2024 ᠣᠨ᠎ᠤ 3 ᠰᠠᠷ᠎ᠠ᠎ᠳᠤ᠂ 《ᠪᠡᠭᠡᠵᠢᠩ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠵᠢᠯᠴᠠᠭ᠎ᠠ ᠵᠢᠨ ᠲᠥᠮᠥᠰᠥ ᠵᠢᠨ ᠲᠣᠭ᠋ᠠᠴᠢᠯᠠᠭᠰᠠᠨ ᠲᠠᠷᠢᠮᠠᠯ᠎ᠤᠨ ᠦᠢᠯᠡᠴᠢᠯᠡᠭᠡᠨ᠎ᠤ ᠵᠢᠱ᠌ᠢᠶ᠎ᠡ ᠦᠵᠡᠭᠦᠯᠬᠦ ᠰᠠᠭᠤᠷᠢᠨ》᠎ᠢ ᠰᠠᠢ᠌ᠬᠠᠨ ᠲᠣᠭᠣᠷᠢᠭ᠎ᠤᠨ ᠵᠢᠨ ᠾᠧ ᠪᠠᠯᠭ᠋ᠠᠰᠤᠨ᠎ᠳᠤ ᠪᠥᠲᠥᠭᠡᠨ ᠪᠠᠢ᠌ᠭᠤᠯᠵᠤ ᠨᠠᠢ᠌ᠳᠠᠪᠤᠷᠢᠵᠢᠭᠤᠯᠪᠠ᠂ ᠡᠨᠡ ᠪᠣᠯ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》᠎ᠪᠠᠷ ᠳᠡᠮᠵᠢᠨ᠂ ᠬᠥᠬᠡᠬᠣᠲᠠ᠎ᠳᠤ ᠠᠩᠬᠠᠳᠠᠭᠴᠢ ᠲᠣᠭ᠋ᠠᠴᠢᠯᠠᠭᠰᠠᠨ ᠲᠠᠷᠢᠮᠠᠯ᠎ᠤᠨ ᠵᠢᠱ᠌ᠢᠶ᠎ᠡ ᠦᠵᠡᠭᠦᠯᠬᠦ ᠲᠠᠷᠢᠶ᠎ᠠ ᠪᠣᠯᠤᠨ᠎ᠠ᠃ ᠲᠥᠷᠥᠯ ᠵᠦᠢᠯ᠎ᠳᠤ《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠋ᠠᠨ᠎ᠤ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠤᠨ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠪᠠᠷ ᠳᠠᠮᠵᠢᠭᠤᠯᠤᠨ᠂ ᠪᠡᠭᠡᠵᠢᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠤᠨ ᠳᠡᠭᠡᠳᠦ ᠰᠢᠨ᠎ᠡ ᠮᠡᠷᠭᠡᠵᠢᠯ᠎ᠤᠨ ᠦᠷ᠎ᠡ ᠪᠦᠲᠦᠭᠡᠯ᠎ᠢ ᠥᠪᠥᠷ ᠮᠣᠩᠭᠣᠯ᠎ᠳᠤ ᠤᠯᠠᠷᠢᠭᠤᠯᠤᠨ ᠪᠣᠳᠠᠲᠠᠢ᠌ᠵᠢᠭᠤᠯᠤᠨ ᠬᠡᠷᠡᠭᠯᠡᠬᠦ ᠵᠢ ᠠᠬᠢᠭᠤᠯᠵᠤ᠂ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠵᠠᠭᠪᠤᠷ ᠲᠣᠭᠲᠠᠴᠠ ᠵᠢᠨ ᠰᠢᠨ᠎ᠡ ᠵᠢ ᠡᠭᠦᠳᠬᠦ ᠵᠢᠨ ᠬᠠᠮᠲᠤ᠂ 《ᠰᠢᠨᠵᠢᠯᠡᠬᠦ ᠤᠬᠠᠭ᠋ᠠᠨ ᠮᠡᠷᠭᠡᠵᠢᠯ + ᠲᠣᠭ᠎ᠠ ᠪᠠᠷᠢᠮᠲᠠ》ᠵᠢᠨ ᠦᠢᠯᠡᠴᠢᠯᠡᠭᠡᠨ᠎ᠤ ᠬᠡᠯᠪᠡᠷᠢ᠎ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠲᠥᠮᠥᠰᠥ ᠵᠢᠨ ᠠᠵᠤ ᠦᠢᠯᠡᠰ᠎ᠤᠨ ᠲᠣᠭ᠋ᠠᠴᠢᠯᠠᠯᠲᠠ ᠵᠢᠨ ᠬᠢᠷᠢ ᠬᠡᠮᠵᠢᠶ᠎ᠡ ᠪᠠ ᠪᠣᠬᠢᠷᠲᠤᠯ ᠥᠬᠡᠶ ᠲᠠᠷᠢᠮᠠᠯ᠎ᠤᠨ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
7 ᠰᠠᠷ᠎ᠠ᠎ᠳᠤ ᠲᠣᠰ ᠲᠥᠷᠥᠯ ᠵᠦᠢᠯ᠎ᠨᠢ ᠳᠤᠮᠳᠠ ᠬᠤᠭᠤᠴᠠᠭ᠋ᠠᠨ᠎ᠤ ᠰᠢᠯᠭ᠋ᠠᠨ ᠬᠤᠷᠢᠶᠠᠯᠲᠠ ᠵᠢ ᠥᠩᠭᠡᠷᠡᠭᠡᠵᠦ᠂ ᠡᠭᠦᠨ᠎ᠳᠤ ᠵᠢᠱ᠌ᠢᠶ᠎ᠡ ᠦᠵᠡᠭᠦᠯᠬᠦ ᠲᠠᠷᠢᠶᠠᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢᠨ ᠬᠠᠷᠠᠯᠲᠠ᠂ ᠠᠵᠢᠯ ᠣᠯᠭᠣᠯᠲᠠ ᠵᠢ ᠳᠠᠢ᠌ᠴᠢᠯᠠᠬᠤ ᠬᠠᠷᠠᠯᠲᠠ᠂ ᠨᠥᠯᠥᠭᠡᠯᠡᠬᠦ ᠲᠠᠯᠠᠪᠠᠶ ᠵᠢᠨ ᠬᠠᠷᠠᠯᠲᠠ ᠪᠠ ᠠᠵᠤ ᠠᠬᠤᠢ᠌ᠯᠠᠯ᠎ᠢ ᠳᠠᠢ᠌ᠴᠢᠯᠠᠬᠤ ᠬᠠᠷᠠᠯᠲᠠ ᠵᠢ ᠴᠥᠮ ᠰᠢᠯᠭ᠋ᠠᠨ ᠬᠢᠨᠠᠬᠤ ᠭᠦᠢᠴᠡᠳᠬᠡᠯ ᠲᠣᠭ᠎ᠠ ᠵᠢ ᠳᠠᠪᠠᠭᠤᠯᠤᠨ ᠪᠡᠶᠡᠯᠡᠭᠦᠯᠵᠦ᠂ ᠨᠡᠢ᠌ᠲᠡ 1125 ᠮᠥ᠍ ᠵᠢᠱ᠌ᠢᠶ᠎ᠡ ᠦᠵᠡᠭᠦᠯᠬᠦ ᠲᠠᠷᠢᠶ᠎ᠠ (ᠬᠥᠬᠡᠬᠣᠲᠠ ᠵᠢᠨ 1000 ᠮᠥ᠍᠂ ᠤᠯᠠᠭ᠋ᠠᠨᠴᠠᠪ᠎ᠤᠨ 125 ᠮᠥ᠍) ᠵᠢ ᠪᠥᠲᠥᠭᠡᠨ ᠪᠠᠢ᠌ᠭᠤᠯᠵᠤ᠂ 177 ᠬᠥᠮᠦᠨ᠎ᠳᠤ ᠠᠵᠢᠯ ᠣᠯᠭᠣᠵᠤ᠂ ᠥᠪᠡᠷᠲᠡᠭᠡᠨ ᠵᠠᠰᠠᠬᠤ ᠣᠷᠣᠨ᠎ᠤ ᠨᠥᠯᠥᠭᠡᠯᠡᠬᠦ ᠲᠠᠯᠠᠪᠠᠶ 17 ᠲᠦᠮᠡᠨ ᠮᠥ᠍᠎ᠳᠤ ᠬᠦᠷᠴᠦ᠂ ᠯᠠᠨᠸᠢᠰᠲ᠋ᠤᠨ᠂ ᠮᠢᠨ ᠹᠸᠩ ᠦᠷ᠎ᠡ ᠵᠢᠨ ᠦᠢᠯᠡᠰ ᠵᠡᠷᠭᠡ ᠣᠯᠠᠨ ᠲᠥᠮᠥᠰᠥ ᠵᠢᠨ ᠠᠵᠤ ᠠᠬᠤᠢ᠌ᠯᠠᠯ᠎ᠲᠠᠢ ᠮᠡᠷᠭᠡᠵᠢᠯ᠎ᠤᠨ ᠠᠷᠠᠯᠵᠢᠶᠠᠨ᠎ᠤ ᠭᠡᠷ᠎ᠡ ᠲᠣᠭᠲᠠᠵᠤ᠂ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠵᠢᠱ᠌ᠢᠭᠰᠡᠨ ᠬᠠᠷᠠᠯᠲᠠ᠎ᠪᠠᠨ ᠪᠡᠶᠡᠯᠡᠭᠦᠯᠪᠡ ᠃