ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠠᠵᠤ ᠠᠬᠤᠢ᠌ᠯᠠᠯ᠎ᠤᠨ ᠰᠢᠨ᠎ᠡ ᠵᠢ ᠡᠭᠦᠳᠦᠨ ᠬᠥᠭᠵᠢᠬᠦ ᠣᠷᠴᠢᠨ ᠨᠥᠬᠥᠴᠡᠯ᠎ᠢ ᠶᠡᠬᠡᠪᠡᠷ ᠪᠣᠶ ᠪᠣᠯᠭ᠋ᠠᠪᠠ
ᠨᠡᠶ᠋ᠢᠲᠡᠯᠡᠭᠰᠡᠨ ᠴᠠᠭ᠄ 2024-07-25


    7 ᠳ᠋ᠤᠭ᠋ᠠᠷ ᠰᠠᠷ᠎ᠠ ᠵᠢᠨ 24᠎ᠤ ᠡᠳᠦᠷ᠂ ᠤᠯᠠᠭ᠋ᠠᠨᠬᠠᠳᠠ ᠬᠣᠲᠠ ᠵᠢᠨ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠬᠤᠪᠢᠷᠠᠭᠤᠯᠬᠤ ᠪᠠ 《ᠪᠠᠭᠤᠯᠭ᠋ᠠᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢᠨ ᠵᠣᠬᠢᠴᠠᠭᠤᠯᠬᠤ ᠳᠤᠭᠤᠢ᠌ᠯᠠᠩ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠎ᠳᠤ ᠬᠦᠷᠴᠦ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠢ ᠱᠠᠯᠠᠪᠳᠠᠭᠤᠯᠤᠨ ᠪᠠᠢ᠌ᠴᠠᠭ᠋ᠠᠵᠤ ᠪᠠᠢ᠌ᠴᠠᠭ᠋ᠠᠨ ᠰᠤᠳᠤᠯᠪᠠ᠃
    ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠠᠴᠠ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠦᠨᠡᠯᠡᠯᠲᠡ ᠵᠢᠨ ᠭᠦᠢᠴᠡᠳᠬᠡᠯ ᠲᠣᠭ᠎ᠠ ᠵᠢ ᠳᠡᠭᠡᠭᠰᠢᠯᠡᠭᠦᠯᠬᠦ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠥᠷᠨᠢᠭᠦᠯᠦᠭᠰᠡᠨ ᠪᠠᠢ᠌ᠳᠠᠯ᠎ᠢ ᠪᠥᠬᠥ ᠲᠠᠯ᠎ᠠ᠎ᠪᠠᠷ ᠣᠢ᠌ᠯᠠᠭ᠋ᠠᠵᠤ᠂ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠠᠯ᠎ᠠ ᠵᠢᠨ ᠠᠵᠢᠯ᠎ᠢ ᠭᠦᠢᠴᠡᠳ ᠨᠤᠲᠠᠯᠠᠭᠰᠠᠨ ᠪᠥᠭᠡᠳ ᠲᠠᠷᠠᠭ᠋ᠠᠴᠢ ᠵᠢᠨ ᠠᠯᠬᠤᠮ᠎ᠤᠨ ᠠᠵᠢᠯ᠎ᠳᠤ ᠪᠣᠳᠠᠲᠠᠶ ᠱᠠᠭ᠋ᠠᠷᠳᠠᠯᠭ᠎ᠠ ᠳᠤᠷᠠᠳᠪᠠ᠃
    ᠣᠢ᠌ᠷ᠎ᠠ ᠵᠢᠨ ᠵᠢᠯ᠎ᠠᠴᠠ ᠨᠠᠭ᠋ᠠᠰᠢ᠂ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠳᠠᠬᠢ ᠠᠷᠠᠯᠵᠢᠶ᠎ᠠ ᠡᠵᠡᠩᠨᠡᠬᠦ ᠣᠷᠴᠢᠨ᠎ᠢ ᠦᠨᠡᠯᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠠᠭᠤᠷ ᠠᠮᠢᠰᠬᠤᠯ᠎ᠢ ᠴᠢᠷᠮᠠᠢ᠌ᠨ ᠪᠣᠶ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠴᠢᠯᠡᠭᠡᠨ᠎ᠤ ᠲᠠᠪᠴᠠᠩ᠎ᠢ ᠪᠠᠢ᠌ᠭᠤᠯᠬᠤ᠂ ᠰᠢᠨ᠎ᠡ ᠵᠢ ᠡᠭᠦᠳᠬᠦ ᠭᠣᠤᠯ ᠴᠣᠭᠴᠠ ᠵᠢ ᠪᠣᠢ᠌ᠵᠢᠭᠤᠯᠬᠤ ᠵᠢ ᠴᠢᠩᠭ᠋ᠠᠳᠬᠠᠬᠤ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ ᠵᠢ ᠬᠡᠷᠡᠭᠵᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠬᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠦᠷᠭᠡᠨ ᠬᠥᠭᠵᠢᠯᠲᠡ ᠵᠢ ᠠᠬᠢᠭᠤᠯᠵᠤ᠂ ᠠᠷᠠᠯᠵᠢᠶ᠎ᠠ ᠡᠵᠡᠩᠨᠡᠬᠦ ᠣᠷᠴᠢᠨ᠎ᠢ ᠲᠠᠰᠤᠷᠠᠯᠲᠠ ᠥᠬᠡᠶ ᠰᠢᠯᠢᠳᠡᠭᠵᠢᠭᠦᠯᠬᠦ᠎ᠪᠠᠷ ᠳᠡᠮᠵᠢᠨ ᠪᠥᠬᠥ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠵᠦ᠂ ᠰᠠᠢ᠌ᠨ ᠰᠠᠢ᠌ᠬᠠᠨ ᠰᠢᠨ᠎ᠡ ᠵᠢ ᠡᠭᠦᠳᠬᠦ ᠠᠮᠢ ᠠᠬᠤᠶ ᠵᠢ ᠪᠦᠷᠢᠯᠳᠦᠭᠦᠯᠪᠡ᠃
    ᠲᠠᠷᠠᠭ᠋ᠠᠴᠢ ᠵᠢᠨ ᠠᠯᠬᠤᠮ᠎ᠳᠤ᠂ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠰᠢᠨ᠎ᠡ ᠵᠢ ᠡᠭᠦᠳᠬᠦ ᠭᠣᠤᠯ ᠴᠣᠭᠴᠠ ᠵᠢ ᠪᠣᠢ᠌ᠵᠢᠭᠤᠯᠬᠤ ᠪᠡᠯᠡᠳᠬᠡᠯ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠰᠠᠢ᠌ᠲᠤᠷ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠬᠤ ᠶᠠᠰᠤ ᠴᠢᠨᠠᠷ ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠢ᠌ᠯᠠᠯ᠎ᠤᠨ ᠥᠷᠢᠰᠥᠯᠳᠦᠬᠦ ᠬᠦᠴᠦᠨ ᠪᠠ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ᠪᠠ ᠠᠵᠤ ᠠᠬᠤᠶ ᠵᠢᠨ ᠬᠥᠭᠵᠢᠯᠲᠡ ᠵᠢ ᠰᠢᠯᠢᠳᠡᠭᠵᠢᠭᠦᠯᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            
Baidu
map