ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠲᠥᠪᠡᠳ ᠬᠠᠰᠢ ᠪᠣᠢ᠌ᠵᠢᠭᠤᠯᠬᠤ ᠲᠤᠰᠬᠠᠶ ᠮᠡᠷᠭᠡᠵᠢᠯᠲᠡᠨ ᠤᠯᠠᠭ᠋ᠠᠨᠬᠠᠳᠠ ᠬᠣᠲᠠ ᠵᠢᠨ ᠠᠵᠤ ᠠᠬᠤᠢ᠌ᠯᠠᠯ᠎ᠲᠠᠢ ᠰᠦᠯᠵᠢᠶᠡᠨ ᠳᠡᠭᠡᠷ᠎ᠡ ᠵᠠᠯᠭ᠋ᠠᠪᠠ
ᠨᠡᠶ᠋ᠢᠲᠡᠯᠡᠭᠰᠡᠨ ᠴᠠᠭ᠄ 2022-04-19


    4 ᠰᠠᠷ᠎ᠠ ᠵᠢᠨ 12᠎ᠤᠨ ᠡᠳᠦᠷ᠂ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠲᠠᠷᠢᠶᠠᠯᠠᠩ ᠬᠢᠭᠡᠳ ᠠᠮᠢᠳᠤ ᠪᠣᠳᠠᠰ᠎ᠤᠨ ᠳᠡᠭᠡᠳᠦ ᠰᠤᠷᠭ᠋ᠠᠭᠤᠯᠢ ᠵᠢᠨ ᠲᠥᠪᠡᠳ ᠬᠠᠰᠢ ᠵᠢᠨ ᠡᠭᠦᠯᠳᠡᠷ ᠪᠣᠢ᠌ᠵᠢᠭᠤᠯᠬᠤ ᠪᠦᠯᠬᠦᠮ᠂ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠬᠠᠷᠠᠴᠢᠨ ᠬᠣᠰᠢᠭᠤᠨ᠎ᠤ ᠠᠵᠢᠯ᠎ᠤᠨ ᠰᠠᠯᠠᠭ᠋ᠠᠨ᠎ᠤ ᠲᠣᠪᠴᠢᠶ᠎ᠠ᠂ ᠪᠡᠭᠡᠵᠢᠩ᠎ᠤᠨ ᠱᠤᠸᠠᠩ ᠲᠦᠩ ᠬᠣᠶ ᠾᠧ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠵᠢᠨ ᠬᠠᠷᠠᠴᠢᠨ ᠬᠣᠰᠢᠭᠤᠨ᠎ᠤ ᠬᠤᠪᠢᠶᠠᠷᠢ ᠺᠣᠮᠫᠠᠨᠢ ᠵᠡᠷᠭᠡ ᠨᠢᠭᠡᠴᠡ ᠵᠢ ᠵᠣᠬᠢᠶᠠᠨ ᠪᠠᠢ᠌ᠭᠤᠯᠵᠤ᠂ ᠲᠥᠪᠡᠳ ᠬᠠᠰᠢ ᠵᠢᠨ ᠡᠭᠦᠯᠳᠡᠷ ᠪᠣᠢ᠌ᠵᠢᠭᠤᠯᠬᠤ ᠬᠠᠮᠢᠶ᠎ᠠ ᠪᠥᠬᠥᠶ ᠮᠡᠷᠭᠡᠵᠢᠯ᠎ᠤᠨ ᠬᠠᠮᠲᠤᠷᠠᠯᠴᠠᠭ᠎ᠠ ᠥᠷᠨᠢᠭᠦᠯᠬᠦ᠎ᠪᠠᠷ ᠪᠣᠶ  ᠃ ᠬᠤᠷᠠᠯ᠎ᠢ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠲᠥᠷᠥᠯ ᠵᠦᠢᠯ᠎ᠤᠨ ᠭᠣᠤᠯᠯᠠᠨ ᠬᠠᠮᠢᠶᠠᠷᠤᠭᠴᠢ ᠵᠠᠩ ᠱᠦᠨ ᠫᠢᠩ ᠡᠷᠭᠢᠯᠡᠪᠡ  ᠃
      ᠬᠤᠷᠠᠯ ᠳᠡᠭᠡᠷ᠎ᠡ᠂ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠪᠠ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠰᠠᠯᠠᠭ᠋ᠠᠨ᠎ᠤ ᠳᠠᠷᠤᠭ᠎ᠠ ᠸᠠᠩ ᠯᠢ ᠶᠧ᠂ ᠬᠠᠷᠠᠴᠢᠨ ᠬᠣᠰᠢᠭᠤᠨ᠎ᠤ ᠠᠵᠤ ᠦᠢᠯᠡᠳᠪᠦᠷᠢ ᠵᠢᠨ ᠰᠢᠨᠵᠢᠯᠡᠬᠦ ᠤᠬᠠᠭ᠋ᠠᠨ᠎ᠤ ᠲᠣᠪᠴᠢᠶ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠰᠤᠭ᠎ᠤᠨ ᠳᠠᠷᠤᠭ᠎ᠠ ᠵᠢᠶᠠᠩ ᠬᠣᠩ ᠱᠠᠨ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠬᠢᠭᠡᠳ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠠᠬᠤᠶ ᠪᠠᠢ᠌ᠳᠠᠯ᠎ᠢ ᠨᠠᠷᠢᠨ ᠲᠠᠨᠢᠯᠴᠠᠭᠤᠯᠪᠠ  ᠃ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠲᠠᠷᠢᠶᠠᠯᠠᠩ ᠪᠠ ᠠᠮᠢᠳᠤ ᠪᠣᠳᠠᠰ᠎ᠤᠨ ᠳᠡᠭᠡᠳᠦ ᠰᠤᠷᠭ᠋ᠠᠭᠤᠯᠢ ᠵᠢᠨ ᠫᠷᠤᠹᠧᠰᠰᠤᠷ ᠵᠣᠣ ᠯᠢᠩ ᠰᠢᠶᠠ ᠱᠤᠸᠠᠩ ᠲᠦᠩ ᠬᠣᠶ ᠾᠧ ᠺᠣᠮᠫᠠᠨᠢ ᠵᠢᠨ ᠬᠠᠮᠢᠶ᠎ᠠ ᠪᠥᠬᠥᠶ ᠬᠠᠷᠢᠭᠤᠴᠠᠯᠭ᠋ᠠᠲᠠᠨ᠎ᠲᠠᠢ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠵᠣᠬᠢᠶᠠᠨ ᠪᠠᠢ᠌ᠭᠤᠯᠬᠤ᠂ ᠲᠥᠪᠡᠳ ᠬᠠᠰᠢ ᠵᠢᠨ ᠦᠷ᠎ᠡ ᠵᠢᠨ ᠡᠬᠢ ᠪᠠᠶᠠᠯᠢᠭ᠎ᠢ ᠡᠭᠦᠳᠦᠨ ᠪᠦᠲᠦᠭᠡᠬᠦ ᠠᠵᠢᠯ᠎ᠤᠨ ᠲᠣᠭᠣᠷᠢᠨ᠎ᠳᠤ ᠰᠠᠨᠠᠯ ᠵᠶ᠋ᠠᠨ ᠭᠦᠨᠵᠡᠭᠡᠶ ᠰᠣᠯᠢᠯᠴᠠᠪᠠ  ᠃
      ᠲᠣᠰ ᠤᠳᠠᠭ᠎ᠠ ᠵᠢᠨ ᠸᠢᠳᠢᠣ᠋ ᠵᠤᠯᠭ᠋ᠠᠯᠴᠠᠭ᠋ᠠᠨ᠎ᠤ ᠬᠤᠷᠠᠯ ᠪᠣᠯ ᠥᠪᠡᠷᠲᠡᠭᠡᠨ ᠵᠠᠰᠠᠬᠤ ᠣᠷᠣᠨ᠎ᠤ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢᠨ 《4 + 8 + N》 ᠠᠵᠢᠯ᠎ᠤᠨ ᠲᠣᠭᠲᠠᠴᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠪᠣᠯᠤᠨ ᠤᠯᠠᠭ᠋ᠠᠨᠬᠠᠳᠠ ᠬᠣᠲᠠ ᠵᠢᠨ ᠣᠷᠣᠨ ᠪᠦᠰᠡ ᠵᠢᠨ ᠬᠠᠮᠵᠢᠯᠴᠠᠨ ᠰᠢᠨ᠎ᠡ ᠵᠢ ᠡᠭᠦᠳᠬᠦ ᠲᠠᠪᠴᠠᠩ᠎ᠢ ᠬᠠᠮᠲᠤ᠎ᠪᠠᠷ ᠪᠠᠢ᠌ᠭᠤᠯᠬᠤ ᠠᠵᠢᠯ᠎ᠤᠨ ᠠᠭᠤᠯᠭ᠎ᠠ ᠵᠢᠨ ᠨᠢᠭᠡ ᠪᠣᠯᠤᠨ᠎ᠠ  ᠃ ᠬᠣᠶᠠᠷ ᠲᠠᠯ᠎ᠠ᠎ᠪᠠᠷ ᠵᠶ᠋ᠠᠨ᠂ ᠲᠠᠷᠠᠭ᠋ᠠᠴᠢ ᠵᠢᠨ ᠠᠯᠬᠤᠮ᠎ᠳᠤ ᠬᠣᠶᠠᠷ ᠲᠠᠯ᠎ᠠ ᠵᠢᠨ ᠳᠤᠷᠠᠳᠤᠭᠰᠠᠨ ᠬᠡᠷᠡᠭᠴᠡᠭᠡ᠎ᠳᠤ ᠴᠢᠭᠯᠡᠭᠦᠯᠦᠨ ᠤᠯᠤᠯᠴᠠᠭ᠎ᠠ ᠵᠣᠬᠢᠴᠠᠭᠤᠯᠭ᠎ᠠ ᠵᠢᠨ ᠠᠵᠢᠯ᠎ᠢ ᠰᠠᠢ᠌ᠲᠤᠷ ᠬᠢᠵᠦ᠂ ᠬᠠᠮᠲᠤᠷᠠᠯᠴᠠᠭ᠎ᠠ ᠵᠢ ᠲᠦᠷᠭᠡᠨ ᠪᠡᠶᠡᠯᠡᠭᠦᠯᠦᠨ᠎ᠡ ᠭᠡᠵᠦ ᠢᠯᠡᠳᠬᠡᠪᠡ  ᠃

ᠢᠷᠡᠯᠲᠡ᠄ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            
Baidu
map