ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠳᠡᠭᠡᠷ᠎ᠡ ᠬᠠᠭ᠋ᠠᠰ ᠵᠢᠯ᠎ᠤᠨ ᠭᠣᠤᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-06-28


   6 ᠳ᠋ᠤᠭ᠋ᠠᠷ ᠰᠠᠷ᠎ᠠ ᠵᠢᠨ 26᠎ᠤ ᠡᠳᠦᠷ᠂ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠳᠡᠭᠡᠷ᠎ᠡ ᠬᠠᠭ᠋ᠠᠰ ᠵᠢᠯ᠎ᠤᠨ ᠭᠣᠤᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠵᠤ᠂ ᠳᠡᠭᠡᠷ᠎ᠡ ᠬᠠᠭ᠋ᠠᠰ ᠵᠢᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠣᠤᠯᠳᠠᠯᠭ᠎ᠠ᠎ᠲᠠᠢ ᠠᠵᠢᠯ᠎ᠢ ᠥᠷᠨᠢᠭᠦᠯᠦᠭᠰᠡᠨ ᠪᠠᠢ᠌ᠳᠠᠯ᠎ᠢ ᠪᠥᠬᠥ ᠲᠠᠯ᠎ᠠ᠎ᠪᠠᠷ ᠳ᠋ᠦᠩᠨᠡᠵᠦ᠂ ᠣᠳᠣᠬᠠᠨ᠎ᠤ ᠠᠵᠢᠯ᠎ᠳᠤ ᠣᠷᠣᠰᠢᠵᠤ ᠪᠠᠢ᠌ᠭ᠎ᠠ ᠠᠰᠠᠭᠤᠳᠠᠯ ᠪᠣᠯᠤᠨ ᠬᠦᠷᠦᠯᠴᠡᠬᠦ ᠥᠬᠡᠶ ᠲᠠᠯ᠎ᠠ ᠵᠢ ᠵᠠᠳᠠᠯᠵᠤ᠂ ᠳᠣᠤᠷ᠎ᠠ ᠬᠠᠭ᠋ᠠᠰ ᠵᠢᠯ᠎ᠤᠨ ᠪᠥᠬᠥ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠡᠯ᠎ᠡ ᠲᠤᠬᠠᠢ᠌ᠯᠠᠭᠰᠠᠨ ᠠᠵᠢᠯ᠎ᠤᠨ ᠰᠠᠯᠠᠭ᠎ᠠ ᠲᠠᠰᠤᠭ᠂ ᠬᠣᠲᠠ ᠵᠢᠨ ᠬᠠᠷᠢᠶ᠎ᠠ ᠠᠵᠢᠯ ᠦᠢᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠶ᠃
    ᠬᠤᠷᠠᠯ᠎ᠠᠴᠠ᠂ ᠳᠣᠤᠷ᠎ᠠ ᠬᠠᠭ᠋ᠠᠰ ᠵᠢᠯ᠎ᠳᠤ ᠪᠥᠬᠥ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ᠎ᠬᠢᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠲᠡᠷᠢᠭᠦᠨ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠬᠤᠷᠠᠯ᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ᠎ᠤᠨ ᠶᠡᠬᠡ ᠬᠤᠷᠠᠯ᠂ ᠬᠣᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠭᠣᠤᠯ ᠠᠭᠤᠯᠭ᠎ᠠ᠂ ᠵᠣᠷᠢᠭ ᠰᠠᠨᠠᠭ᠋ᠠᠨ᠎ᠤ ᠮᠥᠨ ᠴᠢᠨᠠᠷ᠂ ᠦᠢᠯᠡᠳᠦᠯᠭᠡ ᠵᠢᠨ ᠱᠠᠭ᠋ᠠᠷᠳᠠᠯᠭ᠎ᠠ ᠵᠢ ᠣᠨᠣᠪᠴᠢᠲᠠᠶ ᠤᠢ᠌ᠯᠠᠭ᠋ᠠᠨ ᠡᠵᠡᠮᠰᠢᠬᠦ ᠬᠡᠷᠡᠭᠲᠡᠶ ᠭ᠋ᠡᠵᠦ ᠴᠢᠬᠤᠯᠠᠴᠢᠯᠠᠪᠠ  ᠃
    ᠬᠤᠷᠠᠯ᠎ᠠᠴᠠ᠂ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠬᠣᠲᠠ ᠵᠢᠨ ᠨᠠᠮ᠎ᠤᠨ ᠬᠣᠷᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠭ᠎ᠠ ᠶᠡᠬᠡ ᠰᠠᠢ᠌ᠨ ᠠᠵᠠ ᠲᠣᠬᠢᠶᠠᠯ᠎ᠤᠨ ᠡᠮᠦᠨ᠎ᠡ᠂ ᠪᠥᠬᠥ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ᠎ᠬᠢᠨ ᠡᠷᠬᠡᠪᠰᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠣᠯᠭᠣᠭᠰᠠᠨ ᠴᠢᠨᠠᠷ ᠰᠠᠢ᠌ᠲᠠᠶ ᠬᠥᠭᠵᠢᠯᠲᠡ ᠵᠢ ᠬᠠᠮᠤᠭ᠎ᠤᠨ ᠲᠤᠯᠭ᠋ᠠᠮ ᠡᠭᠦᠷᠭᠡ ᠪᠣᠯᠭ᠋ᠠᠨ ᠴᠢᠩᠭ᠎ᠠ ᠠᠳᠬᠤᠵᠤ ᠰᠠᠢ᠌ᠲᠤᠷ ᠠᠳᠬᠤᠬᠤ ᠬᠡᠷᠡᠭᠲᠡᠶ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》ᠢᠨᠵᠧᠨᠧᠷᠢᠩ᠎ᠢ ᠬᠡᠷᠡᠭᠵᠢᠭᠦᠯᠬᠦ᠎ᠪᠠᠷ ᠶᠡᠷᠦᠩᠬᠡᠢ ᠭᠠᠷᠳᠠᠴᠠ ᠪᠣᠯᠭ᠋ᠠᠵᠤ᠂ ᠪᠦᠬᠦ ᠵᠢᠯ᠎ᠤᠨ ᠠᠵᠢᠯ᠎ᠤᠨ ᠡᠬᠡ ᠳᠠᠩᠰᠠ᠎ᠲᠠᠢ ᠬᠠᠷᠭᠤᠭᠤᠯᠵᠤ᠂ ᠳᠤᠲᠠᠭᠤᠳᠠᠯ ᠵᠶ᠋ᠠᠨ ᠴᠠᠭ ᠲᠤᠬᠠᠢ᠎ᠳᠤᠨᠢ ᠪᠠᠢ᠌ᠴᠠᠭ᠋ᠠᠨ ᠨᠥᠬᠥᠪᠥᠷᠢᠯᠡᠵᠦ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠪᠦᠬᠦ ᠵᠢᠯ᠎ᠤᠨ ᠬᠠᠷᠠᠯᠲᠠ ᠡᠭᠦᠷᠭᠡ᠎ᠪᠠᠨ ᠴᠢᠨᠠᠷ ᠰᠠᠢ᠌ᠲᠠᠢ ᠪᠡᠶᠡᠯᠡᠭᠦᠯᠬᠦ ᠬᠡᠷᠡᠭᠲᠡᠢ᠃ ᠤᠯᠠᠭ᠋ᠠᠨᠬᠠᠳᠠ ᠬᠣᠲᠠ ᠵᠢᠨ ᠳᠠᠪᠠᠭᠤᠯᠢᠭ ᠤᠨᠴᠠᠯᠢᠬᠳᠤ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ᠂ ᠭᠣᠤᠯᠳᠠᠯᠭ᠎ᠠ᠎ᠲᠠᠢ ᠰᠢᠪᠲᠤᠯᠤᠯᠲᠠ ᠬᠢᠬᠦ ᠴᠡᠭ᠎ᠢ ᠣᠨᠣᠪᠴᠢᠲᠠᠶ ᠣᠯᠵᠤ᠂ 《ᠲᠤᠩᠬᠠᠭ ᠨᠡᠢ᠌ᠲᠡᠯᠡᠨ ᠮᠠᠩᠯᠠᠢ᠌ᠯᠠᠭᠴᠢ ᠡᠯᠰᠡᠬᠦ》 ᠨᠡᠷᠡᠰ᠎ᠤᠨ ᠵᠢᠭᠰᠠᠭ᠋ᠠᠯᠲᠠ ᠵᠢ ᠲᠣᠭᠲᠠᠭ᠋ᠠᠵᠤ᠂ 23 ᠵᠦᠢᠯ᠎ᠤᠨ 《ᠲᠤᠩᠬᠠᠭ ᠨᠡᠢ᠌ᠲᠡᠯᠡᠨ ᠮᠠᠩᠯᠠᠢ᠌ᠯᠠᠭᠴᠢ ᠡᠯᠰᠡᠬᠦ》ᠲᠥᠷᠥᠯ ᠵᠦᠢᠯ᠎ᠢ ᠪᠠᠢ᠌ᠷᠢᠯᠠᠭᠤᠯᠤᠨ ᠬᠡᠷᠡᠭᠵᠢᠭᠦᠯᠵᠦ᠂ ᠠᠵᠤ ᠦᠢᠯᠡᠰ᠎ᠤᠨ ᠰᠢᠨ᠎ᠡ ᠵᠢ ᠡᠭᠦᠳᠴᠦ ᠲᠠᠰ ᠳᠡᠪᠰᠢᠬᠦ ᠵᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠦᠢ᠍ᠯᠡᠴᠢᠯᠡᠭᠡᠨ᠎ᠤ ᠤᠬᠠᠮᠰᠠᠷ ᠵᠶ᠋ᠠᠨ ᠴᠢᠩᠭ᠋ᠠᠳᠬᠠᠵᠤ᠂ ᠳᠡᠭᠡᠳᠦ ᠱᠠᠳᠤ ᠪᠣᠯᠤᠨ ᠲᠤᠰ ᠱᠠᠲᠤᠨ᠎ᠤ ᠬᠠᠮᠤᠭ᠎ᠤᠨ ᠰᠢᠨ᠎ᠡ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠰᠢᠨ᠎ᠡ ᠵᠢ ᠡᠭᠦᠳᠬᠦ ᠲᠦᠷᠦ ᠵᠢᠨ ᠪᠤᠳᠤᠯᠭ᠎ᠠ ᠵᠢ ᠴᠠᠭ ᠲᠤᠬᠠᠢ᠎ᠳᠤᠨᠢ ᠰᠠᠢ᠌ᠲᠤᠷ ᠳᠠᠮᠵᠢᠭᠤᠯᠵᠤ᠂ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠰᠠᠨᠠᠭ᠋ᠠᠴᠢᠯᠠᠭ᠎ᠠ᠎ᠠᠴᠠ᠎ᠪᠠᠨ ᠬᠠᠪᠰᠤᠷᠤᠨ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠲᠦᠷᠦᠯ ᠵᠦᠢ᠍ᠯ᠎ᠢ ᠲᠥᠯᠥᠪᠵᠢᠭᠦᠯᠵᠦ᠂ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠵᠢ ᠠᠬᠢᠭᠤᠯᠵᠤ᠂ ᠠᠵᠤ ᠠᠬᠤᠢ᠌ᠯᠠᠯ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ  ᠃ ᠶᠠᠪᠤᠴᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠢ ᠬᠡᠷᠡᠭᠵᠢᠭᠦᠯᠵᠦ ᠪᠠᠢ᠌ᠭ᠎ᠠ ᠪᠠᠢ᠌ᠳᠠᠯ ᠪᠣᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠵᠢᠨ ᠪᠠᠢ᠌ᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠵᠤ᠂ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠶ᠎ᠳᠤᠨᠢ ᠵᠢᠯᠣᠭᠣᠳᠤᠨ ᠵᠠᠯᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢᠯ᠎ᠤᠨ ᠵᠢᠱ᠌ᠢᠭᠰᠡᠨ ᠦᠷ᠎ᠡ ᠪᠦᠲᠦᠭᠡᠯ ᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠲᠣᠭᠲᠠᠭᠤᠨ ᠪᠠᠢ᠌ᠬᠤ᠎ᠳᠤ ᠲᠤᠯᠭ᠋ᠠᠭᠤᠷᠢᠯᠠᠬᠤ ᠦᠢᠯᠡᠳᠦᠯ ᠦᠵᠡᠭᠦᠯᠬᠦ ᠵᠢ ᠪᠠᠲᠤᠯᠠᠬᠤ ᠬᠡᠷᠡᠭᠲᠡᠶ᠃ ᠲᠣᠪᠴᠢᠶᠠᠨ᠎ᠤ ᠪᠠᠢ᠌ᠭᠤᠯᠭ᠎ᠠ ᠵᠢᠨ ᠡᠯ᠎ᠡ ᠰᠠᠯᠠᠭ᠎ᠠ ᠲᠠᠰᠤᠭ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠬᠠᠷᠢᠯᠴᠠᠨ ᠬᠠᠮᠵᠢᠯᠴᠠᠵᠤ᠂ ᠵᠣᠯᠭ᠋ᠠᠯᠴᠠᠭ᠎ᠠ ᠵᠢ ᠰᠠᠢ᠌ᠲᠤᠷ ᠬᠢᠵᠦ᠂ 《ᠳᠤᠲᠠᠭᠳᠠᠬᠤ ᠥᠬᠡᠶ》 ᠪᠠᠢ᠌ᠬᠤ ᠵᠢ ᠪᠡᠶᠡᠯᠡᠭᠦᠯᠵᠦ᠂ ᠪᠥᠬᠥ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠬᠠᠮᠲᠤ᠎ᠪᠠᠷ ᠠᠬᠢᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            
Baidu
map