ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠪᠣᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠰᠠᠭᠤᠷᠢ ᠮᠥᠨ᠂ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠴᠢᠬᠤᠯᠠ ᠪᠦᠷᠢᠯᠳᠦᠬᠦᠨ ᠬᠡᠰᠡᠭ ᠮᠥᠨ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠨᠠᠯᠲᠠ ᠲᠠᠯᠪᠢᠬᠤ ᠪᠣᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠤᠨ ᠬᠡᠷᠡᠭᠵᠢᠭᠦᠯᠬᠦ ᠶᠠᠰᠤ ᠴᠢᠨᠠᠷ ᠪᠣᠯᠤᠨ ᠡᠳ᠎ᠤᠨ ᠵᠠᠰᠠᠭ᠎ᠤᠨ ᠪᠡᠯᠡ ᠮᠥᠩᠭᠥ ᠵᠢᠨ ᠬᠡᠷᠡᠭᠯᠡᠯᠲᠡ ᠵᠢᠨ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠤᠨ᠎ᠠ ᠃
ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠨᠠᠯᠲᠠ ᠲᠠᠯᠪᠢᠬᠤ ᠠᠵᠢᠯ᠎ᠤᠨ ᠰᠢᠨ᠎ᠡ ᠪᠠᠢ᠌ᠳᠠᠯ᠎ᠢ ᠡᠭᠦᠳᠴᠦ᠂ ᠡᠷᠬᠡ ᠲᠡᠭᠰᠢ ᠲᠥᠪ ᠭᠣᠣᠯᠴᠢ ᠡᠮᠬᠢ ᠵᠢᠷᠤᠮ᠎ᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠣᠷᠴᠢᠨ ᠨᠥᠬᠥᠴᠡᠯ᠎ᠢ ᠪᠤᠢ ᠪᠣᠯᠭ᠋ᠠᠬᠤ ᠵᠢᠨ ᠲᠥᠯᠥᠭᠡ᠂ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠦᠨᠡᠯᠡᠯᠲᠡ ᠵᠢᠨ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠳᠤ ᠬᠢᠨᠠᠯᠲᠠ ᠲᠠᠯᠪᠢᠬᠤ ᠠᠵᠢᠯ᠎ᠤᠨ ᠲᠣᠭᠲᠠᠭ᠋ᠠᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠤᠷᠤᠭᠤ ᠵᠢ ᠠᠭᠤᠴᠢᠯᠠᠵᠤ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠵᠦᠢᠯᠡᠰ᠎ᠤᠨ ᠨᠠᠷᠢᠨ ᠲᠠᠩᠰᠠ (ᠲᠤᠷᠰᠢᠨ ᠬᠡᠷᠡᠭᠵᠢᠭᠦᠯᠬᠦ)》 ᠵᠡᠷᠭᠡ ᠠᠯᠢ ᠣᠯᠠᠨ ᠴᠢᠬᠤᠯᠠ ᠲᠦᠷᠢᠮ᠎ᠤᠨ ᠪᠢᠴᠢᠭ ᠮᠠᠲ᠋ᠧᠷᠢᠶᠠᠯ᠎ᠢ ᠵᠠᠯᠭ᠋ᠠᠭ᠎ᠠ᠎ᠪᠠᠷ ᠨᠡᠢ᠌ᠲᠡᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠴᠢ ᠰᠢᠨ᠎ᠡ ᠵᠢ ᠡᠭᠦᠳᠬᠦ ᠠᠮᠢ ᠠᠬᠤᠢ ᠵᠢ ᠰᠢᠯᠢᠳᠡᠭᠵᠢᠭᠦᠯᠬᠦ ᠲᠠᠯ᠎ᠠ᠎ᠪᠠᠷ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠰᠤᠷᠲᠠᠯ ᠡᠷᠳᠡᠮ ᠰᠢᠨᠵᠢᠯᠡᠭᠡᠨ᠎ᠤ ᠰᠤᠷᠲᠠᠯ᠎ᠤᠨ ᠪᠠᠢ᠌ᠭᠤᠯᠤᠯᠲᠠ᠎ᠳᠤ ᠪᠦᠬᠦᠯᠢ ᠴᠣᠭᠴᠠ ᠵᠢᠨ ᠲᠥᠯᠥᠪᠵᠢᠭᠦᠯᠭᠡ ᠬᠢᠵᠦ᠂ ᠢᠲᠡᠭᠡᠮᠵᠢ᠎ᠪᠠᠷ ᠰᠠᠭᠤᠷᠢ ᠪᠣᠯᠭ᠋ᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠵᠦᠢ᠍ᠯᠡᠰ᠎ᠲᠤ ᠬᠢᠨᠠᠯᠲᠠ ᠲᠠᠯᠪᠢᠬᠤ ᠠᠵᠢᠯ᠎ᠢ ᠨᠡᠩ ᠰᠠᠢ᠌ᠲᠤᠷ ᠵᠢᠷᠤᠮᠵᠢᠭᠤᠯᠵᠤ᠂ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠰᠢᠰᠲ᠋ᠧᠮ᠎ᠲᠠᠢ ᠠᠬᠢᠭᠤᠯᠤᠨ᠂ ᠰᠢᠨ᠎ᠡ ᠵᠢ ᠡᠭᠦᠳᠬᠦ ᠵᠢ ᠵᠣᠷᠢᠭᠵᠢᠭᠤᠯᠬᠤ᠂ ᠢᠯᠠᠭᠳᠠᠯ᠎ᠢ ᠠᠭᠤᠴᠢᠯᠠᠬᠤ᠂ ᠦᠨᠡᠨᠴᠢ ᠢᠲᠡᠭᠡᠮᠵᠢᠲᠡᠶ ᠰᠠᠢ᠌ᠨ ᠰᠠᠢ᠌ᠬᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠣᠷᠴᠢᠨ ᠲᠣᠭᠣᠷᠢᠨ᠂ ᠪᠦᠬᠦ ᠨᠡᠢ᠌ᠭᠡᠮ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃
ᠥᠷᠭᠡᠨ ᠣᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠠᠯᠠᠮᠵᠢᠯᠠᠵᠤ ᠪᠠᠢ᠌ᠭ᠎ᠠ ᠡᠯ᠎ᠡ ᠡᠲᠡᠭᠡᠳ᠎ᠤᠨ ᠬᠥᠮᠦᠰ᠎ᠢ ᠬᠠᠪᠰᠤᠷᠤᠨ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢᠨ ᠠᠭᠤᠯᠤᠭᠳᠠᠬᠤᠨ ᠪᠠ ᠴᠢᠬᠤᠯᠠ ᠠᠭᠤᠯᠭ᠎ᠠ ᠵᠢ ᠭᠦᠨᠵᠡᠭᠡᠶ ᠣᠢ᠌ᠯᠠᠭ᠋ᠠᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠢ ᠬᠥᠲᠥᠯᠥᠨ ᠵᠢᠯᠣᠭᠣᠳᠴᠤ ᠪᠠᠢ᠌ᠭ᠋ᠠᠳ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠡᠷᠳᠡᠮ ᠰᠢᠨᠵᠢᠯᠡᠭᠡᠨ᠎ᠤ ᠶᠣᠰᠣ ᠮᠣᠷᠠᠯ᠎ᠢ ᠪᠠᠲᠤ ᠰᠠᠬᠢᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢ ᠬᠢᠴᠢᠶᠡᠩᠭᠦᠢ᠌ᠯᠡᠨ ᠰᠠᠬᠢᠬᠤ ᠵᠢᠨ ᠲᠥᠯᠥᠭᠡ᠂ ᠪᠢᠳᠡ 《ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ》ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ ᠲᠤᠰᠬᠠᠶ ᠪᠤᠯᠤᠩ᠎ᠢ ᠣᠨᠴᠠᠭ᠋ᠠᠢ᠌ᠯᠠᠨ ᠨᠡᠭᠡᠭᠡᠵᠦ᠂ ᠲᠥᠷᠥ ᠵᠢᠨ ᠪᠣᠳᠣᠯᠭ᠎ᠠ ᠵᠢᠨ ᠠᠬᠤᠶ ᠪᠠᠢ᠌ᠳᠠᠯ᠂ ᠬᠢᠯᠠᠰ ᠴᠡᠭ ᠠᠷᠭ᠎ᠠ ᠬᠡᠮᠵᠢᠶ᠎ᠡ᠂ ᠬᠡᠷᠡᠭᠵᠢᠭᠦᠯᠬᠦ ᠠᠷᠭ᠎ᠠ ᠵᠠᠮ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠳᠦᠯᠭᠡ᠎ᠳᠤ ᠦᠵᠡᠭᠦᠯᠬᠦ ᠠᠯᠤᠰ ᠬᠡᠲᠦ ᠵᠢᠨ ᠨᠥᠯᠥᠭᠡ ᠵᠢ ᠪᠥᠬᠥ ᠲᠠᠯ᠎ᠠ᠎ᠪᠠᠷ᠂ ᠣᠯᠠᠨ ᠲᠠᠯ᠎ᠠ᠎ᠠᠴᠠ ᠵᠠᠳᠠᠯᠤᠨ ᠰᠢᠨᠵᠢᠯᠡᠪᠡ᠃ ᠲᠣᠰ ᠬᠤᠭᠤᠴᠠᠭ᠋ᠠᠨ᠎ᠳᠤ ᠲᠠᠨ᠎ᠳᠤ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ》ᠵᠢᠨ ᠲᠣᠬᠢᠷᠠᠯᠴᠠᠬᠤ ᠬᠡᠪᠴᠢᠶ᠎ᠡ ᠵᠢᠴᠢ ᠬᠠᠷᠢᠭᠤᠴᠠᠯᠭ᠎ᠠ ᠵᠢᠨ ᠭᠣᠤᠯ ᠴᠣᠭᠴᠠ᠂ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ᠂ ᠢᠲᠡᠭᠡᠮᠵᠢ ᠵᠢᠨ ᠦᠨᠡᠯᠡᠯᠲᠡ ᠬᠢᠭᠡᠳ ᠰᠡᠷᠭᠦᠭᠡᠯᠲᠡ ᠵᠡᠷᠭᠡ ᠲᠥᠷᠥ ᠵᠢᠨ ᠪᠣᠳᠣᠯᠭ᠎ᠠ ᠵᠢᠨ ᠭᠣᠤᠯᠳᠠᠯᠭ᠎ᠠ᠎ᠳᠤ ᠲᠠᠢ᠌ᠯᠤᠮᠵᠢ ᠬᠢᠨ᠎ᠡ᠃