᠯᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠣᠷᠣᠨ᠎ᠤ ᠲᠥᠪ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ ᠴᠢᠳᠠᠯ ᠵᠶ᠋ᠠᠨ ᠡᠷᠭᠦᠨ᠎ᠡ ᠃