ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭ᠋ᠠᠨᠴᠠᠪ ᠬᠣᠲᠠ ᠰᠢᠨᠵᠢᠯᠡᠬᠦ ᠲᠧᠭᠨᠢᠭ ᠤᠬᠠᠭ᠋ᠠᠨ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠢᠨᠵᠧᠨᠧᠷᠢᠩ᠎ᠤᠨ ᠠᠬᠢᠭᠤᠯᠬᠤ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2025-04-07


    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠂ ᠤᠯᠠᠭ᠋ᠠᠨᠴᠠᠪ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠲᠤᠬᠠᠶ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ  ᠰᠢᠪᠲᠤᠯᠬᠤ》ᠢᠨᠵᠧᠨᠧᠷᠢᠩ᠎ᠢ ᠦᠷᠭᠦᠯᠵᠢᠯᠡᠨ ᠰᠠᠢ᠌ᠲᠤᠷ ᠬᠡᠷᠡᠭᠵᠢᠭᠦᠯᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠲᠠᠰᠤᠷᠠᠯᠲᠠ ᠥᠬᠡᠶ ᠪᠣᠢ᠌ᠵᠢᠭᠤᠯᠤᠨ ᠬᠥᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠣᠯᠭᠣᠬᠤ ᠵᠢᠨ ᠲᠥᠯᠥᠭᠡ᠂ 4 ᠳ᠋ᠦ᠍ᠭᠡᠷ ᠰᠠᠷ᠎ᠠ ᠵᠢᠨ 3᠎ᠤ ᠡᠳᠦᠷ᠂ ᠤᠯᠠᠭ᠋ᠠᠨᠴᠠᠪ ᠬᠣᠲᠠ ᠵᠢᠨ ᠵᠠᠰᠠᠭ᠎ᠤᠨ ᠣᠷᠳᠣᠨ ᠤᠯᠠᠭ᠋ᠠᠨᠴᠠᠪ ᠬᠣᠲᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠠᠬᠢᠭᠤᠯᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ᠃ ᠤᠯᠠᠭ᠋ᠠᠨᠴᠠᠪ ᠬᠤᠳᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠯᠢ ᠵᠢᠶᠠᠨ ᠸᠸᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠤᠯᠠᠭ᠋ᠠᠨᠴᠠᠪ ᠬᠤᠳᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶᠠᠨ᠎ᠤ ᠳᠠᠷᠤᠭ᠎ᠠ ᠸᠠᠩ ᠴᠢᠩ ᠤᠯᠠᠭ᠋ᠠᠨᠴᠠᠪ ᠬᠤᠳᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠰᠡᠯᠡᠯᠲᠡ ᠰᠢᠪᠲᠤᠯᠬᠤ ᠢᠨᠵᠧᠨᠧᠷᠢᠩ᠎ᠤᠨ ᠪᠠᠢ᠌ᠳᠠᠯ᠎ᠤᠨ ᠲᠤᠬᠠᠢ ᠶᠠᠷᠢᠶ᠎ᠠ ᠲᠠᠯᠪᠢᠵᠤ᠂ ᠬᠤᠳᠠ ᠵᠢᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠶᠠᠩ ᠶᠠᠩ ᠬᠤᠷᠠᠯ᠎ᠢ ᠡᠷᠬᠢᠯᠡᠪᠡ᠃
     ᠬᠤᠷᠠᠯ᠎ᠠᠴᠠ 2024 ᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠪᠲᠤᠯᠤᠯᠲᠠ ᠬᠢᠬᠦ ᠠᠵᠢᠯ᠎ᠤᠨ ᠪᠠᠢ᠌ᠳᠠᠯ᠎ᠢ ᠰᠣᠨᠣᠰᠴᠤ᠂ ᠣᠳᠣᠬᠠᠨ᠎ᠤ ᠪᠠᠢ᠌ᠳᠠᠯ᠎ᠳᠤ ᠵᠠᠳᠠᠯᠤᠯᠲᠠ ᠬᠢᠵᠦ᠂ ᠲᠠᠷᠠᠭ᠋ᠠᠴᠢ ᠵᠢᠨ ᠱᠠᠲᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠪᠲᠤᠯᠤᠯᠲᠠ ᠬᠢᠬᠦ ᠢᠨᠵᠧᠨᠧᠷᠢᠩ᠎ᠤᠨ ᠭᠣᠤᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠵᠤ᠂ ᠲᠡᠮᠦᠷ᠎ᠤᠨ ᠬᠠᠢ᠌ᠯᠤᠰᠢ᠂ ᠰᠢᠨ᠎ᠡ ᠡᠨᠧᠷᠭᠢ᠂ ᠲᠣᠮᠣ ᠳ᠋ᠠᠢ᠌ᠲ᠋ᠠ᠂ ᠰᠢᠨ᠎ᠡ ᠮᠠᠲ᠋ᠧᠷᠢᠶᠠᠯ᠂ ᠲᠥᠮᠥᠰᠥ᠂ ᠰᠣᠶᠣᠯ ᠵᠢᠭᠤᠯᠴᠢᠯᠠᠯ ᠵᠡᠷᠭᠡ 《  ᠵᠢᠷᠭᠤᠭ᠋ᠠᠨ ᠭᠣᠤᠯᠯᠠᠬᠤ ᠠᠵᠤ ᠦᠢᠯᠡᠰ》᠎ᠲᠤ ᠰᠠᠭᠤᠷᠢᠯᠠᠵᠤ᠂ ᠴᠡᠭ ᠪᠠᠢ᠌ᠷᠢ᠎ᠪᠠᠷ ᠲᠥᠯᠥᠪᠵᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠎ᠠ᠂ ᠰᠢᠨ᠎ᠡ ᠵᠢ ᠡᠭᠦᠳᠬᠦ ᠭᠣᠤᠯ ᠴᠣᠭᠴᠠ᠂ ᠲᠠᠪᠴᠠᠩ᠎ᠤᠨ ᠪᠥᠲᠥᠭᠡᠨ ᠪᠠᠢ᠌ᠭᠤᠯᠤᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢᠯ᠎ᠢ ᠴᠢᠷᠮᠠᠢ᠌ᠨ ᠤᠯᠬᠤ᠂ ᠰᠢᠨ᠎ᠡ ᠵᠢ ᠡᠭᠦᠳᠬᠦ ᠠᠮᠢ ᠠᠬᠤᠶ ᠵᠢ ᠪᠣᠶ ᠪᠣᠯᠭ᠋ᠠᠬᠤ ᠵᠡᠷᠭᠡ ᠵᠢᠷᠭᠤᠭ᠋ᠠᠨ ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠦᠷᠭᠦᠯᠵᠢᠯᠡᠨ ᠰᠠᠢ᠌ᠲᠤᠷ ᠬᠡᠷᠡᠭᠵᠢᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
    ᠬᠤᠷᠠᠯ᠎ᠠᠴᠠ᠂ ᠨᠢᠭᠡ᠎ᠳᠤ ᠶᠡᠷᠦᠩᠬᠡᠶ ᠱᠦᠵᠢ ᠰᠢ ᠵᠢᠨ ᠫᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠲᠤᠭᠤᠰᠢᠯᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠂ ᠤᠯᠠᠭ᠋ᠠᠨᠴᠠᠪ ᠬᠣᠲᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢᠯᠡᠰ᠎ᠤᠨ ᠰᠢᠨ᠎ᠡ ᠵᠢ ᠡᠭᠦᠳᠬᠦ ᠵᠢ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠤᠯᠠᠭ᠋ᠠᠨᠴᠠᠪ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ ᠬᠡᠷᠡᠭᠲᠡᠶ ᠃ ᠬᠣᠶᠠᠷ᠎ᠲᠤ ᠵᠥᠷᠢᠶ᠎ᠡ᠎ᠪᠠᠨ ᠣᠨᠣᠪᠴᠢᠲᠠᠶ ᠡᠷᠢᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ《ᠪᠦᠰᠡᠯᠡᠯᠲᠡ ᠰᠢᠪᠲᠤᠯᠬᠤ》ᠢᠨᠵᠧᠨᠧᠷᠢᠩ᠎ᠢ ᠬᠡᠷᠡᠭᠵᠢᠭᠦᠯᠬᠦ ᠢᠲᠡᠭᠡᠯ ᠵᠣᠷᠢᠭ ᠵᠶ᠋ᠠᠨ ᠪᠠᠲᠤᠳᠬᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠪᠣᠯᠤᠨ ᠠᠵᠤ ᠦᠢᠯᠡᠰ᠎ᠤᠨ ᠰᠢᠨ᠎ᠡ ᠡᠭᠦᠳᠦᠯᠲᠡ ᠵᠢᠨ ᠭᠦᠨᠵᠡᠭᠡᠶ ᠠᠭᠤᠰᠤᠯᠴᠠᠯ᠎ᠢ ᠪᠥᠬᠥ ᠬᠦᠴᠦᠨ ᠵᠶ᠋ᠡᠷ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠬᠥᠭᠵᠢᠭᠦᠯᠬᠦ ᠬᠡᠷᠡᠭᠲᠡᠶ ᠃ ᠭᠤᠷᠪᠠ᠎ᠳᠤ ᠭᠣᠤᠯᠳᠠᠯᠭ᠎ᠠ ᠵᠢ ᠳᠣᠪᠣᠢ᠌ᠯᠭ᠋ᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ《ᠪᠦᠰᠡᠯᠡᠯᠲᠡ ᠰᠢᠪᠲᠤᠯᠬᠤ》 ᠭᠣᠤᠯ ᠰᠢᠪᠲᠤᠯᠤᠯᠲᠠ ᠵᠢᠨ ᠴᠢᠭᠯᠡᠯ᠎ᠢ ᠪᠠᠲᠤ ᠡᠵᠡᠮᠳᠡᠵᠦ᠂ ᠡᠯ᠎ᠡ ᠲᠥᠷᠥᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠤᠯᠤᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠂ ᠤᠯᠠᠭ᠋ᠠᠨᠴᠠᠪ ᠬᠣᠲᠠ᠎ᠳᠤ ᠲᠣᠭᠲᠠᠭ᠋ᠠᠭᠰᠠᠨ ᠬᠥᠭᠵᠢᠯᠲᠡ ᠵᠢᠨ ᠴᠢᠭᠯᠡᠯ᠎ᠢ ᠢᠳᠡᠪᠬᠢᠲᠡᠶ ᠣᠨᠢᠯᠠᠵᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠷᠮᠠᠢ᠌ᠨ ᠤᠯᠬᠤ ᠵᠢᠨ ᠬᠠᠮᠲᠤ᠂ ᠰᠢᠨ᠎ᠡ ᠵᠢ ᠡᠭᠦᠳᠬᠦ ᠣᠷᠣᠭᠤᠯᠤᠯᠲᠠ ᠵᠢ ᠴᠢᠬᠤᠯᠠᠴᠢᠯᠠᠬᠤ ᠵᠢᠨ ᠬᠠᠮᠲᠤ ᠨᠡᠮᠡᠭᠳᠡᠭᠦᠯᠵᠦ᠂ ᠰᠢᠨ᠎ᠡ ᠵᠢ ᠡᠭᠦᠳᠬᠦ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ; ᠬᠣᠰᠢᠭᠤ ᠰᠢᠶᠠᠨ ᠬᠣᠲᠠ ᠲᠣᠭᠣᠷᠢᠭ᠎ᠨᠢ ᠠᠵᠤ ᠦᠢᠯᠡᠰ᠎ᠤᠨ ᠬᠥᠭᠵᠢᠯᠲᠡ ᠵᠢᠨ ᠶᠠᠪᠤᠴᠠ᠎ᠳᠠᠬᠢ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ ᠪᠠ ᠳᠡᠭᠡᠳᠦ ᠱᠠᠲᠤᠨ᠎ᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠬᠢᠨᠠᠮᠠᠭ᠋ᠠᠶ ᠰᠤᠳᠤᠯᠵᠤ᠂ ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ ᠵᠢ ᠰᠠᠢ᠌ᠲᠤᠷ ᠰᠢᠢᠳᠪᠦᠷᠢᠯᠡᠬᠦ ᠬᠡᠷᠡᠭᠲᠡᠶ; ᠬᠠᠮᠢᠶ᠎ᠠ ᠪᠥᠬᠥᠶ ᠬᠣᠲᠠ ᠵᠢᠨ ᠰᠢᠭᠤᠳ ᠬᠠᠷᠢᠶ᠎ᠠ ᠰᠠᠯᠠᠭ᠎ᠠ ᠮᠥᠴᠢᠷ᠎ᠤᠳ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ᠂ ᠮᠡᠷᠭᠡᠵᠢᠯ᠎ᠤᠨ ᠵᠢᠯᠣᠭᠣᠳᠣᠯᠭ᠎ᠠ ᠬᠢᠬᠦ᠂ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ ᠵᠢ ᠴᠤᠭᠯᠠᠭᠤᠯᠬᠤ᠂ ᠰᠢᠨ᠎ᠡ ᠵᠢ ᠡᠭᠦᠳᠬᠦ ᠴᠢᠳᠠᠪᠤᠷᠢ ᠵᠢ ᠬᠥᠮᠦᠵᠢᠭᠦᠯᠬᠦ᠂ ᠰᠢᠨ᠎ᠡ ᠵᠢ ᠡᠭᠦᠳᠬᠦ ᠡᠬᠢ ᠪᠠᠶᠠᠯᠢᠭ᠎ᠢ ᠵᠣᠯᠭ᠋ᠠᠭᠤᠯᠬᠤ ᠵᠡᠷᠭᠡ ᠠᠵᠢᠯ᠎ᠢ ᠰᠠᠢ᠌ᠲᠤᠷ ᠬᠢᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠤᠳᠤᠷᠢᠳᠬᠤ ᠳᠤᠭᠤᠢ᠌ᠯᠠᠩ᠎ᠤᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ᠎ᠢ ᠰᠠᠢ᠌ᠲᠤᠷ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠪᠲᠤᠯᠤᠯᠲᠠ᠎ᠳᠤ ᠨᠠᠩ ᠣᠯᠠᠨ ᠦᠷ᠎ᠡ ᠪᠦᠲᠦᠭᠡᠯ ᠤᠯᠬᠤ ᠬᠡᠷᠡᠭᠲᠡᠶ᠃ ᠳᠥᠷᠪᠡ᠎ᠳᠤ᠂ ᠬᠠᠮᠲᠤᠷᠠᠯ ᠬᠦᠴᠦᠨ᠎ᠢ ᠨᠢᠭᠲᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》᠎ᠳᠤ ᠦᠨᠡᠨ ᠬᠦ᠌ ᠪᠠᠲᠤ ᠴᠢᠩᠭ᠎ᠠ ᠪᠠᠲᠤᠯᠠᠭ᠎ᠠ ᠬᠠᠩᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠮᠢ ᠠᠬᠤᠶ ᠵᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠦᠷ᠎ᠡ ᠪᠦᠲᠦᠭᠡᠯ᠎ᠢ ᠰᠢᠯᠵᠢᠭᠦᠯᠦᠨ ᠣᠨᠳᠣᠤᠰᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠰᠢᠶᠠᠨ᠎ᠤ ᠬᠡᠪᠴᠢᠶᠡᠨ᠎ᠤ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠢ᠌ᠲᠤᠷ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠤᠬᠠᠭᠤᠯᠭ᠎ᠠ ᠵᠢᠨ ᠰᠣᠯᠢᠯᠴᠠᠭ᠎ᠠ ᠵᠢ ᠪᠦᠲᠦᠮᠵᠢᠲᠡᠶ ᠠᠬᠢᠭᠤᠯᠵᠤ᠂ ᠡᠭᠦᠨ᠎ᠤ ᠤᠯᠠᠮ ᠵᠶ᠋ᠠᠷ ᠲᠣᠰ ᠵᠢᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠢᠨᠵᠧᠨᠧᠷᠢᠩ᠎ᠤᠨ ᠨᠠᠩ ᠶᠡᠬᠡ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
     ᠬᠤᠷᠠᠯ ᠳᠡᠭᠡᠷ᠎ᠡ᠂ ᠬᠤᠳᠠ ᠵᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠣᠪᠴᠢᠢ᠎ᠠ᠂ ᠬᠤᠳᠠ ᠵᠢᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠢ᠎ᠠ᠂ ᠹᠸᠩᠵᠸᠨ ᠬᠤᠳᠠ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤ᠂ ᠱᠠᠩᠳᠤ ᠰᠢᠶᠠᠨ᠂ ᠴᠠᠬᠠᠷ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠂ ᠬᠤᠳᠠ ᠵᠢᠨ ᠲᠠᠷᠢᠶᠠᠯᠠᠩ ᠤᠢ ᠰᠢᠭᠤᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠵᠢᠴᠢ ᠬᠣᠯᠪᠣᠭᠳᠠᠯ ᠪᠦᠬᠦᠢ ᠭᠣᠣᠯᠳᠠᠯᠭ᠎ᠠ᠎ᠲᠠᠢ ᠪᠦᠰᠡᠯᠡᠯᠲᠡ ᠵᠢ ᠰᠢᠪᠲᠤᠯᠬᠤ ᠬᠦᠷᠢᠶᠡᠨ᠎ᠤ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠨᠡᠢ᠌ᠲᠡᠯᠢᠭ ᠶᠠᠷᠢᠶ᠎ᠠ ᠲᠠᠯᠪᠢᠪᠠ᠃
    ᠤᠯᠠᠭ᠋ᠠᠨᠴᠠᠪ ᠬᠣᠲᠠ ᠵᠢᠨ ᠰᠢᠭᠤᠳ ᠬᠠᠷᠢᠶ᠎ᠠ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ; ᠡᠯ᠎ᠡ ᠬᠣᠰᠢᠭᠤ ᠰᠢᠶᠠᠨ ᠬᠣᠲᠠ ᠲᠣᠭᠣᠷᠢᠭ᠂ ᠴᠠᠬᠠᠷ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠢ ᠬᠤᠪᠢᠳᠠᠨ ᠬᠠᠮᠢᠶᠠᠷᠴᠤ ᠪᠠᠢᠭ᠎ᠠ ᠬᠠᠷᠢᠭᠤᠴᠠᠯᠭ᠋ᠠᠲᠠᠨ ᠨᠥᠬᠥᠳ; ᠭᠣᠣᠯᠳᠠᠯᠭ᠎ᠠ᠎ᠲᠠᠢ ᠰᠢᠪᠲᠤᠯᠤᠯᠲᠠ ᠬᠢᠬᠦ ᠬᠦᠷᠢᠶᠡᠨ᠎ᠤ ᠠᠵᠤ ᠠᠬᠤᠢ᠌ᠯᠠᠯ᠎ᠤᠨ ᠲᠥᠯᠥᠭᠡᠯᠡᠭᠴᠢ ᠬᠤᠷᠠᠯ᠎ᠳᠤ ᠣᠷᠣᠯᠴᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            
Baidu
map