ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠤᠰ᠎ᠤᠨ ᠠᠮᠢᠳᠤ ᠭᠠᠬᠠᠶ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠥᠪᠥᠷ ᠮᠣᠩᠭᠣᠯ᠎ᠤᠨ ᠬᠤᠪᠢᠶᠠᠷᠢ ᠲᠥᠪ ᠫᠠᠢ᠌ᠰᠠ ᠡᠯᠭᠦᠪᠡ
ᠨᠡᠶ᠋ᠢᠲᠡᠯᠡᠭᠰᠡᠨ ᠴᠠᠭ᠄ 2024-08-27

 
    8 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠦᠳᠡ ᠵᠢᠨ ᠡᠮᠦᠨ᠎ᠡ᠂ ᠤᠯᠤᠰ᠎ᠤᠨ ᠠᠮᠢᠳᠤ ᠭᠠᠬᠠᠶ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠥᠪᠥᠷ ᠮᠣᠩᠭᠣᠯ᠎ᠤᠨ ᠬᠤᠪᠢᠶᠠᠷᠢ ᠲᠥᠪ ᠬᠥᠬᠡᠬᠣᠲᠠ ᠵᠢᠨ ᠴᠡᠯᠡᠭᠡᠷ ᠲᠠᠯ᠎ᠠ ᠨᠤᠲᠤᠭ᠎ᠤᠨ ᠬᠤᠷᠠᠯ᠎ᠤᠨ ᠲᠥᠪ᠎ᠲᠤ ᠦᠪᠡᠳᠡᠭᠰᠢ ᠶᠡᠬᠡ᠎ᠪᠠᠷ 《ᠫᠠᠢ᠌ᠰᠠ ᠰᠡᠬᠦᠵᠦ》ᠬᠠᠮᠲᠤ᠎ᠳᠤ᠎ᠨᠢ ᠠᠩᠬᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠢ ᠬᠤᠷᠠᠯᠳᠤᠭᠤᠯᠵᠤ᠂ ᠲᠥᠪ᠎ᠤᠨ ᠲᠦᠷᠢᠮ᠂ ᠲᠤᠰᠬᠠᠶ ᠮᠡᠷᠭᠡᠵᠢᠯᠲᠡᠨ᠎ᠤ ᠵᠥᠪᠯᠡᠯ᠎ᠤᠨ ᠨᠡᠷᠡᠰ ᠪᠠ ᠲᠤᠰᠢᠶᠠᠯ᠎ᠳᠤ ᠲᠣᠮᠢᠯᠠᠬᠤ᠎ᠪᠠᠷ ᠪᠠᠢ᠌ᠭ᠎ᠠ ᠡᠷᠬᠢᠯᠡᠭᠴᠢ ᠵᠢᠨ ᠵᠢᠱ᠌ᠢᠭᠳᠡᠭᠰᠡᠳ᠎ᠢ ᠬᠢᠨᠠᠨ ᠵᠥᠪᠯᠡᠵᠦ᠂ ᠲᠥᠪ᠎ᠤᠨ ᠠᠵᠢᠯ᠎ᠤᠨ ᠳ᠋ᠦᠩᠨᠡᠯᠲᠡ ᠵᠢ ᠰᠣᠨᠣᠰᠴᠤ᠂ ᠲᠠᠷᠠᠭ᠋ᠠᠴᠢ ᠵᠢᠨ ᠠᠯᠬᠤᠮ᠎ᠤᠨ ᠬᠥᠭᠵᠢᠯᠲᠡ ᠵᠢ ᠲᠥᠯᠥᠪᠵᠢᠭᠦᠯᠪᠡ᠃
      ᠤᠯᠤᠰ᠎ᠤᠨ ᠠᠮᠢᠳᠤ ᠭᠠᠬᠠᠶ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠪᠣᠯ ᠠᠮᠢᠳᠤ ᠭᠠᠬᠠᠶ ᠵᠢᠨ ᠦᠷ᠎ᠡ ᠵᠢᠨ ᠦᠢᠯᠡᠰ ᠪᠠ ᠮᠢᠬᠠᠨ᠎ᠤ ᠢᠳᠡᠭᠡᠨ᠎ᠤ ᠠᠮᠤᠷ ᠲᠦᠪᠰᠢᠨ᠎ᠤ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠠᠮᠢᠳᠤ ᠭᠠᠬᠠᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠭᠣᠮᠢ ᠪᠠ ᠣᠷᠣᠢ᠌ᠯᠢᠭ ᠮᠡᠷᠭᠡᠵᠢᠯ ᠵᠶ᠋ᠡᠷ ᠡᠭᠦᠷᠭᠡ ᠪᠣᠯᠭ᠋ᠠᠵᠤ᠂ ᠦᠢᠯᠡᠳᠪᠦᠷᠢᠯᠡᠬᠦ ᠵᠢᠭ᠋ᠠᠬᠤ ᠰᠤᠳᠤᠯᠬᠤ ᠵᠢ ᠬᠠᠮᠵᠢᠯᠴᠠᠭᠤᠯᠤᠨ ᠠᠮᠢᠳᠤ ᠭᠠᠬᠠᠶ ᠵᠢᠨ ᠠᠵᠤ ᠦᠢᠯᠡᠰ᠎ᠤᠨ ᠭᠣᠤᠯᠯᠠᠬᠤ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠬᠦ᠎ᠪᠠᠷ ᠠᠷᠭ᠎ᠠ ᠵᠠᠮ ᠪᠣᠯᠭ᠋ᠠᠵᠤ᠂ ᠳᠡᠯᠡᠬᠡᠶ ᠵᠢᠨ ᠭᠠᠬᠠᠶ ᠵᠢᠨ ᠦᠢᠯᠡᠰ᠎ᠤᠨ ᠬᠦᠴᠦᠷᠬᠡᠭ ᠤᠯᠤᠰ᠎ᠤᠨ ᠪᠠᠢ᠌ᠷᠢ ᠰᠠᠭᠤᠷᠢ ᠵᠢ ᠲᠣᠭᠲᠠᠭ᠋ᠠᠬᠤ᠎ᠪᠠᠷ ᠬᠦᠰᠡᠯ ᠡᠷᠡᠮᠡᠯᠵᠡᠯ ᠵᠶ᠋ᠡᠨ ᠪᠣᠯᠭ᠋ᠠᠭᠰᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠴᠠᠩ ᠪᠣᠯᠤᠨ᠎ᠠ᠃ ᠤᠯᠤᠰ᠎ᠤᠨ ᠠᠮᠢᠳᠤ ᠭᠠᠬᠠᠶ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠥᠪᠥᠷ ᠮᠣᠩᠭᠣᠯ᠎ᠤᠨ ᠬᠤᠪᠢᠶᠠᠷᠢ ᠲᠥᠪ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠲᠠᠨ᠎ᠤ ᠸᠠᠺᠼᠢᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠪᠠ ᠤᠯᠤᠰ᠎ᠤᠨ ᠠᠮᠢᠳᠤ ᠭᠠᠬᠠᠶ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠬᠠᠮᠲᠤ᠎ᠪᠠᠷ ᠪᠠᠢ᠌ᠭᠤᠯᠤᠭᠰᠠᠨ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠲᠠᠪᠴᠠᠩ᠎ᠤᠨ ᠪᠠᠢ᠌ᠭᠤᠯᠤᠯᠲᠠ ᠵᠢ ᠢᠳᠡᠪᠬᠢᠲᠡᠶ ᠴᠤᠤᠷᠢᠶᠠᠲᠤᠨ ᠳᠠᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠥᠬᠥ ᠤᠯᠤᠰ᠎ᠤᠨ ᠠᠮᠢᠳᠤ ᠭᠠᠬᠠᠶ ᠵᠢᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠬᠤ᠎ᠪᠠᠷ ᠵᠣᠷᠢᠯᠭ᠎ᠠ ᠪᠣᠯᠭ᠋ᠠᠭᠰᠠᠨ ᠪᠥᠬᠥ ᠤᠯᠤᠰ᠎ᠤᠨ ᠴᠢᠨᠠᠷᠲᠠᠶ ᠠᠮᠢᠳᠤ ᠭᠠᠬᠠᠶ ᠵᠢᠨ ᠬᠢᠵᠢᠭ ᠭᠡᠮ᠎ᠢ ᠰᠡᠷᠭᠡᠢ᠌ᠯᠡᠨ ᠡᠵᠡᠮᠳᠡᠬᠦ ᠬᠦᠷᠢᠶᠡᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠥᠨᠳᠥᠷᠯᠢᠭ ᠭᠠᠵᠠᠷ ᠪᠠ ᠦᠷ᠎ᠡ ᠪᠦᠲᠦᠭᠡᠯ᠎ᠢ ᠬᠤᠪᠢᠷᠠᠭᠤᠯᠬᠤ ᠰᠠᠭᠤᠷᠢᠨ ᠭᠠᠵᠠᠷ ᠪᠣᠯᠤᠨ᠎ᠠ᠃
    ᠤᠯᠤᠰ᠎ᠤᠨ ᠠᠮᠢᠳᠤ ᠭᠠᠬᠠᠶ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠥᠪᠥᠷ ᠮᠣᠩᠭᠣᠯ᠎ᠤᠨ ᠬᠤᠪᠢᠶᠠᠷᠢ ᠲᠥᠪ 《ᠫᠠᠢ᠌ᠰᠠ ᠡᠯᠭᠦᠭᠰᠡᠨ》 ᠪᠥᠭᠡᠳ ᠠᠩᠬᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠢ ᠬᠤᠷᠠᠯᠳᠤᠭᠤᠯᠤᠭᠰᠠᠨ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠲᠠᠨ᠎ᠤ ᠸᠠᠺᠼᠢᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠵᠢᠩᠬᠢᠨᠢ᠎ᠪᠠᠷ 《ᠤᠯᠤᠰ᠎ᠤᠨ ᠠᠩᠭᠢ》᠎ᠳᠤ ᠣᠷᠣᠭᠰᠠᠨ ᠪᠥᠭᠡᠳ ᠪᠣᠳᠠᠲᠤ ᠴᠣᠭᠴᠠᠵᠢᠭᠰᠠᠨ ᠡᠵᠡᠩᠨᠡᠯᠲᠡ ᠵᠢᠨ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢ᠌ᠨ᠎ᠠ᠃ ᠲᠥᠪ᠎ᠤᠨ ᠡᠵᠡᠩᠨᠡᠯᠲᠡ᠎ᠨᠢ ᠬᠥᠬᠡᠬᠣᠲᠠ ᠵᠢᠨ ᠭᠠᠬᠠᠶ᠎ᠳᠤ ᠬᠡᠷᠡᠭᠯᠡᠬᠦ ᠸᠠᠺᠼᠢᠨ᠂ ᠣᠨᠣᠰᠢᠯᠠᠬᠤ ᠲᠤᠷᠰᠢᠯᠲᠠ ᠵᠢᠨ ᠡᠮ᠎ᠢ ᠰᠤᠳᠤᠯᠤᠨ ᠨᠡᠭᠡᠭᠡᠬᠦ᠂ ᠵᠠᠪᠰᠠᠷ᠎ᠤᠨ ᠲᠤᠷᠰᠢᠯᠲᠠ ᠬᠢᠬᠦ᠂ ᠦᠷ᠎ᠡ ᠪᠦᠲᠦᠭᠡᠯ᠎ᠢ ᠬᠤᠪᠢᠷᠠᠭᠤᠯᠬᠤ ᠵᠢᠴᠢ ᠠᠵᠤ ᠦᠢ᠍ᠯᠡᠰᠵᠢᠭᠦᠯᠬᠦ ᠪᠠ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠵᠢᠨ ᠲᠦᠪᠰᠢᠨ᠎ᠢ ᠪᠦᠲᠦᠮᠵᠢᠲᠡᠶ ᠳᠡᠭᠡᠭᠰᠢᠯᠡᠭᠦᠯᠵᠦ᠂ ᠠᠮᠢᠲᠠᠨ᠎ᠤ ᠸᠠᠺᠼᠢᠨ᠎ᠤ ᠬᠦᠷᠢᠶᠡᠨ᠎ᠤ ᠰᠢᠨ᠎ᠡ ᠵᠢ ᠡᠭᠦᠳᠬᠦ ᠴᠢᠳᠠᠪᠤᠷᠢᠲᠠᠨ᠂ ᠪᠦᠯᠬᠦᠮ ᠨᠡᠢ᠌ᠲᠡ ᠵᠢ ᠴᠤᠭᠯᠠᠷᠠᠭᠤᠯᠵᠤ᠂ ᠦᠢᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢ ᠨᠢᠭᠲᠠ ᠤᠶᠠᠯᠳᠤᠭᠤᠯᠤᠭᠰᠠᠨ ᠠᠮᠢᠲᠠᠨ᠎ᠤ ᠸᠠᠺᠼᠢᠨ᠎ᠤ ᠰᠢᠨ᠎ᠡ ᠵᠢ ᠡᠭᠦᠳᠬᠦ ᠰᠢᠰᠲ᠋ᠧᠮ᠎ᠢ ᠪᠦᠷᠢᠯᠳᠦᠭᠦᠯᠵᠦ᠂ ᠠᠮᠢᠲᠠᠨ᠎ᠤ ᠸᠠᠺᠼᠢᠨ᠎ᠤ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ  ᠃ ᠥᠪᠥᠷ ᠮᠣᠩᠭᠣᠯ᠎ᠤᠨ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠢ ᠪᠥᠲᠥᠭᠡᠨ ᠪᠠᠢ᠌ᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠪᠠ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠴᠢᠬᠤᠯᠠ ᠶᠡᠬᠡ ᠪᠣᠳᠠᠲᠤ ᠠᠴᠢ ᠬᠣᠯᠪᠣᠭᠳᠠᠯ᠎ᠲᠠᠢ ᠶᠤᠮ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            
Baidu
map