12 ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠪᠡᠯᠡᠳᠬᠡᠯ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠣᠯᠪᠣᠭᠳᠠᠯ ᠪᠦᠬᠦᠢ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠵᠠᠢ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠣᠣᠮᠧᠨ᠎ᠤ ᠡᠬᠡ ᠤᠯᠤᠰ᠎ᠲᠠᠭᠠᠨ ᠪᠤᠴᠠᠵᠤ ᠢᠷᠡᠭᠰᠡᠨ 25 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠵᠢᠴᠢ ᠣᠣᠮᠧᠨ ᠣᠨᠴᠠᠭ᠋ᠠᠶ ᠵᠠᠰᠠᠭ ᠵᠠᠬᠢᠷᠭ᠋ᠠᠨ᠎ᠤ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠲᠤᠰᠢᠶᠠᠯ᠎ᠳᠤ ᠭᠠᠷᠬᠤ ᠶᠣᠰᠣᠯᠠᠯ᠎ᠳᠤ ᠣᠷᠤᠯᠴᠠᠬᠤ ᠦᠶ᠎ᠡ ᠵᠢᠨ ᠴᠢᠬᠤᠯᠠ ᠶᠠᠷᠢᠶ᠎ᠠ ᠪᠣᠯᠣᠨ ᠣᠣᠮᠧᠨ᠎ᠳᠤ ᠰᠢᠨᠵᠢᠯᠡᠨ ᠪᠠᠢ᠌ᠴᠠᠭ᠋ᠠᠬᠤ ᠬᠤᠭᠤᠴᠠᠭ᠋ᠠᠨ᠎ᠳᠠᠬᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠥᠪᠥᠷ ᠮᠣᠩᠭᠣᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠬᠣᠯᠪᠣᠭᠳᠠᠯ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠢ᠃ ᠲᠣᠰ ᠪᠡᠶ᠎ᠡ ᠵᠢᠨ ᠳᠠᠪᠠᠭᠤᠯᠢᠭ ᠪᠠ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠨ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠭᠡᠯᠪᠡᠷᠢ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠬᠤᠳᠠᠯᠳᠤᠭ᠋ᠠᠨ᠎ᠤ ᠰᠠᠨᠰᠠᠷ᠎ᠤᠨ ᠠᠶᠠᠯᠠᠯ ᠵᠡᠷᠭᠡ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠲᠣᠭ᠋ᠠᠴᠢᠯᠠᠭᠰᠠᠨ ᠠᠵᠤ ᠠᠬᠤᠢ ᠵᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠰᠢᠨ᠎ᠡ ᠠᠵᠤ ᠦᠢ᠍ᠯᠡᠰ᠎ᠤᠨ ᠲᠦᠷᠭᠡᠨ ᠬᠥᠭᠵᠢᠯᠲᠡ᠎ᠪᠠᠷ ᠠᠵᠤ ᠦᠢ᠍ᠯᠡᠰ᠎ᠤᠨ ᠪᠦᠲᠦᠴᠡ ᠵᠢᠨ ᠦᠷᠭᠦᠯᠵᠢᠯᠡᠨ ᠰᠢᠯᠢᠳᠡᠭᠵᠢᠬᠦ ᠵᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠪᠠ ᠬᠥᠭᠵᠢᠯᠲᠡ ᠵᠢᠨ ᠬᠡᠷᠡᠭᠴᠡᠭᠡ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠯᠲᠠ ᠥᠭᠴᠦ᠂ ᠣᠷᠣᠨ ᠨᠤᠲᠤᠭ᠎ᠤᠨ ᠬᠠᠤᠯᠢ ᠲᠣᠭᠲᠠᠭ᠋ᠠᠯᠲᠠ ᠵᠢ ᠴᠢᠨᠠᠷ ᠰᠠᠢ᠌ᠲᠠᠢ ᠠᠬᠢᠭᠤᠯᠬᠤ ᠬᠡᠷᠡᠭᠲᠡᠢ᠃ ᠣᠣᠮᠧᠨ᠎ᠤ ᠨᠡᠭᠡᠭᠡᠯᠲᠡᠲᠤ ᠬᠥᠭᠵᠢᠯᠲᠡ ᠵᠢᠨ ᠲᠤᠷᠰᠢᠯᠭ᠎ᠠ ᠵᠢ ᠰᠤᠷᠤᠯᠴᠠᠨ ᠲᠣᠯᠢ ᠪᠤᠯᠭ᠋ᠠᠵᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠭᠠᠳᠠᠭ᠋ᠠᠳᠤ ᠨᠡᠭᠡᠭᠡᠯᠲᠡ ᠵᠢ ᠪᠦᠭᠦ ᠲᠠᠯ᠎ᠠ᠎ᠪᠠᠷ ᠲᠥᠯᠥᠪᠵᠢᠭᠦᠯᠦᠨ ᠠᠬᠢᠭᠤᠯᠵᠤ᠂ 《ᠰᠢᠨ᠎ᠡ ᠡᠨ᠋ᠸᠷᠭᠢ ᠵᠢᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ ᠴᠡᠨᠡᠭ᠎ᠤᠨ ᠦᠢ᠍ᠯᠡᠳᠬᠦᠨ》᠂ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠪᠠ ᠬᠢᠯᠢ ᠵᠢᠨ ᠠᠷᠠᠳ᠎ᠤᠨ ᠵᠠᠬ᠎ᠠ ᠵᠢᠨ ᠠᠷᠠᠯᠵᠢᠶᠠᠨ᠎ᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠬᠢᠲᠠᠳ ᠡᠮ ᠡᠮᠨᠡᠯᠭᠡ ᠵᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠦᠨ ᠬᠥᠭᠵᠢᠭᠦᠯᠬᠦ ᠵᠢ ᠶᠡᠬᠡ ᠶᠠᠪᠤᠳᠠᠯ ᠪᠣᠯᠭ᠋ᠠᠨ ᠠᠳᠬᠤᠬᠤ ᠵᠢ ᠪᠠᠷᠢᠮᠲᠠᠯᠠᠵᠤ᠂ ᠬᠢᠲᠠᠳ (ᠮᠣᠩᠭᠣᠯ) ᠡᠮ ᠡᠮᠨᠡᠯᠭᠡ ᠵᠢᠨ ᠬᠥᠭᠵᠢᠯᠲᠡ ᠵᠢᠨ ᠰᠢᠨ᠎ᠡ ᠠᠯᠬᠤᠭ᠎ᠠ᠎ᠪᠠᠷ ᠠᠯᠬᠤᠬᠤ ᠵᠢ ᠠᠬᠢᠭᠤᠯᠬᠤ ᠬᠡᠷᠡᠭᠲᠡᠢ᠃ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠬᠡᠷᠡᠭᠵᠢᠭᠦᠯᠬᠦ᠎ᠲᠠᠢ ᠤᠶᠠᠯᠳᠤᠭᠤᠯᠤᠨ᠂ ᠠᠵᠢᠯ ᠣᠯᠭᠣᠯᠲᠠ᠎ᠪᠠᠷ ᠤᠳᠤᠷᠢᠳᠤᠮᠵᠢ ᠪᠣᠯᠭ᠋ᠠᠨ ᠶᠡᠬᠡ ᠳᠡᠭᠡᠳᠦ ᠰᠤᠷᠭ᠋ᠠᠭᠤᠯᠢ ᠪᠠ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠎ᠠ ᠵᠢᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠨᠠᠩ ᠣᠯᠠᠨ ᠬᠡᠷᠡᠭᠯᠡᠭᠡᠨ᠎ᠤ ᠭᠡᠯᠪᠡᠷᠢ ᠵᠢᠨ ᠴᠢᠳᠠᠪᠤᠷᠢᠲᠠᠨ᠎ᠢ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ ᠪᠠ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠤᠨ ᠪᠡᠯᠡᠳᠬᠡᠯ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠠᠷ ᠪᠠᠢ᠌ᠭ᠎ᠠ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠰᠤᠳᠤᠯᠤᠭᠰᠠᠨ ᠪᠥᠭᠡᠳ ᠬᠣᠶᠠᠷ ᠬᠤᠷᠠᠯ᠎ᠢ ᠰᠠᠢ᠌ᠲᠤᠷ ᠬᠤᠷᠠᠯᠳᠤᠭᠤᠯᠬᠤ ᠲᠤᠬᠠᠢ ᠱᠠᠭ᠋ᠠᠷᠳᠠᠯᠭ᠎ᠠ ᠳᠤᠷᠠᠳᠴᠠᠢ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠢᠨ 2024 ᠣᠨ᠎ᠤ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠪᠦᠭᠦ ᠣᠷᠣᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠰᠢᠰᠲ᠋ᠧᠮ᠎ᠤᠨ᠎ᠬᠢᠨ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠬᠠᠤᠯᠢ ᠴᠠᠭ᠋ᠠᠵᠠ ᠵᠢᠨ ᠠᠵᠢᠯ᠎ᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠢ᠌ᠳᠠᠯ ᠰᠢᠨ᠎ᠡ ᠠᠰᠠᠭᠤᠳᠠᠯ᠎ᠢ ᠴᠠᠭ ᠲᠤᠬᠠᠢᠳᠤᠨᠢ ᠵᠠᠳᠠᠯᠤᠨ ᠰᠤᠳᠤᠯᠤᠨ ᠮᠠᠭ᠋ᠠᠳᠯᠠᠵᠤ᠂ ᠡᠯ᠎ᠡ ᠵᠦᠢ᠍ᠯ᠎ᠤᠨ ᠠᠵᠢᠯ ᠵᠶ᠋ᠠᠨ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠡᠬᠡ ᠤᠯᠤᠰ᠎ᠤᠨ 《ᠤᠮᠠᠷᠠᠲᠤ ᠶᠡᠬᠡ ᠬᠠᠭ᠋ᠠᠯᠭ᠎ᠠ》᠂ ᠨᠡᠢ᠌ᠰᠯᠡᠯ᠎ᠤᠨ 《ᠬᠠᠮᠠᠭ᠋ᠠᠯᠠᠯᠲᠠ ᠵᠢᠨ ᠭᠣᠣᠯ》᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠰᠠᠬᠢᠬᠤ ᠬᠡᠷᠡᠭᠲᠡᠢ᠃ ᠤᠯᠤᠰ᠎ᠤᠨ ᠤᠯᠤᠰ ᠲᠦᠷᠦ ᠵᠢᠨ ᠠᠮᠤᠷ ᠲᠦᠪᠰᠢᠨ᠎ᠢ ᠬᠠᠮᠠᠭ᠋ᠠᠯᠠᠬᠤ ᠵᠢ ᠢᠮᠠᠭᠲᠠ ᠲᠡᠷᠢᠭᠦᠨ ᠴᠢᠬᠤᠯᠠ ᠡᠭᠦᠷᠭᠡ ᠪᠤᠯᠭ᠋ᠠᠵᠤ᠂ ᠤᠯᠤᠰ ᠲᠦᠷᠦ ᠵᠢᠨ ᠰᠡᠷᠭᠡᠭ ᠴᠢᠨᠠᠷ ᠵᠶ᠋ᠠᠨ ᠴᠢᠩᠭ᠋ᠠᠳᠬᠠᠵᠤ᠂ ᠡᠯ᠎ᠡ ᠲᠦᠷᠦᠯ᠎ᠤᠨ ᠠᠶᠤᠯ ᠲᠦᠭᠰᠢᠭᠦᠷᠢ ᠵᠢ ᠬᠦᠴᠦᠲᠡᠢ ᠪᠦᠲᠦᠮᠵᠢᠲᠡᠢ ᠰᠡᠷᠭᠡᠢ᠌ᠯᠡᠨ ᠠᠷᠢᠯᠭ᠋ᠠᠬᠤ ᠬᠡᠷᠡᠭᠲᠡᠢ᠃ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠪᠠ ᠨᠡᠢ᠌ᠭᠡᠮ᠎ᠤᠨ ᠵᠠᠰᠠᠯᠲᠠ ᠵᠢ ᠦᠨᠡᠨ ᠬᠦ᠌ ᠰᠠᠢ᠌ᠲᠤᠷ ᠠᠳᠬᠤᠵᠤ᠂ ᠤᠯᠤᠰ ᠲᠦᠷᠦ ᠬᠠᠤᠯᠢ ᠴᠠᠭ᠋ᠠᠵᠠ ᠵᠢᠨ ᠨᠢᠭᠡᠴᠢ ᠵᠢᠨ ᠬᠣᠭᠣᠷᠣᠨᠳᠣᠭᠢ ᠵᠣᠬᠢᠴᠠᠭᠤᠯᠭ᠎ᠠ ᠬᠠᠮᠵᠢᠯᠴᠠᠭ᠎ᠠ ᠵᠢ ᠴᠢᠩᠭ᠋ᠠᠳᠬᠠᠨ᠂ ᠠᠮᠤᠷ᠎ᠢ ᠬᠠᠮᠠᠭ᠋ᠠᠯᠠᠬᠤ ᠰᠡᠷᠭᠡᠢ᠌ᠯᠡᠨ ᠡᠵᠡᠮᠳᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠵᠥᠷᠢᠴᠡᠯ ᠵᠠᠭᠤᠷᠠᠯᠳᠤᠭ᠋ᠠᠨ᠎ᠢ ᠡᠬᠢ ᠡᠭᠦᠰᠦᠯ᠎ᠠᠴᠠ᠎ᠨᠢ ᠰᠢᠢ᠍ᠳᠪᠦᠷᠢᠯᠡᠨ ᠠᠷᠢᠯᠭ᠋ᠠᠬᠤ ᠵᠢ ᠴᠢᠩᠭ᠋ᠠᠳᠬᠠᠨ᠂ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠬᠠᠮᠠᠭ᠋ᠠᠯᠠᠬᠤ ᠬᠡᠷᠡᠭᠲᠡᠢ᠃ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠪᠠ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ ᠵᠢ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ᠎ᠤᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯᠯᠠᠭ᠎ᠠ ᠵᠢ ᠵᠢᠷᠤᠮᠵᠢᠭᠤᠯᠵᠤ᠂ ᠤᠯᠤᠰ ᠲᠦᠷᠦ ᠬᠠᠤᠯᠢ ᠴᠠᠭ᠋ᠠᠵᠠ ᠵᠢᠨ ᠬᠦᠷᠢᠶᠡᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠤᠯᠤᠰ ᠲᠦᠷᠦ ᠬᠠᠤᠯᠢ ᠴᠠᠭ᠋ᠠᠵᠠ ᠵᠢᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠤᠯᠤᠰ ᠲᠦᠷᠦ ᠬᠠᠤᠯᠢ ᠴᠠᠭ᠋ᠠᠵᠠ ᠵᠢᠨ ᠠᠵᠢᠯ᠎ᠤᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ᠃
ᠬᠤᠷᠠᠯ᠎ᠠᠴᠠ ᠳᠣᠯᠣᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠠᠳ ᠲᠦᠮᠡᠨ ᠬᠠᠨᠤᠮᠵᠢᠳᠠᠢ ᠠᠯᠪᠠᠲᠠᠨ》 ᠪᠠ 《ᠠᠷᠠᠳ ᠲᠦᠮᠡᠨ ᠬᠠᠨᠤᠮᠵᠢᠳᠠᠢ ᠠᠯᠪᠠᠲᠠᠨ᠎ᠤ ᠬᠠᠮᠲᠤ》 ᠵᠢ ᠰᠢᠯᠭ᠋ᠠᠷᠠᠭᠤᠯᠤᠨ ᠬᠥᠬᠢᠭᠦᠯᠬᠦ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢ ᠤᠬᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠪᠦᠭᠦ ᠨᠡᠢ᠌ᠭᠡᠮ᠎ᠳᠤ ᠦᠯᠢᠭᠡᠷ ᠳᠠᠭᠤᠷᠢᠶᠠᠯ᠎ᠠᠴᠠ᠎ᠲᠠᠭᠠᠨ ᠰᠤᠷᠤᠯᠴᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠶ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃