ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠤᠰ᠎ᠤᠨ ᠳᠣᠲᠣᠭ᠋ᠠᠳᠤ᠎ᠳᠤ ᠲᠡᠷᠢᠭᠦᠯᠡᠵᠦ᠂ ᠤᠯᠠᠭ᠋ᠠᠨᠬᠠᠳᠠ ᠬᠣᠲᠠ ᠵᠢᠨ ᠦᠷ᠎ᠡ ᠵᠢᠨ ᠦᠢᠯᠡᠰ᠎ᠤᠨ ᠬᠦᠷᠢᠶᠡᠨ᠎ᠳᠠᠬᠢ ᠨᠢᠭᠡ ᠦᠷ᠎ᠡ ᠪᠦᠲᠦᠭᠡᠯ᠎ᠨᠢ ᠦᠨᠡᠯᠡᠯᠲᠡ ᠵᠢ ᠥᠩᠭᠡᠷᠡᠭᠡᠪᠡ
ᠨᠡᠶ᠋ᠢᠲᠡᠯᠡᠭᠰᠡᠨ ᠴᠠᠭ᠄ 2024-09-06


    ᠡᠷᠳᠡᠨᠢ ᠰᠢᠰᠢ ᠪᠣᠯ ᠮᠠᠨ᠎ᠤ ᠤᠯᠤᠰ᠎ᠤᠨ ᠲᠠᠷᠢᠶᠠᠯᠠᠩ᠎ᠤᠨ ᠭᠣᠤᠯ ᠲᠠᠷᠢᠮᠠᠯ᠎ᠤᠨ ᠨᠢᠭᠡ ᠪᠣᠯᠤᠨ᠎ᠠ᠂ ᠡᠷᠳᠡᠨᠢ ᠰᠢᠰᠢ ᠵᠢᠨ ᠦᠷ᠎ᠡ ᠵᠢᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠲᠦᠷᠭᠡᠳᠬᠡᠬᠦ ᠵᠢᠨ ᠲᠥᠯᠥᠭᠡ᠂ 2024 ᠣᠨ᠎ᠤ 8 ᠰᠠᠷ᠎ᠠ ᠵᠢᠨ 25᠎ᠤ ᠡᠳᠦᠷ᠂ ᠤᠯᠠᠭ᠋ᠠᠨᠬᠠᠳᠠ ᠬᠣᠲᠠ ᠪᠡᠭᠡᠵᠢᠩ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠦᠨᠡᠯᠡᠯᠲᠡ ᠵᠢᠨ ᠬᠤᠷᠠᠯ᠎ᠢ ᠠᠮᠵᠢᠯᠲᠠ᠎ᠲᠠᠢ ᠵᠣᠬᠢᠶᠠᠨ ᠪᠠᠢ᠌ᠭᠤᠯᠵᠤ᠂ ᠥᠪᠥᠷ ᠮᠣᠩᠭᠣᠯ᠎ᠤᠨ ᠯᠢ ᠾᠧ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠪᠠ ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠬᠠᠮᠲᠤ᠎ᠪᠠᠷ ᠪᠡᠶᠡᠯᠡᠭᠦᠯᠦᠭᠰᠡᠨ 《ᠯᠢ ᠾᠧ ᠰᠢᠷᠢᠰ ᠡᠷᠳᠡᠨᠢ ᠰᠢᠰᠢ ᠵᠢᠨ ᠰᠢᠯᠢᠳᠡᠭ ᠡᠬᠢ ᠪᠠᠶᠠᠯᠢᠭ᠎ᠤᠨ ᠡᠭᠦᠳᠦᠯᠲᠡ ᠪᠠ ᠰᠢᠨ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ ᠵᠢᠴᠢ ᠬᠡᠷᠡᠭᠯᠡᠬᠦ》᠎ᠨᠢ ᠦᠨᠡᠯᠡᠯᠲᠡ ᠵᠢ ᠤᠷᠤᠭᠰᠢᠲᠠᠶ ᠪᠠᠲᠤᠯᠠᠪᠠ  ᠃
    ᠲᠣᠰ ᠤᠳᠠᠭ᠋ᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠬᠤᠷᠠᠯ᠎ᠨᠢ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ᠂ ᠮᠠᠨ᠎ᠤ ᠤᠯᠤᠰ᠎ᠤᠨ ᠲᠠᠷᠢᠮᠠᠯ᠎ᠤᠨ ᠦᠷ᠎ᠡ ᠵᠢᠨ ᠡᠬᠢ ᠪᠠᠶᠠᠯᠢᠭ᠎ᠤᠨ ᠰᠢᠨᠵᠢᠯᠡᠭᠡᠨ᠎ᠤ ᠰᠠᠯᠠᠭ᠋ᠠᠨ᠎ᠤ ᠨᠢᠭᠡᠳᠦᠭᠡᠷ ᠦᠶ᠎ᠡ ᠵᠢᠨ ᠳᠠᠭ᠋ᠠᠭᠤᠯᠤᠭᠴᠢ ᠯᠢᠦ ᠰᠢᠤᠢ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ᠂ ᠳᠤᠮᠳᠠᠳᠤ ᠤᠯᠤᠰ᠎ᠤᠨ ᠡᠷᠳᠡᠨᠢ ᠰᠢᠰᠢ ᠵᠢᠨ ᠡᠭᠦᠯᠳᠡᠷ ᠪᠣᠢ᠌ᠵᠢᠭᠤᠯᠬᠤ ᠰᠢᠨᠵᠢᠯᠡᠭᠡᠨ᠎ᠤ ᠰᠠᠯᠠᠭ᠋ᠠᠨ᠎ᠤ ᠳᠠᠭ᠋ᠠᠭᠤᠯᠤᠭᠴᠢ ᠳ᠋ᠠᠶ ᠵᠢᠩ ᠷᠦᠢ᠂ ᠤᠯᠤᠰ᠎ᠤᠨ ᠡᠷᠳᠡᠨᠢ ᠰᠢᠰᠢ ᠵᠢᠨ ᠠᠵᠤ ᠦᠢᠯᠡᠰ᠎ᠤᠨ ᠮᠡᠷᠭᠡᠵᠢᠯ᠎ᠤᠨ ᠰᠢᠰᠲ᠋ᠧᠮ᠎ᠤᠨ ᠠᠵᠢᠯ᠎ᠤᠨ ᠪᠠᠢ᠌ᠷᠢ ᠵᠢᠨ ᠰᠢᠨᠵᠢᠯᠡᠬᠦ ᠤᠬᠠᠭ᠋ᠠᠨᠲᠠᠨ᠂ ᠤᠯᠤᠰ᠎ᠤᠨ ᠡᠷᠳᠡᠨᠢ ᠰᠢᠰᠢ ᠵᠢᠨ ᠡᠭᠦᠯᠳᠡᠷ ᠰᠠᠢ᠌ᠵᠢᠷᠠᠭᠤᠯᠬᠤ ᠲᠥᠪ᠎ᠤᠨ ᠳᠡᠳ᠋ ᠡᠷᠬᠢᠯᠡᠭᠴᠢ ᠴᠧᠨ ᠱᠣᠤ ᠵᠢᠶᠠᠩ ᠵᠡᠷᠭᠡ ᠲᠤᠰᠬᠠᠶ ᠮᠡᠷᠭᠡᠵᠢᠯᠲᠡᠨ᠎ᠢ ᠤᠷᠢᠵᠦ ᠦᠨᠡᠯᠡᠬᠦ ᠵᠥᠪᠯᠡᠯ᠎ᠢ ᠪᠦᠷᠢᠯᠳᠦᠭᠦᠯᠪᠡ᠃
    ᠲᠤᠰᠬᠠᠶ ᠮᠡᠷᠭᠡᠵᠢᠯᠲᠡᠨ᠎ᠤ ᠳᠤᠭᠤᠢ᠌ᠯᠠᠩ ᠰᠠᠨᠠᠯ ᠨᠢᠭᠡᠲᠡᠶ ᠦᠵᠡᠭᠰᠡᠨ᠎ᠨᠢ᠂ ᠲᠣᠰ ᠦᠷ᠎ᠡ ᠪᠦᠲᠦᠭᠡᠯ᠎ᠨᠢ ᠭᠠᠭᠴᠠ ᠳᠠᠬᠢᠨᠳᠤ ᠪᠡᠶ᠎ᠡ ᠪᠠ ᠮᠣᠯᠧᠺᠦᠯ᠎ᠤᠨ ᠰᠢᠭᠰᠢᠨ ᠰᠣᠩᠭᠣᠬᠤ ᠮᠡᠷᠭᠡᠵᠢᠯ᠎ᠢ ᠬᠡᠷᠡᠭᠯᠡᠵᠦ᠂ ᠡᠭᠦᠯᠳᠡᠷ ᠪᠣᠢ᠌ᠵᠢᠭᠤᠯᠬᠤ ᠵᠢᠯ ᠬᠤᠭᠤᠴᠠᠭ᠎ᠠ ᠵᠢ ᠪᠣᠭᠣᠨᠢᠰᠬᠠᠵᠤ᠂ ᠡᠭᠦᠯᠳᠡᠷ ᠪᠣᠢ᠌ᠵᠢᠭᠤᠯᠬᠤ ᠥᠪᠡᠷ᠎ᠤᠨ ᠥᠷᠲᠡᠭ᠎ᠢ ᠪᠠᠭᠤᠷᠠᠭᠤᠯᠵᠤ᠂ ᠡᠭᠦᠯᠳᠡᠷ ᠪᠣᠢ᠌ᠵᠢᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠥᠨᠳᠥᠷ ᠤᠨᠠᠯᠲᠠ᠎ᠲᠠᠢ᠂ ᠴᠢᠨᠠᠷ ᠰᠠᠢ᠌ᠲᠠᠶ᠂ ᠶᠡᠷᠦᠩᠬᠡᠢ᠌ᠯᠡᠭᠰᠡᠨ ᠳᠠᠭ᠋ᠠᠭ᠋ᠠᠬᠤ ᠴᠢᠨᠠᠷ ᠵᠶ᠋ᠠᠷ ᠴᠢᠩᠭ᠎ᠠ᠂ ᠮᠠᠰᠢᠨ ᠵᠶ᠋ᠠᠷ ᠬᠤᠷᠢᠶᠠᠬᠤ᠎ᠳᠤ ᠲᠣᠬᠢᠷᠠᠮᠵᠢᠲᠠᠶ ᠰᠢᠨ᠎ᠡ ᠡᠭᠦᠯᠳᠡᠷ᠎ᠢ 60 ᠰᠣᠩᠭᠣᠨ ᠪᠣᠢ᠌ᠵᠢᠭᠤᠯᠵᠤ᠂ ᠡᠭᠦᠨ᠎ᠳᠤ ᠯᠢ ᠾᠧ ᠵᠡᠷᠭᠡ 19 ᠲᠥᠷᠥᠯ ᠵᠦᠢᠯ᠎ᠢ ᠤᠯᠤᠰ᠎ᠤᠨ ᠬᠢᠨᠠᠨ ᠲᠣᠭᠲᠠᠭ᠋ᠠᠯᠲᠠ ᠵᠢ ᠥᠩᠭᠡᠷᠡᠭᠦᠯᠵᠦ᠂ 41 ᠲᠥᠷᠥᠯ ᠵᠦᠢᠯ᠎ᠢ ᠮᠤᠵᠢ ᠵᠢᠨ ᠱᠠᠲᠤᠨ᠎ᠤ ᠬᠢᠨᠠᠨ ᠲᠣᠭᠲᠠᠭ᠋ᠠᠯᠲᠠ ᠵᠢ ᠪᠠᠲᠤᠯᠠᠵᠤ᠂ 9 ᠲᠥᠷᠥᠯ ᠵᠦᠢᠯ᠎ᠨᠢ ᠤᠷᠭᠤᠮᠠᠯ᠎ᠤᠨ ᠰᠢᠨ᠎ᠡ ᠲᠥᠷᠥᠯ ᠵᠦᠢᠯ᠎ᠤᠨ ᠡᠷᠬᠡ ᠵᠢ ᠤᠯᠪᠠ  ᠃ ᠲᠣᠰ ᠦᠷ᠎ᠡ ᠪᠦᠲᠦᠭᠡᠯ᠎ᠨᠢ ᠥᠪᠥᠷ ᠮᠣᠩᠭᠣᠯ᠎ᠤᠨ ᠡᠷᠳᠡᠨᠢ ᠰᠢᠰᠢ ᠵᠢᠨ ᠦᠷ᠎ᠡ ᠵᠢᠨ ᠦᠢᠯᠡᠰ᠎ᠤᠨ ᠪᠥᠬᠥ ᠤᠯᠤᠰ᠎ᠲᠠᠬᠢ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠵᠦ᠂ ᠨᠡᠢ᠌ᠭᠡᠮ᠎ᠤᠨ ᠦᠷ᠎ᠡ ᠠᠰᠢᠭ ᠢᠯᠡᠳᠲᠡ ᠪᠣᠯᠪᠠ  ᠃ ᠲᠣᠰ ᠦᠷ᠎ᠡ ᠪᠦᠲᠦᠭᠡᠯ᠎ᠤᠨ ᠪᠦᠬᠦᠯᠢ ᠴᠣᠭᠴᠠ ᠵᠢᠨ ᠬᠢᠷᠢ ᠲᠦᠪᠰᠢᠨ᠎ᠨᠢ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠢᠷᠢ ᠲᠦᠪᠰᠢᠨ᠎ᠳᠤ ᠬᠦᠷᠴᠡᠶ᠃
    ᠦᠷ᠎ᠡ ᠵᠢᠨ ᠦᠢ᠍ᠯᠡᠰ ᠪᠣᠯ ᠲᠠᠷᠢᠶᠠᠯᠠᠩ᠎ᠤᠨ 《ᠴᠢᠫ》 ᠮᠥᠨ᠂ ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠰᠠᠭᠤᠷᠢᠯᠠᠬᠤ ᠴᠢᠨᠠᠷᠲᠠᠢ ᠭᠣᠣᠯᠯᠠᠬᠤ ᠠᠵᠤ ᠦᠢ᠍ᠯᠡᠰ ᠮᠥᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠪᠣᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠶᠠᠰᠤ ᠴᠢᠨᠠᠷ ᠪᠠ ᠬᠢᠷᠢ ᠬᠡᠮᠵᠢᠢ᠎ᠡ ᠵᠢ ᠬᠡᠮᠵᠢᠬᠦ ᠴᠢᠬᠤᠯᠠ ᠠᠷᠭ᠎ᠠ ᠪᠠᠷᠢᠯ᠎ᠤᠨ ᠨᠢᠭᠡ ᠮᠥᠨ᠂ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠮᠡᠷᠭᠡᠵᠢᠯ᠂ ᠠᠵᠤ ᠠᠬᠤᠢ᠂ ᠨᠡᠢ᠌ᠭᠡᠮ᠎ᠤᠨ ᠦᠷᠳᠡᠭ᠎ᠲᠤ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠦᠨᠡᠯᠡᠯᠲᠡ ᠬᠢᠬᠦ᠎ᠨᠢ ᠦᠷ᠎ᠡ ᠪᠣᠢ᠌ᠵᠢᠭᠤᠯᠬᠤ ᠰᠢᠨ᠎ᠡ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠷᠡᠭᠦᠯᠬᠦ ᠪᠠ ᠬᠤᠪᠢᠷᠠᠭᠤᠯᠬᠤ ᠵᠢ ᠲᠦᠯᠬᠢᠨ ᠠᠬᠢᠭᠤᠯᠵᠤ᠂ ᠡᠭᠦᠨ᠎ᠤ ᠤᠯᠠᠮ᠎ᠠᠴᠠ ᠰᠢᠨ᠎ᠡ ᠡᠭᠦᠯᠳᠡᠷ᠎ᠢ ᠪᠣᠢ᠌ᠵᠢᠭᠤᠯᠬᠤ ᠵᠢ ᠲᠦᠷᠭᠡᠳᠬᠡᠵᠦ ᠴᠢᠳᠠᠨ᠎ᠠ᠃ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠠᠵᠢᠯ᠎ᠤᠨ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠥᠨᠳᠥᠷ ᠬᠢᠷᠢ ᠲᠦᠪᠰᠢᠨ ᠪᠥᠬᠥᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠦᠢᠯᠡᠳᠪᠦᠷᠢᠯᠡᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠲᠦᠷᠭᠡᠳᠬᠡᠬᠦ᠎ᠳᠤ ᠰᠠᠢ᠌ᠲᠤᠷ ᠦᠢᠯᠡᠴᠢᠯᠡᠵᠦ᠂ ᠦᠷ᠎ᠡ ᠵᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            
Baidu
map