ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠣᠲᠠ ᠵᠢᠨ ᠨᠢᠭᠡᠳᠦᠭᠡᠷ ᠤᠯᠠᠷᠢᠯ᠎ᠤᠨ ᠮᠡᠷᠭᠡᠵᠢᠯ᠎ᠤᠨ ᠭᠡᠷ᠎ᠡ ᠵᠢᠨ ᠳᠡᠩᠰᠡᠯᠡᠯᠲᠡ ᠵᠢᠨ ᠠᠵᠢᠯ ᠤᠷᠤᠭᠰᠢᠲᠠᠶ ᠶᠠᠪᠤᠭᠳᠠᠵᠤ ᠪᠠᠢ᠌ᠨ᠎ᠠ
ᠨᠡᠶ᠋ᠢᠲᠡᠯᠡᠭᠰᠡᠨ ᠴᠠᠭ᠄ 2025-04-10


    ᠡᠨᠡ ᠵᠢᠯ᠎ᠠᠴᠠ ᠨᠠᠭ᠋ᠠᠰᠢ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ 《ᠪᠥᠬᠥ ᠵᠢᠯ᠎ᠤᠨ ᠪᠥᠬᠥ ᠨᠡᠢ᠌ᠭᠡᠮ᠎ᠤᠨ ᠰᠤᠳᠤᠯᠤᠨ ᠨᠡᠭᠡᠭᠡᠬᠦ ᠣᠷᠣᠭᠤᠯᠤᠯᠲᠠ 100 ᠳ᠋ᠦᠩᠰᠢᠭᠤᠷ ᠲᠥᠭᠥᠷᠢᠭ᠎ᠢ ᠳᠠᠪᠠᠬᠤ》 ᠶᠡᠷᠦᠩᠬᠡᠶ ᠬᠠᠷᠠᠯᠲᠠ ᠵᠢ ᠲᠣᠭᠲᠠᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠵᠢ ᠪᠥᠬᠥ ᠬᠦᠴᠦᠨ ᠵᠶ᠋ᠡᠷ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠤᠨ ᠬᠡᠷᠡᠭᠯᠡᠬᠦ ᠵᠢ ᠲᠦᠷᠭᠡᠳᠬᠡᠪᠡ ᠃ ᠨᠢᠭᠡᠳᠦᠭᠡᠷ ᠤᠯᠠᠷᠢᠯ᠎ᠳᠤ᠂ ᠪᠥᠬᠥ ᠬᠣᠲᠠ ᠮᠡᠷᠭᠡᠵᠢᠯ᠎ᠤᠨ ᠭᠡᠷ᠎ᠡ ᠵᠢ ᠨᠡᠢ᠌ᠲᠡ 148 ᠵᠦᠢᠯ ᠮᠠᠭ᠋ᠠᠳᠯᠠᠨ ᠲᠣᠭᠲᠠᠭ᠋ᠠᠵᠤ᠂ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠲᠣᠭ᠎ᠠ᠎ᠨᠢ 3.17 ᠳ᠋ᠦᠩᠰᠢᠭᠤᠷ ᠲᠥᠭᠥᠷᠢᠭ᠎ᠲᠤ ᠬᠦᠷᠴᠦ᠂ ᠭᠡᠷ᠎ᠡ ᠵᠢᠨ ᠲᠣᠭ᠎ᠠ ᠪᠠ ᠠᠷᠠᠯᠵᠢᠶ᠎ᠠ ᠪᠦᠲᠦᠭᠰᠡᠨ ᠲᠣᠭ᠎ᠠ᠎ᠨᠢ ᠴᠥᠮ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ᠎ᠲᠤ ᠣᠷᠣᠵᠤ᠂ ᠭᠡᠷ᠎ᠡ ᠵᠢᠨ ᠠᠷᠠᠯᠵᠢᠶ᠎ᠠ ᠪᠦᠲᠦᠭᠰᠡᠨ ᠲᠣᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ ᠬᠡᠮᠵᠢᠶ᠎ᠡ ᠵᠢᠨ ᠭᠤᠷᠪᠠᠨ᠎ᠤ ᠨᠢᠭᠡ ᠰᠢᠬᠠᠮ᠎ᠢ ᠡᠵᠡᠯᠡᠵᠦ᠂ 《ᠠᠩᠬᠠᠨ᠎ᠤ ᠤᠯᠠᠷᠢᠯ᠎ᠤᠨ ᠰᠠᠢ᠌ᠨ ᠡᠬᠢᠯᠡᠯᠲᠡ》 ᠵᠢ ᠪᠡᠶᠡᠯᠡᠭᠦᠯᠪᠡ ᠃ ᠡᠭᠦᠨ᠎ᠳᠤ᠂ ᠬᠣᠪᠣᠷ ᠰᠢᠷᠣᠶ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠂ ᠬᠥᠨᠳᠡᠯᠡᠨ ᠲᠣᠭᠣᠷᠢᠭ ᠪᠠ ᠴᠢᠩᠱ᠌ᠠᠨ ᠲᠣᠭᠣᠷᠢᠭ᠎ᠤᠨ ᠳᠠᠩᠰᠠᠯᠠᠭᠤᠯᠤᠭᠰᠠᠨ ᠲᠣᠭ᠎ᠠ ᠬᠡᠮᠵᠢᠶ᠎ᠡ ᠪᠠ ᠵᠣᠭᠣᠰ᠎ᠤᠨ ᠲᠣᠭ᠎ᠠ᠎ᠨᠢ ᠲᠣᠰ ᠲᠣᠰ ᠪᠥᠬᠥ ᠬᠣᠲᠠ ᠵᠢᠨ ᠳᠠᠩᠰᠠᠯᠠᠭᠤᠯᠤᠭᠰᠠᠨ ᠶᠡᠷᠦᠩᠬᠡᠶ ᠬᠡᠮᠵᠢᠶ᠎ᠡ ᠵᠢᠨ 98.6% ᠪᠠ 99.83% ᠵᠢ ᠡᠵᠡᠯᠡᠵᠦ᠂ ᠰᠢᠨ᠎ᠡ ᠵᠢ ᠡᠭᠦᠳᠬᠦ ᠡᠬᠢ ᠪᠠᠶᠠᠯᠢᠭ ᠲᠥᠪᠯᠡᠷᠡᠭᠰᠡᠨ ᠣᠷᠣᠨ᠎ᠢ ᠪᠣᠶ ᠪᠣᠯᠭ᠋ᠠᠪᠠ; ᠬᠣᠪᠣᠷ ᠰᠢᠷᠣᠶ ᠵᠢᠨ ᠮᠠᠲ᠋ᠧᠷᠢᠶᠠᠯ᠎ᠤᠨ ᠬᠦᠷᠢᠶ᠎ᠡ ᠴᠠᠷᠠᠭ᠎ᠠ ᠵᠢᠨ ᠳᠡᠩᠰᠡᠯᠡᠨ ᠲᠡᠮᠳᠡᠭᠯᠡᠭᠰᠡᠨ ᠲᠣᠭ᠎ᠠ 1.2 ᠳ᠋ᠦᠩᠰᠢᠭᠤᠷ ᠲᠥᠭᠥᠷᠢᠭ᠎ᠲᠤ ᠬᠦᠷᠴᠦ᠂ ᠡᠯ᠎ᠡ ᠠᠵᠤ ᠦᠢᠯᠡᠰ᠎ᠤᠨ ᠲᠡᠷᠢᠭᠦᠨ᠎ᠳᠤ ᠣᠷᠣᠪᠠ; ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠳᠠᠩᠰᠠᠯᠠᠭᠤᠯᠤᠭᠰᠠᠨ ᠲᠣᠭ᠎ᠠ ᠬᠡᠮᠵᠢᠶ᠎ᠡ ᠪᠠ ᠵᠣᠭᠣᠰ᠎ᠤᠨ ᠲᠣᠭ᠎ᠠ᠎ᠨᠢ ᠲᠣᠰ ᠲᠣᠰ ᠪᠥᠬᠥ ᠬᠣᠲᠠ ᠵᠢᠨ ᠡᠯ᠎ᠡ ᠲᠥᠷᠥᠯ᠎ᠤᠨ ᠳᠠᠩᠰᠠᠯᠠᠭᠤᠯᠤᠭᠰᠠᠨ ᠭᠣᠤᠯ ᠴᠣᠭᠴᠠ ᠵᠢᠨ 45.95% ᠪᠠ 23.44 % ᠵᠢ ᠡᠵᠡᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠬᠤ ᠦᠢᠯᠡᠳᠦᠯ ᠢᠯᠡᠷᠬᠡᠶ ᠪᠠᠢ᠌ᠨ᠎ᠠ; ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ ᠪᠠ ᠮᠡᠷᠭᠡᠵᠢᠯ᠎ᠤᠨ ᠦᠢᠯᠡᠴᠢᠯᠡᠭᠡᠨ᠎ᠤ ᠭᠡᠷ᠎ᠡ ᠵᠢᠨ ᠠᠷᠠᠯᠵᠢᠶ᠎ᠠ ᠪᠦᠲᠦᠭᠰᠡᠨ ᠲᠣᠭ᠎ᠠ ᠵᠢᠨ ᠡᠵᠡᠯᠡᠬᠦ ᠬᠠᠷᠢᠴᠠᠯ᠎ᠨᠢ ᠶᠢᠰᠦᠨ ᠬᠤᠪᠢ ᠵᠢ ᠳᠠᠪᠠᠵᠤ᠂ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠪᠣᠳᠠᠲᠠᠶ ᠭᠠᠵᠠᠷ᠎ᠲᠤᠨᠢ ᠦᠢᠯᠡᠴᠢᠯᠡᠬᠦ ᠬᠡᠷᠡᠭᠴᠡᠭᠡ ᠱᠠᠭ᠋ᠠᠷᠳᠠᠯᠭ᠎ᠠ ᠬᠥᠭᠵᠢᠶᠡᠨᠲᠡᠶ ᠪᠠᠢ᠌ᠨ᠎ᠠ᠃
     ᠲᠠᠷᠠᠭ᠋ᠠᠴᠢ ᠵᠢᠨ ᠠᠯᠬᠤᠮ᠎ᠳᠤ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠮᠡᠷᠭᠡᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠳᠠᠯᠳᠠ ᠬᠦᠴᠦᠨ᠎ᠢ ᠦᠷᠭᠦᠯᠵᠢᠯᠡᠨ ᠠᠭᠤᠳᠠᠯᠵᠤ᠂ 《ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠬᠤ + ᠣᠨᠢᠨ ᠳᠡᠭᠡᠷ᠎ᠡ᠎ᠨᠢ ᠬᠠᠪᠰᠤᠷᠤᠨ ᠵᠢᠯᠣᠭᠣᠳᠬᠤ + ᠮᠥᠷᠳᠡᠨ ᠦᠢᠯᠡᠴᠢᠯᠡᠬᠦ》ᠵᠡᠷᠭᠡ ᠠᠯᠢ ᠣᠯᠠᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠡᠩᠰᠡᠯᠡᠨ ᠲᠡᠮᠳᠡᠭᠯᠡᠬᠦ ᠦᠢᠯᠡᠴᠢᠯᠡᠭᠡ ᠵᠢ ᠲᠠᠰᠤᠷᠠᠯᠲᠠ ᠥᠬᠡᠶ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠨᠠᠩ ᠣᠯᠠᠨ ᠴᠢᠨᠠᠷ ᠰᠠᠢ᠌ᠲᠠᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠲᠣᠰ ᠭᠠᠵᠠᠷ᠎ᠲᠤ ᠰᠢᠯᠵᠢᠭᠦᠯᠦᠨ ᠤᠯᠠᠷᠢᠭᠤᠯᠬᠤ ᠵᠢ ᠠᠬᠢᠭᠤᠯᠵᠤ᠂ ᠪᠤᠭᠤᠲᠤ ᠬᠣᠲᠠ ᠵᠢᠨ ᠴᠢᠨᠠᠷ ᠰᠠᠢ᠌ᠲᠠᠶ ᠬᠥᠭᠵᠢᠯᠲᠡ᠎ᠳᠤ ᠴᠢᠩᠭ᠎ᠠ ᠬᠦᠴᠦᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            
Baidu
map