ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠠᠩᠬᠠᠳᠠᠭᠴᠢ ᠤᠳᠠᠭ᠋ᠠᠨ᠎ᠤ《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠥᠨ ᠭᠦᠢᠯᠭᠡᠭᠡ》 ᠵᠢᠨ ᠪᠠᠩᠬᠢ ᠠᠵᠤ ᠠᠬᠤᠢ᠌ᠯᠠᠯ᠎ᠢ ᠵᠣᠯᠭ᠋ᠠᠭᠤᠯᠬᠤ ᠲᠤᠰᠬᠠᠶ ᠲᠠᠯᠠᠪᠤᠷ᠎ᠤᠨ ᠠᠵᠢᠯᠯᠠᠭ᠎ᠠ ᠡᠷᠭᠢᠯᠡᠪᠡ
ᠨᠡᠶ᠋ᠢᠲᠡᠯᠡᠭᠰᠡᠨ ᠴᠠᠭ᠄ 2025-04-01


     3 ᠳ᠋ᠤᠭ᠋ᠠᠷ ᠰᠠᠷ᠎ᠠ ᠵᠢᠨ 31᠎ᠤ ᠡᠳᠦᠷ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ 2025 ᠣᠨ᠎ᠤ ᠠᠩᠬᠠᠳᠠᠭᠴᠢ ᠤᠳᠠᠭ᠋ᠠᠨ᠎ᠤ《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠥᠨ ᠭᠦᠢᠯᠭᠡᠭᠡ》ᠵᠢᠨ ᠪᠠᠩᠬᠢ ᠠᠵᠤ ᠠᠬᠤᠢ᠌ᠯᠠᠯ᠎ᠢ ᠵᠣᠯᠭ᠋ᠠᠭᠤᠯᠬᠤ ᠲᠤᠰᠬᠠᠶ ᠠᠵᠢᠯᠯᠠᠭ᠎ᠠ ᠡᠷᠭᠢᠯᠡᠪᠡ᠃ ᠠᠵᠢᠯᠯᠠᠭ᠎ᠠ ᠵᠢ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶᠠᠨ᠎ᠤ ᠳᠡᠳ᠋ ᠳᠠᠷᠤᠭ᠎ᠠ ᠵᠠᠩ ᠵᠢᠶᠧ ᠡᠷᠭᠢᠯᠡᠵᠦ᠂ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ᠂ ᠮᠥᠩᠭᠥᠨ ᠭᠦᠢᠯᠭᠡᠭᠡᠨ᠎ᠤ ᠪᠠᠢ᠌ᠭᠤᠯᠤᠮᠵᠢ᠂ ᠬᠣᠰᠢᠭᠤ ᠰᠢᠶᠠᠨ ᠲᠣᠭᠣᠷᠢᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠥᠬᠥᠳ ᠪᠣᠯᠤᠨ 18 ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠠᠵᠢᠯᠯᠠᠭ᠎ᠠ᠎ᠳᠤ ᠣᠷᠣᠯᠴᠠᠵᠠᠶ᠃
    ᠠᠵᠢᠯᠯᠠᠭ᠎ᠠ ᠵᠢᠨ ᠵᠣᠷᠢᠯᠭ᠎ᠠ᠎ᠨᠢ ᠰᠢᠨᠵᠢᠯᠡᠬᠦ ᠤᠬᠠᠭ᠋ᠠᠨ ᠮᠡᠷᠭᠡᠵᠢᠯ ᠬᠢᠭᠡᠳ ᠮᠥᠩᠭᠥᠨ ᠭᠦᠢᠯᠭᠡᠭᠡᠨ᠎ᠤ ᠭᠦᠨᠵᠡᠭᠡᠶ ᠠᠭᠤᠰᠤᠯᠴᠠᠯ᠎ᠢ ᠲᠦᠷᠭᠡᠳᠬᠡᠨ ᠠᠬᠢᠭᠤᠯᠵᠤ᠂ ᠮᠥᠩᠭᠥᠨ ᠭᠦᠢᠯᠭᠡᠭᠡᠨ᠎ᠤ ᠦᠢᠯᠡᠴᠢᠯᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠤᠨ ᠵᠠᠭᠪᠤᠷ᠎ᠲᠤ ᠰᠢᠨ᠎ᠡ ᠵᠢ ᠡᠭᠦᠳᠴᠦ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠴᠢᠳᠠᠪᠤᠷᠢ᠎ᠳᠤ ᠰᠠᠭᠤᠷᠢᠯᠠᠭᠰᠠᠨ ᠢᠲᠡᠭᠡᠮᠵᠢ ᠵᠢ ᠨᠡᠮᠡᠭᠳᠡᠭᠦᠯᠬᠦ ᠲᠣᠭᠲᠠᠴᠠ ᠵᠢ ᠠᠯᠬᠤᠮ ᠠᠯᠬᠤᠮ ᠵᠶ᠋ᠠᠷ ᠪᠠᠢ᠌ᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠂ ᠡᠳ᠋᠎ᠤᠨ ᠵᠠᠰᠠᠭ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ᠂ ᠮᠥᠩᠭᠥᠨ ᠭᠦᠢᠯᠭᠡᠭᠡᠨ᠎ᠤ ᠡᠬᠢ ᠪᠠᠶᠠᠯᠢᠭ᠂ ᠠᠳᠠᠯ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠵᠡᠷᠭᠡ ᠡᠯ᠎ᠡ ᠲᠥᠷᠥᠯ᠎ᠤᠨ ᠡᠬᠢ ᠪᠠᠶᠠᠯᠢᠭ᠎ᠢ ᠬᠥᠲᠥᠯᠥᠨ ᠵᠢᠯᠣᠭᠣᠳᠴᠤ ᠪᠠᠢ᠌ᠭ᠋ᠠᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ ᠳᠠᠰᠢ ᠲᠤᠢ᠌ᠯ᠎ᠤᠨ ᠣᠨᠣᠪᠴᠢᠲᠠᠶ ᠲᠥᠪᠯᠡᠷᠡᠭᠦᠯᠬᠦ ᠵᠢᠨ ᠲᠥᠯᠥᠭᠡ ᠶᠤᠮ᠃
    ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ᠂ ᠪᠤᠭᠤᠲᠤ ᠬᠣᠲᠠ ᠵᠢᠨ ᠰᠢᠨ᠎ᠡ ᠵᠢ ᠡᠭᠦᠳᠬᠦ ᠬᠤᠪᠢ ᠬᠤᠷᠠᠮᠳᠤᠭᠤᠯᠬᠤ ᠲᠦᠷᠢᠮ᠎ᠤᠨ ᠮᠡᠳᠡᠭᠡ ᠵᠠᠩᠭᠢᠵᠢᠯᠲᠠ ᠵᠢᠨ ᠲᠠᠪᠴᠠᠩ᠎ᠢ ᠭᠣᠤᠯᠳᠠᠯᠭ᠎ᠠ᠎ᠲᠠᠢ ᠲᠠᠨᠢᠯᠴᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠥᠨ ᠭᠦᠢᠯᠭᠡᠭᠡᠨ᠎ᠤ ᠬᠠᠮᠢᠶ᠎ᠠ ᠪᠥᠬᠥᠶ ᠪᠦᠲᠦᠭᠡᠭᠳᠡᠬᠦᠨ᠎ᠢ ᠲᠠᠨᠢᠯᠴᠠᠭᠤᠯᠵᠤ᠂ ᠵᠠᠮ ᠬᠠᠷᠢᠯᠴᠠᠭ᠋ᠠᠨ᠎ᠤ ᠪᠠᠩᠬᠢ ᠵᠢᠨ ᠪᠤᠭᠤᠲᠤ ᠵᠢᠨ ᠬᠤᠪᠢᠶᠠᠷᠢ ᠪᠠᠩᠬᠢ ᠵᠢᠨ 2025 ᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠥᠨ ᠭᠦᠢᠯᠭᠡᠭᠡᠨ᠎ᠤ ᠢᠲᠡᠭᠡᠮᠵᠢᠲᠦ ᠵᠢᠭᠡᠯᠡᠯᠭᠡ ᠵᠢᠨ ᠶᠡᠷᠦᠩᠬᠡᠶ ᠢᠲᠡᠭᠡᠮᠵᠢ ᠣᠯᠭᠣᠬᠤ ᠬᠡᠪᠴᠢᠶ᠎ᠡ ᠵᠢ ᠨᠡᠢ᠌ᠲᠡᠯᠡᠪᠡ᠃ ᠵᠠᠮ ᠬᠠᠷᠢᠯᠴᠠᠭ᠋ᠠᠨ᠎ᠤ ᠪᠠᠩᠬᠢ ᠵᠢᠨ ᠪᠤᠭᠤᠲᠤ ᠵᠢᠨ ᠬᠤᠪᠢᠶᠠᠷᠢ ᠪᠠᠩᠬᠢ ᠲᠤᠬᠠᠶ ᠵᠢᠨ ᠲᠠᠯᠠᠪᠠᠶ᠎ᠳᠤ ᠥᠪᠥᠷ ᠮᠣᠩᠭᠣᠯ᠎ᠤᠨ ᠴᠢᠶᠠᠨ ᠱᠠᠨ ᠬᠦᠨᠳᠦ ᠠᠵᠤ ᠦᠢᠯᠡᠳᠪᠦᠷᠢ ᠵᠢᠨ ᠬᠢᠵᠠᠭ᠋ᠠᠷᠲᠤ ᠺᠣᠮᠫᠠᠨᠢ᠎ᠳᠤ 900 ᠲᠦᠮᠡᠨ ᠲᠥᠭᠥᠷᠢᠭ᠎ᠤᠨ ᠰᠢᠨ᠎ᠡ ᠵᠢ ᠡᠭᠦᠳᠦᠭᠰᠡᠨ ᠬᠤᠷᠠᠮᠳᠤᠯ ᠬᠤᠪᠢ ᠵᠢᠨ ᠲᠤᠰᠬᠠᠶ ᠵᠢᠭᠡᠯᠡᠯᠭᠡ ᠣᠯᠭᠣᠪᠠ; ᠲᠣᠰ ᠲᠣᠰ ᠰᠧᠨ ᠳ᠋ᠢᠩ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠴᠧᠩ ᠭᠠᠩ ᠬᠣᠭᠣᠯᠠᠶ ᠦᠢᠯᠡᠳᠬᠦ ᠬᠢᠵᠠᠭ᠋ᠠᠷᠲᠤ ᠺᠣᠮᠫᠠᠨᠢ ᠵᠡᠷᠭᠡ 2 ᠠᠵᠤ ᠠᠬᠤᠢ᠌ᠯᠠᠯ᠎ᠲᠠᠢ ᠢᠲᠡᠭᠡᠮᠵᠢ ᠣᠯᠭᠣᠬᠤ ᠭᠡᠷ᠎ᠡ ᠲᠣᠭᠲᠠᠵᠤ᠂ ᠭᠤᠷᠪᠠᠨ ᠠᠵᠤ ᠠᠬᠤᠢ᠌ᠯᠠᠯ᠎ᠤᠨ ᠢᠲᠡᠭᠡᠮᠵᠢ ᠣᠯᠭᠣᠬᠤ ᠭᠡᠷ᠎ᠡ ᠲᠣᠭᠲᠠᠭᠰᠠᠨ ᠲᠣᠭ᠎ᠠ 2900 ᠲᠦᠮᠡᠨ ᠲᠥᠭᠥᠷᠢᠭ᠎ᠲᠤ ᠬᠦᠷᠴᠡᠶ᠃
      ᠲᠠᠷᠠᠭ᠋ᠠᠴᠢ ᠵᠢᠨ ᠠᠯᠬᠤᠮ᠎ᠳᠤ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ᠎ᠲᠠᠢ ᠬᠠᠮᠲᠤᠷᠠᠨ ᠡᠳ᠋᠎ᠤᠨ ᠵᠠᠰᠠᠭ ᠮᠥᠩᠭᠥᠨ ᠭᠦᠢᠯᠭᠡᠭᠡᠨ᠎ᠤ ᠳᠡᠮᠵᠢᠯᠭᠡ ᠵᠢᠨ ᠲᠣᠭᠲᠠᠴᠠ ᠵᠢ ᠦᠷᠭᠦᠯᠵᠢᠯᠡᠨ ᠪᠦᠷᠢᠨᠰᠢᠭᠦᠯᠵᠦ᠂ ᠰᠢᠨ᠎ᠡ ᠵᠢ ᠡᠭᠦᠳᠬᠦ ᠬᠤᠷᠠᠮᠳᠤᠯ ᠬᠤᠪᠢ ᠵᠢᠨ ᠬᠠᠮᠢᠶᠠᠷᠤᠯᠲᠠ ᠵᠢᠨ ᠲᠠᠪᠴᠠᠩ᠎ᠤᠨ ᠴᠢᠳᠠᠮᠵᠢ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠴᠢᠳᠠᠪᠤᠷᠢ ᠵᠢᠨ ᠨᠠᠷᠢᠯᠢᠭ ᠣᠨᠣᠪᠴᠢᠲᠠᠶ᠎ᠪᠠᠷ ᠬᠥᠷᠥᠭ ᠵᠢᠷᠤᠬᠤ᠎ᠳᠤ ᠦᠨᠳᠦᠰᠦᠯᠡᠯ ᠬᠠᠩᠭ᠋ᠠᠵᠤ᠂ ᠮᠥᠩᠭᠥᠨ ᠭᠦᠢᠯᠭᠡᠭᠡᠨ᠎ᠤ ᠪᠠᠢ᠌ᠭᠤᠯᠤᠮᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠲᠤᠢ᠌ᠯ᠎ᠤᠨ ᠣᠨᠣᠪᠴᠢᠲᠠᠶ᠎ᠪᠠᠷ ᠳᠡᠮᠵᠢᠬᠦ᠎ᠳᠤ ᠦᠨᠳᠦᠰᠦᠯᠡᠯ ᠬᠠᠩᠭ᠋ᠠᠵᠤ᠂ 《ᠰᠢᠨ᠎ᠡ ᠵᠢ ᠡᠭᠦᠳᠬᠦ ᠦᠨᠡᠯᠡᠯᠲᠡ— ᠮᠥᠩᠭᠥᠨ ᠭᠦᠢᠯᠭᠡᠭᠡᠨ᠎ᠤ ᠳᠡᠮᠵᠢᠯᠭᠡ— ᠠᠵᠤ ᠦᠢᠯᠡᠰ᠎ᠤᠨ ᠲᠠᠰ ᠳᠠᠪᠰᠢᠯᠲᠠ》 ᠵᠢᠨ ᠰᠠᠢ᠌ᠨ ᠣᠷᠴᠢᠯ᠎ᠢ ᠲᠦᠷᠭᠡᠳᠬᠡᠨ ᠪᠣᠶ ᠪᠣᠯᠭ᠋ᠠᠵᠤ᠂ ᠰᠢᠨ᠎ᠡ ᠵᠢ ᠡᠭᠦᠳᠬᠦ ᠬᠤᠷᠠᠮᠳᠤᠯ ᠬᠤᠪᠢ ᠬᠢᠭᠡᠳ ᠮᠥᠩᠭᠥᠨ ᠭᠦᠢᠯᠭᠡᠭᠡᠨ᠎ᠤ ᠦᠢᠯᠡᠳᠬᠦᠨ᠂ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠵᠡᠷᠭᠡ ᠲᠥᠷᠥ ᠵᠢᠨ ᠪᠣᠳᠣᠯᠭ᠎ᠠ ᠵᠢᠨ ᠳᠠᠪᠬᠤᠴᠠᠯ ᠦᠢᠯᠡᠳᠦᠯ᠎ᠢ ᠠᠬᠢᠭᠤᠯᠤᠨ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠪᠥᠬᠥ ᠲᠠᠯ᠎ᠠ᠎ᠪᠠᠷ ᠬᠥᠭᠵᠢᠭᠡᠨ᠎ᠡ ᠃
     ᠲᠣᠰ ᠤᠳᠠᠭ᠎ᠠ ᠵᠢᠨ ᠬᠤᠷᠠᠯ᠎ᠢ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠎ᠠᠴᠠ ᠭᠣᠤᠯᠯᠠᠨ ᠡᠷᠭᠢᠯᠡᠵᠦ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠴᠢᠯᠡᠭᠡᠨ᠎ᠤ ᠲᠥᠪ᠂ 《ᠮᠧᠩ ᠺᠧ ᠵᠢᠦᠢ》 ᠪᠤᠭᠤᠲᠤ ᠵᠢᠨ ᠬᠤᠪᠢᠶᠠᠷᠢ ᠲᠥᠪ᠎ᠠᠴᠠ ᠬᠠᠮᠵᠢᠨ ᠡᠷᠭᠢᠯᠡᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            
Baidu
map