ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠤᠨ ᠬᠤᠷᠠᠯᠳᠤᠭ᠋ᠠᠨ ᠪᠡᠭᠡᠵᠢᠩ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2022-12-31


     2022 ᠣᠨ᠎ᠤ 12 ᠰᠠᠷ᠎ᠠ ᠵᠢᠨ 30᠎ᠤ ᠡᠳᠦᠷ᠂ ᠨᠠᠮ᠎ᠤᠨ ᠲᠥᠪ ᠬᠣᠷᠢᠢ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠥᠪᠰᠢᠶᠡᠷᠡᠯ ᠵᠶ᠋ᠡᠷ᠂ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠤᠨ ᠬᠤᠷᠠᠯ ᠪᠡᠭᠡᠵᠢᠩ᠎ᠳᠤ ᠸᠢᠳᠢᠣ᠋ ᠬᠡᠯᠪᠡᠷᠢ᠎ᠪᠠᠷ ᠬᠤᠷᠠᠯᠳᠤᠪᠠ᠃ ᠬᠤᠷᠠᠯ᠎ᠠᠴᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ 2022 ᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠪᠣᠯᠤᠨ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠲᠡᠦᠬᠡᠲᠦ ᠴᠢᠨᠠᠷᠲᠠᠢ ᠠᠮᠵᠢᠯᠲᠠ ᠪᠣᠯᠤᠨ ᠡᠷᠬᠢᠮ ᠨᠠᠨᠳᠢᠨ ᠲᠤᠷᠰᠢᠯᠭ᠎ᠠ ᠵᠢ ᠡᠷᠭᠢᠴᠡᠭᠦᠯᠦᠨ ᠳ᠋ᠦᠩᠨᠡᠵᠦ᠂ ᠲᠤᠯᠭ᠋ᠠᠷᠠᠵᠤ ᠪᠠᠢ᠌ᠭ᠎ᠠ ᠪᠠᠢ᠌ᠳᠠᠯ ᠪᠣᠯᠤᠨ ᠥᠷᠢᠰᠥᠯᠳᠦᠭᠡᠨ᠎ᠢ ᠵᠠᠳᠠᠯᠵᠤ᠂ 2023 ᠣᠨ᠎ᠤ ᠭᠣᠣᠯᠳᠠᠯᠭ᠎ᠠ᠎ᠲᠠᠢ ᠡᠭᠦᠷᠭᠡ ᠵᠢ ᠪᠠᠢ᠌ᠷᠢᠯᠠᠭᠤᠯᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠰᠠᠢ᠌ᠳ ᠸᠠᠩ ᡁᠢ ᠭᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠳᠤᠷᠢᠳᠬᠤ ᠨᠥᠬᠥᠳ᠎ᠤᠨ ᠴᠢᠬᠤᠯᠠ ᠴᠣᠬᠣᠯᠠᠪᠤᠷᠢ ᠵᠢ ᠤᠯᠠᠮᠵᠢᠯᠠᠭᠰᠠᠨ ᠪᠥᠭᠡᠳ ᠠᠵᠢᠯ᠎ᠤᠨ ᠮᠡᠳᠡᠭᠦᠯᠦᠯᠲᠡ ᠬᠢᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠳᠡᠳ᠋ ᠰᠠᠢ᠌ᠳ ᠵᠠᠩ ᠢᠦ᠋ᠢ ᠳ᠋ᠦᠩ ᠬᠤᠷᠠᠯ᠎ᠢ ᠡᠷᠬᠢᠯᠡᠪᠡ᠃



    ᠬᠤᠷᠠᠯ᠎ᠠᠴᠠ᠂ 2022 ᠣᠨ᠎ᠳᠤ ᠪᠥᠬᠥ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠪᠣᠯᠤᠨ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠨᠳᠥᠷ ᠲᠦᠪᠰᠢᠨ ᠪᠥᠬᠥᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠳᠬᠡᠨ ᠪᠡᠶᠡᠯᠡᠭᠦᠯᠬᠦ᠎ᠪᠠᠷ ᠬᠠᠷᠠᠯᠲᠠ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠯᠠᠪᠳᠠᠭᠤᠨ ᠪᠠᠲᠤᠲᠠᠶ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠯᠥᠪᠵᠢᠭᠦᠯᠭᠡ ᠵᠢ ᠭᠦᠨᠵᠡᠭᠡᠶ ᠬᠡᠷᠡᠭᠵᠢᠭᠦᠯᠵᠦ᠂ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠷᠢᠯᠠᠭᠤᠯᠤᠭᠰᠠᠨ ᠡᠯ᠎ᠡ ᠵᠦᠢᠯ᠎ᠤᠨ ᠠᠵᠢᠯ᠎ᠢ ᠪᠡᠶᠡᠯᠡᠭᠦᠯᠪᠡ  ᠃ ᠭᠣᠣᠯᠳᠠᠯᠭ᠎ᠠ᠎ᠲᠠᠢ ᠬᠦᠷᠢᠶᠡᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠣᠭᠣᠮᠲᠠ ᠰᠢᠪᠲᠤᠯᠤᠯᠲᠠ ᠵᠢ ᠲᠦᠷᠭᠡᠳᠬᠡᠨ ᠠᠬᠢᠭᠤᠯᠵᠤ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠳᠤ ᠰᠢᠪᠲᠤᠯᠤᠯᠲᠠ ᠭᠠᠷᠭ᠋ᠠᠵᠤ᠂ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ 79 ᠲᠤᠰᠬᠠᠢ ᠲᠦᠷᠦᠯ᠎ᠢ ᠪᠦᠬᠦ ᠲᠠᠯ᠎ᠠ᠎ᠪᠠᠷ ᠥᠷᠨᠢᠭᠦᠯᠵᠦ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ》᠎ᠤ 212 ᠵᠦᠢ᠍ᠯ᠎ᠤᠨ ᠮᠡᠷᠭᠡᠵᠢᠯ᠎ᠢ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠨᠠᠢ᠌ᠳᠠᠪᠤᠷᠢᠵᠢᠭᠤᠯᠤᠨ ᠬᠡᠷᠡᠭᠯᠡᠵᠦ᠂ ᠸᠠᠺᠼᠢᠨ᠂ ᠡᠮ ᠵᠡᠷᠭᠡ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠣᠭᠣᠮᠲᠠ ᠰᠢᠪᠲᠤᠯᠬᠤ ᠦᠷ᠎ᠡ ᠪᠦᠲᠦᠭᠡᠯ᠎ᠨᠢ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠦ ᠵᠢ ᠬᠦᠴᠦᠲᠡᠢ ᠪᠠᠲᠤᠯᠠᠪᠠ  ᠃ ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ᠎ᠢ ᠴᠢᠩᠭ᠋ᠠᠷᠠᠭᠤᠯᠵᠤ᠂ ᠤᠯᠤᠰ᠎ᠤᠨ ᠲᠤᠷᠰᠢᠯᠲᠠ ᠵᠢᠨ ᠲᠠᠰᠤᠭ᠎ᠤᠨ ᠪᠦᠲᠦᠭᠡᠨ ᠪᠠᠢ᠌ᠭᠤᠯᠤᠯᠲᠠ᠂ ᠪᠦᠬᠦ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠳᠠᠬᠢᠨ ᠵᠣᠬᠢᠶᠠᠨ ᠪᠠᠢ᠌ᠭᠤᠯᠬᠤ ᠵᠢ ᠲᠦᠷᠭᠡᠪᠴᠢᠯᠡᠨ ᠠᠬᠢᠭᠤᠯᠵᠤ᠂ ᠰᠠᠭᠤᠷᠢ ᠰᠢᠨᠵᠢᠯᠡᠭᠡᠨ᠎ᠤ ᠰᠤᠳᠤᠯᠭ᠋ᠠᠨ᠎ᠤ ᠲᠥᠪ᠎ᠢ ᠡᠬᠢᠯᠡᠨ ᠪᠠᠢ᠌ᠭᠤᠯᠤᠨ᠎ᠠ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠠᠵᠤ ᠠᠬᠤᠶ ᠵᠢ ᠲᠣᠭᠲᠠᠭᠤᠨ ᠪᠠᠢ᠌ᠯᠭ᠋ᠠᠬᠤ ᠦᠢᠯᠡᠳᠦᠯ᠎ᠢ ᠪᠠᠳᠠᠷᠠᠭᠤᠯᠵᠤ᠂ ᠠᠵᠤ ᠠᠬᠤᠢ᠌ᠯᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠥᠷᠨᠢᠭᠦᠯᠦᠨ᠂ ᠢᠷᠡᠭᠡᠳᠦᠶ ᠵᠢᠨ ᠠᠵᠤ ᠦᠢᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ᠎ᠢ ᠲᠤᠷᠰᠢᠨ ᠪᠠᠢ᠌ᠭᠤᠯᠤᠨ᠎ᠠ  ᠃ ᠠᠷᠠᠳ᠎ᠤᠨ ᠪᠠᠩᠬᠢ᠎ᠲᠠᠢ ᠬᠠᠮᠲᠤᠷᠠᠨ 4000 ᠳ᠋ᠦᠩᠰᠢᠭᠤᠷ ᠲᠥᠭᠥᠷᠢᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠳᠠᠬᠢᠨ ᠵᠢᠭᠡᠯᠡᠯᠭᠡ ᠭᠠᠷᠭ᠋ᠠᠪᠠ  ᠃ ᠣᠷᠣᠨ ᠪᠦᠰᠡ ᠵᠢᠨ ᠰᠢᠨ᠎ᠡ ᠵᠢ ᠡᠭᠦᠳᠬᠦ ᠥᠨᠳᠥᠷᠯᠢᠭ ᠭᠠᠵᠠᠷ᠂ ᠪᠡᠭᠡᠵᠢᠩ᠂ ᠱᠠᠩᠬᠠᠢ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠤᠮᠤ ᠪᠤᠯᠤᠩ᠎ᠤᠨ ᠣᠷᠣᠨ᠎ᠤ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷᠢᠰᠦᠯᠳᠦᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢ ᠲᠦᠷᠭᠡᠳᠬᠡᠵᠦ᠂ ᠴᠧᠩᠳᠦ᠋ ᠴᠦᠩᠴᠢᠩ᠂ ᠦᠬᠠᠨ᠎ᠤ ᠪᠦᠬᠦ ᠤᠯᠤᠰ᠎ᠲᠤ ᠨᠥᠯᠥᠭᠡᠯᠡᠬᠦ ᠬᠦᠴᠦᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠪᠠᠢ᠌ᠭᠤᠯᠬᠤ ᠵᠢ ᠳᠡᠮᠵᠢᠵᠦ᠂ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠣᠷᠣᠨ᠂ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ 8 ᠣᠷᠣᠨ᠂ ᠤᠯᠤᠰ᠎ᠤᠨ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠤᠨ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ ᠪᠠ 25 ᠰᠢᠨ᠎ᠡ ᠵᠢ ᠡᠭᠦᠳᠬᠦ ᠬᠡᠯᠪᠡᠷᠢ ᠵᠢᠨ ᠬᠤᠳᠠ ᠵᠢ ᠰᠢᠨ᠎ᠡ᠎ᠪᠠᠷ ᠪᠠᠢ᠌ᠭᠤᠯᠪᠠ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠬᠠᠤᠯᠢ ᠵᠢ ᠬᠡᠷᠡᠭᠵᠢᠭᠦᠯᠦᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠬᠤ ᠪᠠ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠥᠭᠡᠷᠡᠴᠢᠯᠡᠯᠲᠡ ᠵᠢᠨ ᠲᠤᠷᠰᠢᠯᠲᠠ ᠵᠢ ᠥᠷᠨᠢᠭᠦᠯᠦᠨ᠎ᠡ  ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠲᠦᠷᠭᠡᠳᠬᠡᠵᠦ᠂ ᠳᠡᠭᠡᠳᠦ ᠲᠡᠰ᠎ᠤᠨ ᠴᠢᠳᠠᠪᠤᠷᠢᠲᠠᠨ᠎ᠤ ᠲᠦᠷᠦᠯ ᠵᠦᠢ᠍ᠯ᠎ᠢ ᠰᠢᠯᠢᠳᠡᠭᠵᠢᠭᠦᠯᠵᠦ᠂ ᠵᠠᠯᠠᠭᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠳᠠᠷᠤᠭ᠋ᠠᠰᠤ ᠵᠢ ᠬᠥᠩᠭᠡᠷᠡᠭᠦᠯᠬᠦ ᠲᠤᠰᠬᠠᠢ ᠠᠵᠢᠯᠯᠠᠭ᠎ᠠ ᠥᠷᠨᠢᠭᠦᠯᠵᠦ᠂ 400 ᠭᠠᠷᠤᠢ ᠵᠠᠯᠠᠭᠤ ᠰᠢᠨᠵᠢᠯᠡᠬᠦ ᠤᠬᠠᠭ᠋ᠠᠨᠲᠠᠨ᠎ᠤ ᠲᠦᠷᠦᠯ ᠵᠦᠢ᠍ᠯ᠎ᠢ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ᠎ᠪᠠᠷ ᠲᠥᠯᠥᠪᠯᠡᠪᠡ  ᠃ ᠭᠠᠳᠠᠭ᠋ᠠᠳᠤ ᠵᠢᠨ ᠲᠤᠰᠬᠠᠶ ᠮᠡᠷᠭᠡᠵᠢᠯᠲᠡᠨ᠎ᠤ ᠠᠵᠢᠯ᠎ᠢ ᠴᠢᠩᠭ᠋ᠠᠳᠬᠠᠵᠤ᠂ ᠭᠠᠳᠠᠭ᠋ᠠᠳᠤ ᠵᠢᠨ ᠴᠢᠳᠠᠪᠤᠷᠢᠲᠠᠨ᠎ᠤ ᠳᠤᠮᠳᠠᠳᠤ ᠤᠯᠤᠰ᠎ᠲᠤ ᠢᠷᠡᠵᠦ ᠠᠵᠢᠯᠯᠠᠵᠤ ᠠᠮᠢᠳᠤᠷᠠᠬᠤ᠎ᠳᠤ ᠲᠦᠬᠦᠮ ᠦᠵᠡᠭᠦᠯᠬᠦ ᠲᠦᠷᠢᠮ᠎ᠢ ᠰᠢᠯᠢᠳᠡᠭᠵᠢᠭᠦᠯᠵᠦ᠂ ᠪᠦᠬᠦ ᠤᠯᠤᠰ᠎ᠤᠨ ᠭᠠᠳᠠᠭ᠋ᠠᠳᠤ ᠵᠢᠨ ᠲᠤᠰᠬᠠᠶ ᠮᠡᠷᠭᠡᠵᠢᠯᠲᠡᠨ᠎ᠤ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠤᠯᠠᠨ ᠤᠯᠤᠰ᠎ᠤᠨ ᠴᠢᠳᠠᠪᠤᠷᠢᠲᠠᠨ᠎ᠤ ᠰᠣᠯᠢᠯᠴᠠᠭ᠋ᠠᠨ᠎ᠤ ᠶᠡᠬᠡ ᠬᠤᠷᠠᠯ᠎ᠢ ᠡᠷᠬᠢᠯᠡᠨ᠎ᠡ  ᠃ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠢ ᠠᠬᠢᠭᠤᠯᠵᠤ᠂ 40 ᠭᠠᠷᠤᠢ ᠰᠠᠯᠠᠭ᠎ᠠ ᠮᠥᠴᠢᠷ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠢ ᠬᠠᠮᠲᠤ᠎ᠪᠠᠷ ᠠᠬᠢᠭᠤᠯᠬᠤ ᠲᠣᠭᠲᠠᠴᠠ ᠵᠢ ᠪᠠᠢ᠌ᠭᠤᠯᠵᠤ᠂ ᠰᠢᠨ᠎ᠡ ᠴᠠᠭ ᠦᠶ᠎ᠡ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠢ ᠴᠢᠩᠭ᠋ᠠᠳᠬᠠᠬᠤ ᠲᠤᠬᠠᠢ ᠰᠠᠨᠠᠯ᠎ᠢ ᠳᠠᠷᠤᠮᠠᠯᠯᠠᠨ ᠲᠠᠷᠬᠠᠭ᠋ᠠᠪᠠ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠰᠢ ᠶᠣᠰᠣᠨ᠎ᠤ ᠵᠠᠰᠠᠯᠲᠠ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠰᠢ ᠶᠣᠰᠣᠨ᠎ᠤ ᠵᠠᠰᠠᠯᠲᠠ ᠵᠢ ᠴᠢᠩᠭ᠋ᠠᠳᠬᠠᠬᠤ ᠰᠠᠨᠠᠯ᠎ᠢ ᠳᠠᠷᠤᠮᠠᠯᠯᠠᠨ ᠲᠠᠷᠬᠠᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠰᠢ ᠶᠣᠰᠣᠨ᠎ᠤ ᠬᠢᠨᠠᠨ ᠪᠠᠢ᠌ᠴᠠᠭ᠋ᠠᠬᠤ ᠠᠷᠭ᠎ᠠ ᠵᠢ ᠲᠣᠭᠲᠠᠭ᠋ᠠᠪᠠ  ᠃ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠵᠢ ᠢᠳᠡᠪᠬᠢᠲᠡᠢ ᠥᠷᠭᠡᠳᠬᠡᠵᠦ᠂ ᠬᠠᠮᠲᠤᠷᠠᠯᠴᠠᠭ᠋ᠠᠨ᠎ᠤ 32 ᠵᠦᠢ᠍ᠯ᠎ᠤᠨ ᠦᠷ᠎ᠡ ᠪᠦᠲᠦᠭᠡᠯ ᠵᠶ᠋ᠡᠷ ᠤᠯᠤᠰ᠎ᠤᠨ ᠲᠡᠷᠢᠭᠦᠨ᠎ᠤ ᠭᠠᠳᠠᠭ᠋ᠠᠳᠤ ᠬᠠᠷᠢᠯᠴᠠᠭ᠎ᠠ ᠵᠢ ᠲᠤᠯᠭ᠋ᠠᠭᠤᠷᠢᠯᠠᠬᠤ ᠵᠡᠷᠭᠡ ᠴᠢᠬᠤᠯᠠ ᠶᠡᠬᠡ ᠠᠵᠢᠯᠯᠠᠭ᠎ᠠ ᠵᠢ ᠥᠷᠨᠢᠭᠦᠯᠵᠦ᠂ ᠵᠠᠰᠠᠭ᠎ᠤᠨ ᠣᠷᠳᠣᠨ᠎ᠤ ᠬᠣᠭᠣᠷᠣᠨᠳᠣᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ 48 ᠬᠣᠯᠪᠣᠭ᠋ᠠᠲᠤ ᠵᠥᠪᠯᠡᠯ᠎ᠢ ᠡᠷᠬᠢᠯᠡᠵᠦ᠂ 《ᠭᠦᠨ ᠴᠠᠭ᠎ᠤᠨ ᠲᠣᠭ᠋ᠠᠴᠢᠯᠠᠭᠰᠠᠨ ᠳᠡᠯᠡᠬᠡᠢ ᠵᠢᠨ ᠪᠥᠮᠪᠥᠷᠴᠡᠭ》᠂ 《ᠳᠠᠯᠠᠢ ᠲᠠᠩᠭᠢᠰ᠎ᠤᠨ ᠰᠥᠭᠡᠷᠭᠦ ᠭᠠᠳᠠᠭᠰᠢᠯᠠᠭᠤᠯᠤᠯᠲᠠ》 ᠵᠡᠷᠭᠡ ᠤᠯᠠᠨ ᠤᠯᠤᠰ᠎ᠤᠨ ᠬᠠᠮ ᠰᠢᠨᠵᠢᠯᠡᠬᠦ ᠤᠬᠠᠭ᠋ᠠᠨ᠎ᠤ ᠲᠥᠯᠥᠪᠯᠡᠭᠡ ᠪᠠ ᠬᠠᠮ ᠰᠢᠨᠵᠢᠯᠡᠬᠦ ᠤᠬᠠᠭ᠋ᠠᠨ᠎ᠤ ᠢᠨᠵᠧᠨᠧᠷᠢᠩ᠎ᠢ ᠢᠳᠡᠪᠬᠢᠲᠡᠢ ᠰᠠᠨᠠᠭ᠋ᠠᠴᠢᠯᠠᠵᠤ᠂ ᠳᠤᠮᠳᠠᠳᠤ ᠠᠮᠧᠷᠢᠺᠠ᠂ ᠳᠤᠮᠳᠠᠳᠤ ᠧᠦ᠋ᠷᠣᠫᠠ᠂ ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠣᠭ᠎ᠠ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠵᠢ ᠥᠷᠭᠡᠳᠬᠡᠨ ᠠᠬᠢᠭᠤᠯᠪᠠ  ᠃
      ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢᠬᠢ ᠠᠷᠪᠠᠨ ᠵᠢᠯ ᠪᠣᠯ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠰ ᠲᠤᠢ᠌ᠯ᠎ᠤᠨ ᠶᠡᠷᠦ ᠪᠤᠰᠤ ᠵᠢᠨ᠂ ᠲᠤᠢ᠌ᠯ᠎ᠤᠨ ᠶᠡᠷᠦ ᠪᠤᠰᠤ ᠵᠢᠨ ᠠᠷᠪᠠᠨ ᠵᠢᠯ ᠮᠥᠨ  ᠃ ᠰᠢ ᠵᠢᠨ ᠫᠢᠩ ᠨᠥᠬᠥᠷ ᠵᠶ᠋ᠡᠷ ᠭᠣᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠰ ᠲᠡᠦᠬᠡᠲᠦ ᠴᠢᠨᠠᠷᠲᠠᠢ ᠪᠣᠯᠪᠠ᠂ ᠪᠦᠬᠦᠯᠢ ᠴᠣᠭᠴᠠᠲᠤ ᠴᠢᠨᠠᠷ᠂ ᠪᠠᠢ᠌ᠷᠢᠰᠢᠯ᠎ᠤᠨ ᠴᠢᠨᠠᠷᠲᠠᠶ ᠴᠢᠬᠤᠯᠠ ᠶᠡᠬᠡ ᠬᠤᠪᠢᠷᠠᠯᠲᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠳᠠᠲᠤ ᠬᠦᠴᠦᠨ ᠰᠢᠨ᠎ᠡ ᠶᠡᠬᠡ ᠳᠡᠭᠲᠡᠷ᠎ᠲᠤ ᠭᠠᠷᠪᠠ᠂ ᠪᠦᠬᠦ ᠨᠡᠢ᠌ᠭᠡᠮ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠵᠠᠷᠤᠯᠭ᠎ᠠ 1 ᠲᠦᠮᠡᠨ ᠳ᠋ᠦᠩᠰᠢᠭᠤᠷ ᠲᠥᠭᠥᠷᠢᠭ ᠪᠠᠢ᠌ᠭᠰᠠᠨ᠎ᠠᠴᠠ᠎ᠪᠠᠨ 2 . 8 ᠲᠦᠮᠡᠨ ᠳ᠋ᠦᠩᠰᠢᠭᠤᠷ ᠲᠥᠭᠥᠷᠢᠭ ᠪᠣᠯᠲᠠᠯ᠎ᠠ ᠨᠡᠮᠡᠭᠳᠡᠪᠡ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠡᠷᠴᠢᠮ 1 . 91 % ᠪᠠᠢ᠌ᠭᠰᠠᠨ᠎ᠠᠴᠠ᠎ᠪᠠᠨ 2 . 44 % ᠪᠣᠯᠵᠣ ᠳᠡᠭᠡᠭᠰᠢᠯᠡᠪᠡ᠂ ᠮᠠᠨ᠎ᠤ ᠤᠯᠤᠰ᠎ᠤᠨ ᠪᠦᠬᠦ ᠪᠥᠮᠪᠥᠷᠴᠡᠭ᠎ᠤᠨ ᠰᠢᠨ᠎ᠡ ᠵᠢ ᠡᠭᠦᠳᠬᠦ ᠵᠢᠭ᠋ᠠᠯᠲᠠ ᠲᠣᠭ᠎ᠠ ᠵᠢᠨ ᠳᠣᠲᠣᠷᠠᠬᠢ ᠨᠡᠷᠡᠰ᠎ᠤᠨ ᠵᠢᠭᠰᠠᠭ᠋ᠠᠯᠲᠠ 34 ᠳ᠋ᠦ᠍ᠭᠡᠷ᠎ᠲᠤ ᠣᠷᠣᠵᠤ ᠪᠠᠢ᠌ᠭᠰᠠᠨ᠎ᠠᠴᠠ᠎ᠪᠠᠨ 11 ᠳ᠋ᠦ᠍ᠭᠡᠷ᠎ᠲᠤ ᠣᠷᠣᠪᠠ᠂ ᠰᠢᠨ᠎ᠡ ᠵᠢ ᠡᠭᠦᠳᠬᠦ ᠮᠠᠶᠢᠭ᠎ᠤᠨ ᠤᠯᠤᠰ᠎ᠤᠨ ᠡᠩᠨᠡᠭᠡᠨ᠎ᠳᠤ ᠣᠷᠣᠬᠤ᠂ ᠴᠢᠳᠠᠪᠤᠷᠢᠲᠠᠨ ᠬᠦᠴᠦᠷᠬᠡᠭ᠎ᠠᠴᠠ ᠭᠠᠷᠴᠤ ᠢᠷᠡᠪᠡ᠂ ᠰᠢᠨᠵᠢᠯᠡᠬᠦ ᠤᠬᠠᠭ᠋ᠠᠨ ᠮᠡᠷᠭᠡᠵᠢᠯ ᠠᠵᠤ ᠦᠢᠯᠡᠰ ᠬᠦᠴᠦᠷᠬᠡᠭ ᠪᠣᠯᠤᠨ᠎ᠠ᠂ ᠠᠵᠤ ᠠᠬᠤᠶ ᠬᠦᠴᠦᠷᠬᠡᠭ᠂ ᠤᠯᠤᠰ ᠬᠦᠴᠦᠷᠬᠡᠭᠵᠢᠭᠰᠡᠨ ᠰᠢᠨ᠎ᠡ ᠵᠢ ᠡᠭᠦᠳᠬᠦ ᠬᠥᠭᠵᠢᠯᠲᠡ ᠵᠢᠨ ᠰᠢᠨ᠎ᠡ ᠵᠠᠮ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ᠎ᠳᠤ ᠭᠠᠷᠮᠠᠭ᠋ᠠᠶ ᠬᠤᠪᠢ ᠨᠡᠮᠡᠷᠢ ᠦᠵᠡᠭᠦᠯᠪᠡ᠂ ᠮᠠᠨ᠎ᠤ ᠤᠯᠤᠰ᠎ᠤᠨ ᠠᠵᠤ ᠠᠬᠤᠶ ᠵᠢᠨ ᠲᠦᠷᠭᠡᠨ ᠬᠥᠭᠵᠢᠯᠲᠡ ᠪᠣᠯᠤᠨ ᠨᠡᠢ᠌ᠭᠡᠮ᠎ᠤᠨ ᠤᠷᠲᠤ ᠬᠤᠭᠤᠴᠠᠭ᠋ᠠᠨ᠎ᠤ ᠲᠣᠭᠲᠠᠭᠤᠨ ᠬᠣᠶᠠᠷ ᠶᠡᠬᠡ ᠭᠠᠢ᠌ᠬᠠᠮᠰᠢᠭ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠪᠠᠲᠤ ᠰᠠᠭᠤᠷᠢ ᠲᠠᠯᠪᠢᠵᠠᠶ  ᠃ ᠨᠢᠭᠡ᠎ᠳᠤ 《ᠳᠦᠷᠪᠡ᠎ᠳᠤ ᠬᠠᠨᠳᠤᠭᠤᠯᠬᠤ》 ᠰᠢᠰᠲ᠋ᠧᠮ᠎ᠤᠨ ᠪᠠᠢ᠌ᠷᠢᠯᠠᠭᠤᠯᠤᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠣᠭᠣᠮᠲᠠ ᠰᠢᠪᠲᠤᠯᠬᠤ ᠵᠢ ᠪᠠᠷᠢᠮᠲᠠᠯᠠᠵᠤ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠳᠠᠲᠤ ᠬᠦᠴᠦᠨ᠎ᠤ ᠳᠡᠯᠡᠬᠡᠢ᠎ᠳᠠᠬᠢ ᠪᠠᠢ᠌ᠷᠢ ᠰᠠᠭᠤᠷᠢ ᠶᠡᠬᠡ᠎ᠪᠠᠷ ᠳᠡᠭᠡᠭᠰᠢᠯᠡᠪᠡ  ᠃ ᠦᠵᠦ ᠲᠥᠯᠥᠪᠯᠡᠭᠡ ᠪᠠ ᠪᠦᠬᠦᠯᠢ ᠴᠣᠭᠴᠠ᠎ᠪᠠᠷ ᠠᠬᠢᠭᠤᠯᠬᠤ ᠵᠢ ᠴᠢᠩᠭ᠋ᠠᠳᠬᠠᠵᠤ᠂ ᠤᠯᠤᠰ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠤᠳᠤᠯᠭ᠎ᠠ ᠵᠢᠨ ᠬᠥᠲᠥᠯᠪᠦᠷᠢ᠂ ᠤᠯᠤᠰ᠎ᠤᠨ ᠤᠷᠲᠤᠪᠲᠤᠷ ᠪᠠ ᠤᠷᠳᠤ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠲᠥᠯᠥᠪᠵᠢᠭᠦᠯᠭᠡ᠂ ᠲᠠᠪᠤᠨ ᠵᠢᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠯᠥᠪᠵᠢᠭᠦᠯᠭᠡ ᠵᠢᠴᠢ ᠰᠢᠨ᠎ᠡ ᠨᠢᠭᠡ ᠦᠶ᠎ᠡ ᠵᠢᠨ ᠵᠣᠬᠢᠶᠠᠮᠠᠯ ᠤᠶᠤᠨ ᠴᠢᠳᠠᠪᠤᠷᠢ ᠵᠡᠷᠭᠡ ᠲᠤᠰᠬᠠᠢ ᠲᠥᠯᠥᠪᠵᠢᠭᠦᠯᠭᠡ ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠢ ᠵᠦᠢ᠍ᠯᠡᠰ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ 2030 ᠴᠢᠬᠤᠯᠠ ᠶᠡᠬᠡ ᠵᠦᠢ᠍ᠯᠡᠰ᠎ᠢ ᠬᠡᠷᠡᠭᠵᠢᠭᠦᠯᠵᠦ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠥᠷᠨᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠷᠢ ᠬᠡᠮᠵᠢᠶᠡᠨ᠎ᠤ ᠲᠠᠪᠠᠯᠳᠠᠳᠤ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠤᠨ᠎ᠠ  ᠃ ᠰᠠᠭᠤᠷᠢ ᠰᠤᠳᠤᠯᠭ᠋ᠠᠨ᠎ᠤ ᠪᠠᠯᠠ ᠣᠷᠣᠭᠤᠯᠤᠯᠲᠠ ᠵᠢ 2012 ᠣᠨ᠎ᠳᠤ 499 ᠳ᠋ᠦᠩᠰᠢᠭᠤᠷ ᠲᠥᠭᠥᠷᠢᠭ ᠪᠠᠢ᠌ᠭᠰᠠᠨ᠎ᠠᠴᠠ 2021 ᠣᠨ᠎ᠳᠤ 1817 ᠳ᠋ᠦᠩᠰᠢᠭᠤᠷ ᠲᠥᠭᠥᠷᠢᠭ ᠪᠣᠯᠭ᠋ᠠᠨ ᠳᠡᠭᠡᠭᠰᠢᠯᠡᠭᠦᠯᠵᠦ᠂ ᠪᠥᠬᠥ ᠨᠡᠢ᠌ᠭᠡᠮ᠎ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ᠎ᠳᠤ ᠡᠵᠡᠯᠡᠬᠦ ᠬᠠᠷᠢᠴᠠᠯ᠎ᠢ 4 . 8 % ᠪᠠᠢ᠌ᠭᠰᠠᠨ᠎ᠠᠴᠠ 6 . 5 % ᠪᠣᠯᠭ᠋ᠠᠨ ᠳᠡᠭᠡᠭᠰᠢᠯᠡᠭᠦᠯᠪᠡ  ᠃ ᠺᠸᠠᠨ᠋ᠲ᠎ᠤᠨ ᠮᠡᠳᠡᠭᠡ ᠵᠠᠩᠭᠢ᠂ ᠭᠣᠣᠯ ᠡᠰ᠂ ᠲᠠᠷᠢᠬᠢᠨ᠎ᠤ ᠰᠢᠨᠵᠢᠯᠡᠬᠦ ᠤᠬᠠᠭ᠋ᠠᠨ᠂ ᠲᠠᠷᠢᠬᠢᠨ᠎ᠤ ᠲᠦᠷᠦᠯ᠎ᠤᠨ ᠴᠢᠫ ᠵᠡᠷᠭᠡ ᠬᠣᠰᠢᠭᠤᠷᠠᠯ ᠴᠢᠭᠯᠡᠯ᠎ᠳᠤ ᠨᠢᠭᠡ ᠪᠦᠯᠦᠭ ᠳᠡᠯᠡᠬᠡᠢ᠎ᠳᠤ ᠨᠥᠯᠥᠭᠡᠯᠡᠬᠦ ᠬᠦᠴᠦᠨ᠎ᠲᠠᠢ ᠤᠤᠭ᠋ᠠᠯ ᠡᠭᠦᠳᠦᠯᠲᠡ ᠵᠢᠨ ᠴᠢᠬᠤᠯᠠ ᠶᠡᠬᠡ ᠦᠷ᠎ᠡ ᠪᠦᠲᠦᠭᠡᠯ ᠤᠯᠪᠠ  ᠃ ᠬᠣᠶᠠᠷ᠎ᠲᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠴᠢᠨᠠᠷ ᠰᠠᠢ᠌ᠲᠠᠢ ᠬᠥᠭᠵᠢᠯᠲᠡ ᠵᠢᠨ ᠬᠦᠴᠦᠷᠬᠡᠭ ᠶᠡᠬᠡ ᠬᠥᠳᠡᠯᠭᠡᠭᠦᠷ᠎ᠢ ᠪᠦᠷᠢᠯᠳᠦᠭᠦᠯᠦᠨ᠎ᠡ  ᠃ ᠤᠯᠤᠰ᠎ᠲᠠᠭᠠᠨ ᠦᠢ᠍ᠯᠡᠳᠪᠦᠷᠢᠯᠡᠭᠰᠡᠨ ᠲᠤᠮᠤ ᠨᠢᠰᠬᠡᠯ᠎ᠢ ᠵᠠᠬ᠎ᠠ ᠳᠡᠯᠭᠡᠭᠦᠷᠴᠢᠯᠡᠨ ᠡᠵᠡᠩᠨᠡᠬᠦ ᠪᠣᠯᠭ᠋ᠠᠵᠤ᠂ ᠳᠡᠭᠡᠳᠦ ᠬᠤᠷᠳᠤᠴᠠᠲᠤ ᠲᠡᠮᠦᠷ ᠵᠠᠮ᠎ᠤᠨ ᠪᠦᠲᠦᠭᠡᠨ ᠪᠠᠢ᠌ᠭᠤᠯᠤᠯᠲᠠ᠎ᠳᠤ ᠤᠯᠠᠨ ᠤᠯᠤᠰ᠎ᠤᠨ ᠬᠡᠪ ᠳᠠᠭᠤᠷᠢᠶᠠᠯ᠎ᠢ ᠪᠤᠢ ᠪᠣᠯᠭ᠋ᠠᠵᠤ᠂ ᠨᠡᠭᠦᠷᠡᠰᠦ ᠵᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠢ᠎ᠪᠠᠷ ᠠᠰᠢᠭᠯᠠᠵᠤ᠂ ᠰᠢᠨ᠎ᠡ ᠬᠡᠯᠪᠡᠷᠢ ᠵᠢᠨ ᠴᠥᠮ᠎ᠡ ᠵᠢᠨ ᠴᠠᠬᠢᠯᠭ᠋ᠠᠨ᠂ ᠣᠨᠴᠠ ᠥᠨᠳᠥᠷ ᠬᠦᠴᠦᠳᠡᠯᠲᠦ ᠴᠠᠬᠢᠯᠭ᠋ᠠᠨ ᠬᠦᠷᠭᠡᠯᠲᠡ ᠳᠡᠯᠡᠬᠡᠢ ᠵᠢᠨ ᠡᠮᠦᠨ᠎ᠡ ᠡᠩᠨᠡᠭᠡᠨ᠎ᠳᠤ ᠣᠷᠣᠵᠤ᠂ ᠭᠡᠷᠡᠯ ᠸᠣᠯᠲ᠂ ᠰᠠᠯᠬᠢᠨ ᠬᠦᠴᠦᠨ᠎ᠤ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠵᠢᠴᠢ ᠡᠨᠧᠷᠭᠢ ᠬᠠᠳᠠᠭ᠋ᠠᠯᠠᠬᠤ᠂ ᠤᠰᠤᠲᠥ᠋ᠷᠥᠭᠴᠢ ᠦᠢ᠍ᠯᠡᠳᠬᠦ ᠬᠡᠪᠴᠢᠶ᠎ᠡ ᠳᠡᠯᠡᠬᠡᠢ ᠵᠢᠨ ᠲᠡᠷᠢᠭᠦᠨ᠎ᠳᠤ ᠣᠷᠣᠵᠤ᠂ 《ᠭᠦᠨ ᠳᠠᠯᠠᠢ ᠨᠢᠭᠡᠳᠦᠭᠡᠷ》 1500 ᠮᠧᠲᠷ᠎ᠤᠨ ᠬᠡᠳᠦ ᠭᠦᠨ ᠤᠰᠤᠨ ᠲᠤᠰᠤ ᠬᠡᠢ ᠵᠢᠨ ᠠᠭᠤᠷᠬᠠᠢ ᠵᠢ ᠨᠡᠭᠡᠭᠡᠨ ᠠᠰᠢᠭᠯᠠᠬᠤ ᠴᠢᠳᠠᠪᠤᠷᠢ ᠵᠢ ᠪᠡᠶᠡᠯᠡᠭᠦᠯᠪᠡ  ᠃ 5 G ᠵᠢ ᠬᠡᠪᠴᠢᠶᠡᠵᠢᠭᠦᠯᠦᠨ ᠬᠡᠷᠡᠭᠯᠡᠬᠦ ᠵᠢ ᠲᠦᠷᠦᠭᠦᠯᠡᠨ ᠪᠡᠶᠡᠯᠡᠭᠦᠯᠵᠦ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠦᠢᠯᠡᠳᠪᠦᠷᠢᠯᠡᠯ ᠪᠣᠷᠣᠯᠠᠭᠤᠯᠭ᠎ᠠ ᠵᠢᠨ ᠬᠡᠮᠵᠢᠶ᠎ᠡ 7 ᠵᠢᠯ ᠳᠠᠷᠠᠭ᠋ᠠᠯᠠᠨ ᠳᠡᠯᠡᠬᠡᠶ ᠵᠢᠨ ᠲᠡᠷᠢᠭᠦᠨ᠎ᠳᠤ ᠣᠷᠣᠵᠤ᠂ ᠰᠢᠨ᠎ᠡ ᠬᠡᠯᠪᠡᠷᠢ ᠵᠢᠨ ᠳᠡᠯᠭᠡᠴᠡ ᠵᠢᠨ ᠮᠡᠷᠭᠡᠵᠢᠯ᠎ᠤᠨ ᠠᠵᠤ ᠦᠢ᠌ᠯᠡᠰᠵᠢᠯᠲᠡ ᠵᠢᠨ ᠬᠡᠪᠴᠢᠶ᠎ᠡ᠎ᠨᠢ ᠳᠡᠯᠡᠬᠡᠶ ᠵᠢᠨ ᠨᠢᠭᠡᠳᠦᠭᠡᠷ᠎ᠲᠤ ᠣᠷᠣᠵᠤ᠂ ᠬᠡᠷᠡᠯ ᠡᠯᠧᠺᠲᠷᠣᠨ᠎ᠤ ᠮᠡᠷᠭᠡᠵᠢᠯ ᠵᠶ᠋ᠡᠷ ᠠᠵᠤ ᠦᠢᠯᠡᠰ᠎ᠢ ᠳᠠᠢ᠌ᠴᠢᠯᠠᠭᠰᠠᠨ ᠬᠡᠪᠴᠢᠶ᠎ᠡ᠎ᠨᠢ ᠪᠥᠬᠥ ᠳᠡᠯᠡᠬᠡᠶ ᠵᠢᠨ ᠬᠠᠭ᠋ᠠᠰ ᠰᠢᠬᠠᠮ᠎ᠢ ᠡᠵᠡᠯᠡᠵᠦ᠂ ᠵᠣᠬᠢᠶᠠᠮᠠᠯ ᠣᠶᠤᠨ ᠴᠢᠳᠠᠪᠤᠷᠢ ᠵᠢᠨ ᠮᠡᠷᠭᠡᠵᠢᠯ᠎ᠤᠨ ᠬᠡᠷᠡᠭᠯᠡᠯᠲᠡ᠎ᠨᠢ ᠪᠥᠬᠥ ᠳᠡᠯᠡᠬᠡᠶ ᠵᠢᠨ ᠵᠠᠬ᠎ᠠ ᠳᠡᠯᠭᠡᠭᠦᠷ᠎ᠤᠨ ᠭᠤᠷᠪᠠᠨ ᠬᠤᠪᠢ ᠵᠢ ᠡᠵᠡᠯᠡᠪᠡ  ᠃ 19 ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ 12 ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢᠱ᠌ᠢᠶ᠎ᠡ ᠦᠵᠡᠭᠦᠯᠬᠦ ᠣᠷᠣᠨ᠂ 420 ᠤᠯᠤᠰ᠎ᠤᠨ ᠮᠡᠷᠭᠡᠵᠢᠯ᠎ᠢ ᠰᠢᠯᠵᠢᠭᠦᠯᠬᠦ ᠪᠠᠢ᠌ᠭᠤᠯᠤᠮᠵᠢ᠂ 40 ᠭᠠᠷᠤᠶ ᠮᠡᠷᠭᠡᠵᠢᠯ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠠᠢ᠌ᠭᠤᠯᠪᠠ  ᠃ ᠪᠥᠬᠥ ᠤᠯᠤᠰ᠎ᠤᠨ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠲᠣᠭ᠎ᠠ 2012 ᠣᠨ᠎ᠳᠤ 0 . 64 ᠲᠦᠮᠡᠨ ᠳ᠋ᠦᠩᠰᠢᠭᠤᠷ ᠲᠥᠭᠥᠷᠢᠭ ᠪᠠᠢ᠌ᠭᠰᠠᠨ᠎ᠠᠴᠠ᠎ᠪᠠᠨ 2021 ᠣᠨ᠎ᠳᠤ 3 . 73 ᠲᠦᠮᠡᠨ ᠳ᠋ᠦᠩᠰᠢᠭᠤᠷ ᠲᠥᠭᠥᠷᠢᠭ ᠪᠣᠯᠵᠣ ᠨᠡᠮᠡᠭᠳᠡᠪᠡ  ᠃ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ᠂ ᠨᠡᠪᠴᠢᠭᠦᠯᠦᠭᠦᠷ ᠵᠡᠷᠭᠡ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠠᠴᠢᠶᠠᠯᠠᠪᠤᠷᠢ 1 . 5 ᠲᠦᠮᠡ ᠵᠢ ᠳᠠᠪᠠᠵᠤ᠂ 95 %᠎ᠠᠴᠠ ᠳᠡᠭᠡᠭᠰᠢᠬᠢ ᠭᠠᠵᠠᠷ ᠣᠷᠣᠨ᠎ᠢ ᠬᠠᠮᠤᠷᠴᠤ᠂ ᠠᠳᠠᠯ ᠦᠢᠯᠡᠰ ᠴᠣᠭᠴᠠᠯᠠᠬᠤ᠎ᠪᠠᠷ 500 ᠲᠦᠮᠡ ᠰᠢᠬᠠᠮ ᠬᠥᠮᠦᠨ᠎ᠳᠤ ᠠᠵᠢᠯ ᠣᠯᠭᠣᠪᠠ  ᠃ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠬᠦᠲᠦᠯᠦᠨ ᠵᠢᠯᠣᠭᠣᠳᠬᠤ ᠰᠠᠭᠤᠷᠢ ᠮᠥᠩᠭᠥ᠎ᠳᠤ 36 ᠰᠠᠯᠪᠤᠷᠢ ᠰᠠᠭᠤᠷᠢ ᠮᠥᠩᠭᠥ ᠭᠠᠷᠭ᠋ᠠᠵᠤ᠂ ᠶᠡᠷᠦᠩᠬᠡᠢ ᠬᠡᠪᠴᠢᠶ᠎ᠡ ᠵᠢ 624 ᠳ᠋ᠦᠩᠰᠢᠭᠤᠷ ᠲᠥᠭᠥᠷᠢᠭ᠎ᠲᠤ ᠬᠦᠷᠭᠡᠨ᠎ᠡ  ᠃ ᠭᠤᠷᠪᠠ᠎ᠳᠤ ᠪᠠᠢ᠌ᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ᠎ᠢ ᠴᠢᠩᠭ᠋ᠠᠳᠬᠠᠵᠤ᠂ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠳᠠᠪᠤᠷᠢ ᠵᠢᠨ ᠰᠢᠰᠲ᠋ᠧᠮ᠎ᠢ ᠲᠠᠬᠢᠨ ᠴᠣᠭᠴᠠᠯᠠᠬᠤ ᠵᠢ ᠪᠡᠶᠡᠯᠡᠭᠦᠯᠪᠡ  ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠤᠯᠤᠰ᠎ᠤᠨ ᠲᠤᠷᠰᠢᠯᠲᠠ ᠵᠢᠨ ᠲᠠᠰᠤᠭ᠎ᠤᠨ ᠰᠢᠰᠲ᠋ᠧᠮ᠎ᠢ ᠲᠦᠷᠭᠡᠯᠡᠨ ᠪᠠᠢ᠌ᠭᠤᠯᠵᠤ᠂ ᠥᠨᠳᠥᠷ ᠬᠢᠷᠢ ᠲᠦᠪᠰᠢᠨ ᠪᠦᠬᠦᠢ ᠰᠤᠳᠤᠯᠭ᠋ᠠᠨ᠎ᠤ ᠬᠡᠯᠪᠡᠷᠢ ᠵᠢᠨ ᠶᠡᠬᠡ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ  ᠃ ᠠᠵᠤ ᠠᠬᠤᠢ᠌ᠯᠠᠯ᠎ᠨᠢ ᠰᠢᠨ᠎ᠡ ᠵᠢ ᠡᠭᠦᠳᠬᠦ ᠰᠢᠢ᠍ᠳᠪᠦᠷᠢᠲᠦ ᠪᠤᠳᠤᠯᠭ᠎ᠠ᠂ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠪᠣᠯᠤᠨ ᠦᠷ᠎ᠡ ᠪᠦᠲᠦᠭᠡᠯ᠎ᠢ ᠣᠨᠳᠣᠣᠰᠢᠭᠤᠯᠬᠤ ᠳᠤᠮᠳᠠ ᠭᠣᠣᠯ ᠴᠣᠭᠴᠠ ᠵᠢᠨ ᠦᠢ᠍ᠯᠡᠳᠦᠯ ᠵᠶ᠋ᠡᠨ ᠠᠯᠬᠤᠮ ᠠᠯᠬᠤᠮ ᠵᠶ᠋ᠠᠷ ᠪᠠᠳᠠᠷᠠᠭᠤᠯᠵᠤ᠂ 2021 ᠣᠨ᠎ᠳᠤ ᠪᠦᠬᠦ ᠨᠡᠢ᠌ᠭᠡᠮ᠎ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠵᠢᠨ 78 %᠎ᠨᠢ ᠠᠵᠤ ᠠᠬᠤᠢ᠌ᠯᠠᠯ᠎ᠠᠴᠠ ᠢᠷᠡᠭᠰᠡᠨ ᠶᠤᠮ  ᠃ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ 2012 ᠣᠨ᠎ᠳᠤ 4 . 9 ᠲᠦᠮᠡ ᠪᠠᠢ᠌ᠭᠰᠠᠨ᠎ᠠᠴᠠ᠎ᠪᠠᠨ 2022 ᠣᠨ᠎ᠳᠤ 40 ᠲᠦᠮᠡ ᠪᠣᠯᠤᠨ ᠨᠡᠮᠡᠭᠳᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠪᠠᠭ᠎ᠠ ᠠᠵᠤ ᠠᠬᠤᠢ᠌ᠯᠠᠯ ᠪᠠᠷᠤᠭ 45 ᠲᠦᠮᠡ᠎ᠳᠤ ᠬᠦᠷᠴᠦ᠂ 683 ᠠᠵᠤ ᠠᠬᠤᠢ᠌ᠯᠠᠯ 2021 ᠣᠨ᠎ᠤ ᠪᠦᠬᠦ ᠪᠥᠮᠪᠥᠷᠴᠡᠭ᠎ᠤᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ 2500 ᠬᠦᠴᠦᠷᠬᠡᠭ᠎ᠲᠤ ᠣᠷᠣᠪᠠ  ᠃ 500 ᠮᠧᠲᠷ᠎ᠤᠨ ᠳ᠋ᠢᠶᠠᠮᠧᠲᠷ᠎ᠲᠠᠢ ᠪᠥᠮᠪᠥᠷᠭᠡᠨ ᠭᠠᠳᠠᠷᠭᠤ᠎ᠲᠠᠢ ᠷᠠᠳᠢᠣ᠋ ᠳᠤᠷᠠᠨ᠂ ᠰᠠᠳᠠᠷᠠᠮᠠᠯ ᠨᠧᠲᠷᠣᠨ ᠡᠭᠦᠰᠭᠡᠭᠴᠢ ᠵᠡᠷᠭᠡ ᠨᠢᠭᠡ ᠪᠦᠯᠦᠭ ᠳᠡᠯᠡᠬᠡᠶ ᠵᠢᠨ ᠲᠡᠷᠢᠭᠦᠨ᠎ᠤ ᠬᠢᠷᠢ ᠬᠡᠮᠵᠢᠶ᠎ᠡ᠎ᠲᠠᠢ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠭᠤᠷᠢ ᠪᠡᠯᠡᠳᠬᠡᠮᠵᠢ ᠴᠢᠬᠤᠯᠠ ᠦᠢᠯᠡᠳᠦᠯ ᠵᠶ᠋ᠡᠨ ᠪᠠᠳᠠᠷᠠᠭᠤᠯᠤᠨ᠎ᠠ  ᠃ 13 . 3 ᠲᠦᠮᠡᠨ ᠢᠵᠢ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠬᠡᠮᠵᠢᠭᠦᠷᠯᠢᠭ ᠪᠠ 85 ᠴᠢᠬᠤᠯᠠ ᠶᠡᠬᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢ ᠲᠥᠬᠥᠭᠡᠷᠦᠮᠵᠢ ᠵᠢ ᠨᠡᠭᠡᠭᠡᠯᠲᠡ ᠬᠢᠵᠦ ᠬᠠᠮᠲᠤ᠎ᠪᠠᠷ ᠡᠳ᠋ᠯᠡᠬᠦ ᠰᠦᠯᠵᠢᠶ᠎ᠡ᠎ᠳᠤ ᠣᠷᠣᠭᠤᠯᠪᠠ  ᠃ 20 ᠤᠯᠤᠰ᠎ᠤᠨ ᠰᠢᠨᠵᠢᠯᠡᠬᠦ ᠤᠬᠠᠭ᠋ᠠᠨ᠎ᠤ ᠲᠣᠭ᠎ᠠ ᠪᠠᠷᠢᠮᠲᠠ ᠵᠢᠨ ᠲᠥᠪ᠂ 31 ᠤᠯᠤᠰ᠎ᠤᠨ ᠠᠮᠢᠳᠤ ᠪᠣᠳᠠᠰ᠎ᠤᠨ ᠦᠷ᠎ᠡ ᠪᠠ ᠲᠤᠷᠰᠢᠯᠲᠠ ᠵᠢᠨ ᠮᠠᠲ᠋ᠧᠷᠢᠶᠠᠯ᠎ᠤᠨ ᠡᠬᠢ ᠪᠠᠶᠠᠯᠢᠭ᠎ᠤᠨ ᠬᠥᠮᠥᠷᠭᠡ᠂ 167 ᠤᠯᠤᠰ᠎ᠤᠨ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠠᠵᠢᠭᠯᠠᠯᠲᠠ ᠵᠢᠨ ᠰᠤᠳᠤᠯᠭ᠋ᠠᠨ᠎ᠤ ᠥᠷᠲᠡᠭᠡ ᠰᠠᠭᠤᠷᠢ ᠨᠥᠬᠥᠴᠡᠯ᠎ᠤᠨ ᠲᠠᠪᠴᠠᠩ᠎ᠤᠨ ᠰᠢᠰᠲ᠋ᠧᠮ᠎ᠢ ᠪᠦᠷᠢᠯᠳᠦᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠤᠨ ᠪᠥᠬᠥ ᠨᠡᠢ᠌ᠭᠡᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠦᠵᠡᠭᠦᠯᠬᠦ ᠲᠤᠯᠭ᠋ᠠᠭᠤᠷᠢᠯᠠᠨ ᠪᠠᠲᠤᠯᠠᠬᠤ ᠴᠢᠳᠠᠪᠤᠷᠢ ᠶᠡᠬᠡ᠎ᠪᠠᠷ ᠳᠡᠭᠡᠭᠰᠢᠯᠡᠪᠡ  ᠃ ᠲᠦᠷᠪᠡ᠎ᠳᠤ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠲᠤᠭᠤᠰᠢᠯᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠨᠢ ᠨᠡᠢ᠌ᠭᠡᠮ᠎ᠤᠨ ᠲᠠᠪᠰᠢᠯᠳᠠ ᠪᠣᠯᠤᠨ ᠠᠷᠠᠳ᠎ᠤᠨ ᠠᠮᠢᠳᠤᠷᠠᠯ᠎ᠤᠨ ᠰᠠᠢ᠌ᠵᠢᠷᠠᠯᠲᠠ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠪᠠ  ᠃ ᠨᠢᠭᠡ ᠪᠦᠯᠦᠭ ᠤᠰᠤᠨ ᠲᠤᠲᠤᠷᠭ᠎ᠠ᠂ ᠪᠣᠭᠣᠳᠠᠶ᠂ ᠡᠷᠳᠡᠨᠢ ᠰᠢᠰᠢ ᠵᠢᠨ ᠰᠢᠨ᠎ᠡ ᠲᠥᠷᠥᠯ ᠵᠦᠢᠯ᠂ ᠠᠮᠤ ᠪᠤᠳᠠᠭ᠋ᠠᠨ᠎ᠤ ᠲᠠᠯᠠᠪᠠᠶ ᠨᠢᠭᠡᠴᠢ ᠵᠢᠨ ᠤᠨᠠᠯᠲᠠ 2012 ᠣᠨ᠎ᠤ ᠮᠥ᠍ ᠪᠦᠷᠢ ᠵᠢᠨ ᠤᠨᠠᠯᠲᠠ 357 ᠺᠢᠯᠣᠭ᠌ᠷᠠᠮ᠎ᠠᠴᠠ ᠳᠡᠭᠡᠭᠰᠢᠯᠡᠭᠡᠳ 2021 ᠣᠨ᠎ᠤ 387 ᠺᠢᠯᠣᠭ᠌ᠷᠠᠮ ᠪᠣᠯᠵᠣ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠬᠦᠴᠦᠲᠡᠶ ᠪᠠᠲᠤᠯᠠᠪᠠ; ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠶᠠᠳᠠᠭᠤ ᠵᠢ ᠲᠡᠳᠬᠦᠬᠦ 《ᠵᠠᠭᠤ ᠮᠢᠩᠭ᠎ᠠ ᠲᠦᠮᠡ》 ᠢᠨᠵᠧᠨᠧᠷᠢᠩ᠎ᠢ ᠬᠡᠷᠡᠭᠵᠢᠭᠦᠯᠵᠦ᠂ 90 ᠭᠠᠷᠤᠶ ᠲᠦᠮᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠴᠢ ᠡᠮᠦᠨ᠎ᠡ ᠹᠷᠣᠨᠲ᠎ᠲᠤ ᠭᠦᠨᠵᠡᠭᠡᠢ᠌ᠷᠡᠨ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠥᠭᠵᠢᠯᠲᠡ᠎ᠳᠤ ᠬᠦᠴᠦᠨ ᠨᠡᠮᠡᠷᠢᠯᠡᠪᠡ  ᠃ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠵᠦ᠂ ᠤᠯᠤᠰ᠎ᠤᠨ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠤᠨ ᠰᠢᠨ᠎ᠡ ᠵᠢ ᠡᠭᠦᠳᠬᠦ 11 ᠵᠢᠱ᠌ᠢᠢ᠎ᠡ ᠦᠵᠡᠭᠦᠯᠬᠦ ᠣᠷᠣᠨ᠎ᠢ ᠪᠦᠳᠦᠭᠡᠨ ᠪᠠᠢ᠌ᠭᠤᠯᠵᠤ᠂ 《ᠡᠯᠡᠰᠦ᠎ᠠᠴᠠ ᠤᠬᠤᠷᠢᠵᠤ ᠬᠥᠮᠦᠨ ᠣᠷᠣᠬᠤ》 ᠵᠢ ᠪᠦᠬᠦ ᠳᠡᠯᠡᠬᠡᠢ᠎ᠳᠤ ᠲᠦᠷᠦᠭᠦᠯᠡᠨ ᠪᠡᠶᠡᠯᠡᠭᠦᠯᠦᠨ᠎ᠡ  ᠃ 50 ᠤᠯᠤᠰ᠎ᠤᠨ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠢ ᠪᠠᠢ᠌ᠭᠤᠯᠵᠤ᠂ ᠡᠷᠲᠡ ᠪᠠᠢ᠌ᠴᠠᠭ᠋ᠠᠬᠤ᠂ ᠡᠷᠲᠡ ᠰᠢᠭᠰᠢᠬᠦ᠂ ᠡᠷᠲᠡ ᠣᠨᠣᠰᠢᠯᠠᠬᠤ᠂ ᠡᠷᠲᠡ ᠵᠠᠰᠠᠬᠤ ᠮᠡᠷᠭᠡᠵᠢᠯ᠎ᠤᠨ ᠰᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠪᠡ  ᠃ ᠥᠮᠡᠨ ᠡᠪᠡᠳᠴᠢᠨ᠂ ᠴᠢᠰᠤ ᠴᠠᠢ᠌ᠬᠤ ᠡᠪᠡᠳᠴᠢᠨ᠂ ᠡᠮ᠎ᠳᠤ ᠳᠠᠭ᠋ᠠᠭ᠋ᠠᠮᠠᠭ᠋ᠠᠶ ᠪᠠᠺᠲ᠋ᠧᠷᠢ ᠵᠢ ᠰᠡᠷᠭᠡᠢ᠌ᠯᠡᠨ ᠵᠠᠰᠠᠬᠤ ᠵᠡᠷᠭᠡ᠎ᠨᠢ ᠭᠠᠳᠠᠭ᠋ᠠᠳᠤ ᠵᠢᠨ ᠲᠤᠰᠬᠠᠶ ᠠᠰᠢᠭ᠎ᠤᠨ ᠡᠮ᠎ᠤᠨ ᠮᠣᠨᠣᠫᠣᠯᠢᠴᠢᠯᠠᠯ᠎ᠢ ᠡᠪᠳᠡᠵᠦ᠂ I ᠲᠥᠷᠥᠯ᠎ᠤᠨ ᠰᠢᠨ᠎ᠡ ᠡᠮ᠎ᠢ 2012 ᠣᠨ᠎ᠠᠴᠠ ᠡᠮᠦᠨ᠎ᠡ 5 ᠪᠠᠢ᠌ᠭᠰᠠᠨ᠎ᠠᠴᠠ᠎ᠨᠢ ᠣᠳᠣ ᠵᠢᠨ 80 ᠪᠣᠯᠭ᠋ᠠᠵᠠᠶ  ᠃ ᠬᠦᠨᠳᠦ ᠢᠶᠣᠨ ᠬᠤᠷᠳᠤᠳᠬᠠᠭᠤᠷ᠂ ᠰᠣᠷᠢᠨᠵᠢᠨ ᠲᠡᠷᠪᠢᠯᠳᠡ᠂ ᠪᠤᠳᠤᠭᠲᠤ ᠬᠡᠳᠤ ᠳᠣᠯᠭᠢᠶᠠᠨ᠂ CT ᠵᠡᠷᠭᠡ ᠤᠯᠤᠰ᠎ᠲᠠᠭᠠᠨ ᠦᠢ᠍ᠯᠡᠳᠪᠦᠷᠢᠯᠡᠭᠰᠡᠨ ᠳᠡᠭᠡᠳᠦ ᠲᠡᠰ᠎ᠤᠨ ᠡᠮᠴᠢᠯᠡᠭᠡᠨ᠎ᠤ ᠲᠣᠨᠣᠭᠯᠠᠯ ᠪᠠ ᠪᠠᠭ᠋ᠠᠵᠢ ᠬᠡᠷᠡᠭᠰᠡᠯ᠎ᠢ ᠠᠰᠢᠭᠯᠠᠯᠲᠠ᠎ᠳᠤ ᠣᠷᠣᠭᠤᠯᠪᠠ  ᠃ ᠲᠠᠪᠤ᠎ᠳᠤ ᠣᠷᠣᠨ ᠪᠦᠰᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠭᠡᠨᠡᠳᠲᠡ ᠭᠠᠷᠴᠤ᠂ ᠬᠥᠭᠵᠢᠯᠲᠡ ᠵᠢ ᠬᠦᠲᠦᠯᠦᠨ ᠳᠠᠭ᠋ᠠᠭᠤᠯᠬᠤ ᠨᠡᠮᠡᠭᠳᠡᠯ᠎ᠤᠨ ᠴᠡᠭ ᠨᠡᠮᠡᠭᠳᠡᠯ᠎ᠤᠨ ᠪᠦᠰᠡ ᠨᠡᠮᠡᠭᠳᠡᠯ᠎ᠤᠨ ᠲᠤᠢ᠌ᠯ᠎ᠢ ᠪᠤᠢ ᠪᠣᠯᠭ᠋ᠠᠪᠠ  ᠃ ᠪᠡᠭᠡᠵᠢᠩ᠂ ᠱᠠᠩᠬᠠᠶ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠤᠷᠪᠠᠨ ᠶᠡᠬᠡ ᠲᠥᠪ᠎ᠤᠨ ᠬᠥᠲᠥᠯᠥᠨ ᠳᠠᠭ᠋ᠠᠭᠤᠯᠬᠤ ᠪᠠᠢ᠌ᠷᠢ ᠰᠠᠭᠤᠷᠢ ᠨᠠᠩ ᠴᠢᠩᠭ᠋ᠠᠷᠠᠵᠤ᠂ ᠰᠢᠶᠠᠩᠭ᠋ᠠᠩ ᠱᠧᠨᠵᠧᠨ ᠭᠤᠸᠠᠩᠵᠧᠦ᠂ ᠪᠡᠭᠡᠵᠢᠩ᠂ ᠱᠠᠩᠬᠠᠶ ᠰᠦᠵᠧᠦ ᠲᠣᠰ ᠲᠣᠰ ᠪᠥᠬᠥ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠦᠭᠯᠡᠯ᠎ᠤᠨ 2᠂ 3᠂ 6 ᠳ᠋ᠤᠭ᠋ᠠᠷ᠎ᠲᠤ ᠵᠢᠭᠰᠠᠭ᠋ᠠᠭᠳᠠᠪᠠ  ᠃ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠶᠡᠷᠦᠩᠬᠡᠶ ᠲᠣᠭ᠎ᠠ 2012 ᠣᠨ᠎ᠳᠤ 89 ᠪᠠᠢ᠌ᠭᠰᠠᠨ᠎ᠠᠴᠠ᠎ᠪᠠᠨ 2022 ᠣᠨ ᠪᠣᠯᠬᠤ᠎ᠳᠤ ᠨᠡᠮᠡᠭᠳᠡᠭᠡᠳ 177 ᠪᠣᠯᠵᠣ᠂ ᠪᠥᠬᠥ ᠤᠯᠤᠰ᠎ᠤᠨ 35 . 9 % ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠂ 36 . 2 %᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠂ 67 . 4 % ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠠᠵᠤ ᠠᠬᠤᠢ᠌ᠯᠠᠯ᠎ᠤᠨ ᠬᠥᠮᠦᠨ ᠳᠤᠮᠳᠠᠴᠢ ᠵᠢᠨ ᠬᠥᠳᠡᠯᠮᠦᠷᠢ ᠵᠢᠨ ᠦᠢᠯᠡᠳᠪᠦᠷᠢᠯᠡᠯ᠎ᠤᠨ ᠬᠦᠴᠦᠨ᠎ᠨᠢ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠤ 2 . 7 ᠳᠠᠬᠢᠨ ᠪᠣᠯᠵᠣ᠂ 2 . 5 % ᠵᠢᠨ ᠪᠥᠲᠥᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠵᠶ᠋ᠠᠷ 13 . 4 % ᠵᠢᠨ ᠤᠯᠤᠰ᠎ᠤᠨ ᠳᠣᠲᠣᠭ᠋ᠠᠳᠤ ᠵᠢᠨ ᠦᠢᠯᠡᠳᠪᠦᠷᠢᠯᠡᠯ᠎ᠤᠨ ᠶᠡᠷᠦᠩᠬᠡᠶ ᠥᠷᠲᠡᠭ᠎ᠢ ᠪᠡᠶᠡᠯᠡᠭᠦᠯᠪᠡ  ᠃ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠢ 9 ᠪᠠᠢ᠌ᠭᠤᠯᠵᠤ᠂ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ ᠲᠣᠭᠣᠷᠢᠭ᠎ᠢ 287 ᠪᠠᠢ᠌ᠭᠤᠯᠤᠨ᠎ᠠ  ᠃ ᠵᠢᠷᠭᠤᠭ᠎ᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠢᠭᠡᠳ ᠳᠦᠷᠢᠮ᠎ᠤᠨ ᠰᠢᠨ᠎ᠡ ᠵᠢ ᠡᠭᠦᠳᠬᠦ 《ᠬᠣᠣᠰ ᠬᠦᠷᠳᠦ᠎ᠪᠠᠷ ᠬᠥᠳᠡᠯᠭᠡᠭᠦᠷ ᠪᠣᠯᠭ᠋ᠠᠬᠤ》᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠣᠭᠴᠠ ᠵᠢ ᠪᠠᠷᠢᠮᠲᠠᠯᠠᠨ᠎ᠠ  ᠃
    ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠰᠢᠰᠲ᠋ᠧᠮ᠎ᠤᠨ᠎ᠬᠢᠨ ᠨᠠᠮ᠎ᠤᠨ ᠤᠯᠤᠰ ᠲᠦᠷᠦ ᠵᠢᠨ ᠪᠠᠢ᠌ᠭᠤᠯᠤᠯᠲᠠ᠎ᠪᠠᠷ ᠶᠡᠷᠦᠩᠬᠡᠢ᠌ᠯᠡᠨ ᠵᠢᠯᠤᠭᠤᠳᠤᠭᠤᠯᠬᠤ ᠵᠢ ᠪᠠᠷᠢᠮᠲᠠᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠨᠠᠮ᠎ᠤᠨ ᠪᠠᠢ᠌ᠭᠤᠯᠤᠯᠲᠠ ᠪᠣᠯᠤᠨ ᠲᠤᠬᠠᠢ᠌ᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠨᠠᠮ᠎ᠤᠨ ᠪᠠᠢ᠌ᠭᠤᠯᠤᠯᠲᠠ ᠰᠢᠨ᠎ᠡ ᠦᠷ᠎ᠡ ᠪᠦᠲᠦᠮᠵᠢ ᠤᠯᠪᠠ  ᠃ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠲᠦ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠲᠦᠷᠪᠡᠨ ᠤᠬᠠᠮᠰᠠᠷ》 ᠵᠢᠡᠨ ᠴᠢᠩᠭ᠋ᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠬᠠᠮᠰᠠᠷ᠎ᠠᠴᠠ᠎ᠪᠠᠨ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠢ᠎ᠠ᠎ᠲᠠᠢ ᠳᠡᠭᠡᠳᠦ ᠬᠡᠮᠵᠢᠢ᠎ᠡ᠎ᠪᠠᠷ ᠨᠢᠭᠡᠳᠦᠯᠲᠡᠢ ᠪᠠᠢ᠌ᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠤᠬᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠴᠢᠨᠠᠭᠰᠢᠳᠠ ᠴᠢᠩᠭ᠋ᠠᠳᠬᠠᠵᠤ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠲᠤᠬᠠᠢ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ  ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠠᠵᠢᠯ ᠡᠭᠦᠷᠢᠳᠡ ᠵᠤᠬᠰᠤᠰᠢ ᠦᠭᠡᠢ ᠭᠡᠳᠡᠭ᠎ᠢ ᠪᠠᠲᠤ ᠴᠡᠭᠡᠵᠢᠯᠡᠵᠦ᠂ ᠨᠠᠮ᠎ᠤᠨ ᠤᠯᠤᠰ ᠲᠦᠷᠦ ᠵᠢᠨ ᠪᠠᠢ᠌ᠭᠤᠯᠤᠯᠲᠠ᠎ᠪᠠᠷ ᠶᠡᠷᠦᠩᠬᠡᠢ᠌ᠯᠡᠨ ᠵᠢᠯᠤᠭᠤᠳᠤᠭᠤᠯᠵᠤ᠂ ᠤᠯᠤᠰ ᠲᠦᠷᠦ ᠵᠢᠨ ᠰᠠᠬᠢᠯᠭ᠎ᠠ ᠪᠠᠲᠤ ᠵᠢ ᠴᠢᠩᠳᠠᠯᠠᠵᠤ᠂ ᠤᠯᠤᠰ ᠲᠦᠷᠦ ᠵᠢᠨ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠭᠤᠢ᠌ᠪᠢᠰᠢ ᠦᠭᠡᠢ ᠨᠠᠢ᠌ᠳᠠᠪᠤᠷᠢᠵᠢᠭᠤᠯᠵᠤ᠂ 《ᠭᠤᠷᠪᠠ ᠵᠢ ᠢᠯᠵᠠᠷᠠᠭᠤᠯᠬᠤ ᠦᠭᠡᠢ》 ᠪᠠᠢ᠌ᠬᠤ ᠵᠢ ᠨᠢᠭᠡ ᠴᠤᠬ᠍ᠴᠠᠵᠢᠭᠤᠯᠤᠨ ᠠᠬᠢᠭᠤᠯᠬᠤ ᠬᠡᠷᠡᠭᠲᠡᠢ  ᠃
      ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠪᠠᠷᠢᠯᠭ᠎ᠠ ᠵᠵᠡ ᠬᠦᠷᠢᠶᠡᠯᠡᠩ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠯᠢᠭ᠎ᠤᠨ ᠬᠠᠷᠢᠭᠤᠴᠠᠯᠭ᠋ᠠᠲᠠᠨ ᠨᠥᠬᠥᠳ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠤᠳᠤᠷᠢᠳᠬᠤ ᠪᠠᠭ᠎ᠤᠨ ᠪᠦᠷᠢᠯᠳᠦᠬᠦᠨ᠂ ᠲᠥᠪ᠎ᠤᠨ ᠤᠬᠠᠭᠤᠯᠬᠤ ᠬᠡᠯᠲᠡᠰ᠂ ᠲᠥᠪ᠎ᠤᠨ ᠤᠯᠤᠰ᠎ᠤᠨ ᠠᠮᠤᠷ ᠲᠦᠪᠰᠢᠨ᠎ᠤ ᠠᠯᠪᠠᠨ ᠬᠡᠷ᠂ ᠲᠥᠪ᠎ᠤᠨ ᠡᠳ᠋᠎ᠤᠨ ᠵᠠᠰᠠᠭ ᠠᠵᠤ ᠠᠬᠤᠶ ᠵᠢᠨ ᠠᠯᠪᠠᠨ ᠬᠡᠷ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠥᠪᠯᠡᠯ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠵᠡᠪᠰᠡᠭ ᠲᠣᠨᠣᠭᠯᠠᠯ᠎ᠤᠨ ᠬᠥᠭᠵᠢᠭᠦᠯᠦᠯᠲᠡ ᠵᠢᠨ ᠬᠡᠯᠲᠡᠰ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ ᠡᠷᠡᠭᠦᠯ ᠬᠠᠮᠠᠭ᠋ᠠᠯᠠᠯ᠎ᠤᠨ ᠺᠣᠮᠢᠰ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ ᠡᠷᠡᠭᠦᠯ ᠬᠠᠮᠠᠭ᠋ᠠᠯᠠᠯ ᠪᠡᠶ᠎ᠡ ᠵᠢᠨ ᠲᠠᠮᠢᠷ᠎ᠤᠨ ᠺᠣᠮᠢᠰ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠂ ᠤᠯᠤᠰ᠎ᠤᠨ ᠨᠢᠭᠤᠴᠠ ᠵᠢ ᠬᠠᠮᠠᠭ᠋ᠠᠯᠠᠬᠤ ᠲᠣᠪᠴᠢᠶ᠎ᠠ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠰᠤᠷᠭ᠋ᠠᠨ ᠬᠥᠮᠦᠵᠢᠯ᠎ᠤᠨ ᠶᠠᠮᠤᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ᠂ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠂ ᠬᠢᠨᠠᠨ ᠪᠣᠳᠣᠬᠤ ᠵᠠᠬᠢᠷᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠨᠠᠨ ᠪᠣᠳᠣᠬᠤ ᠲᠣᠪᠴᠢᠶᠠᠨ᠎ᠤ ᠬᠠᠷᠢᠭᠤᠴᠠᠯᠭ᠋ᠠᠲᠠᠨ ᠨᠥᠬᠥᠳ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠪᠠᠢ᠌ᠭᠤᠯᠭ᠎ᠠ ᠵᠢᠨ ᠡᠯ᠎ᠡ ᠲᠢᠩᠬᠢᠮ ᠲᠣᠪᠴᠢᠶ᠎ᠠ᠂ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠂ ᠡᠯ᠎ᠡ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠨᠥᠬᠥᠳ᠂ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥᠨ᠎ᠤ ᠵᠥᠪᠯᠡᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠳᠦᠷ᠎ᠤᠨ ᠰᠣᠨᠢᠨ᠎ᠤ ᠬᠣᠷᠢᠶᠠᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠭᠣᠣᠯ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠣᠯᠴᠠᠪᠠ  ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠰᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ (ᠵᠥᠪᠯᠡᠯ᠂ ᠲᠣᠪᠴᠢᠶ᠎ᠠ)᠎ᠤᠨ ᠤᠳᠤᠷᠢᠳᠬᠤ ᠪᠠᠭ᠎ᠤᠨ ᠪᠦᠷᠢᠯᠳᠦᠬᠦᠨ ᠪᠣᠯᠤᠨ ᠬᠠᠮᠢᠶ᠎ᠠ ᠪᠥᠬᠥᠶ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠨᠥᠬᠥᠳ᠂ ᠤᠯᠤᠰ᠎ᠤᠨ ᠲᠤᠷᠰᠢᠯᠲᠠ ᠵᠢᠨ ᠲᠠᠰᠤᠭ᠎ᠤᠨ ᠭᠣᠤᠯ ᠬᠠᠷᠢᠭᠤᠴᠠᠯᠭ᠋ᠠᠲᠠᠨ ᠨᠥᠬᠥᠳ᠂ ᠰᠠᠨᠠᠯ ᠵᠶ᠋ᠠᠨ ᠰᠣᠯᠢᠯᠴᠠᠵᠤ ᠶᠠᠷᠢᠶ᠎ᠠ ᠲᠠᠯᠪᠢᠭᠰᠠᠨ ᠲᠥᠯᠥᠭᠡᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠤ ᠪᠠᠢ᠌ᠭᠤᠯᠭ᠎ᠠ ᠵᠢᠨ ᠪᠥᠬᠥ ᠨᠠᠮ᠎ᠤᠨ ᠭᠡᠰᠢᠭᠦᠨ ᠺᠠᠳ᠋ᠷ᠂ ᠶᠠᠮᠤᠨ᠎ᠤ ᠰᠢᠭᠤᠳ ᠬᠠᠷᠢᠶ᠎ᠠ ᠠᠵᠢᠯ ᠦᠢᠯᠡᠰ᠎ᠤᠨ ᠨᠢᠭᠡᠴᠢ᠂ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥᠨ᠎ᠤ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠬᠠᠮᠢᠶ᠎ᠠ ᠪᠥᠬᠥᠶ ᠨᠥᠬᠥᠳ ᠸᠢᠳᠢᠣ᠋ ᠵᠢᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ  ᠃

ᠢᠷᠡᠯᠲᠡ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠠᠯᠪᠠᠨ ᠲᠢᠩᠬᠢᠮ
          
ᠬᠠᠮᠢᠶ᠎ᠡ ᠪᠦᠬᠦᠢ ᠰᠣᠨᠢᠨ
ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ ᠬᠠᠮᠲᠤᠷᠠᠨ 《ᠵᠠᠬ᠎ᠠ ᠳᠡᠯᠭᠡᠭᠦᠷ ᠵᠶ᠋ᠡᠷ ᠤᠳᠤᠷᠢᠳᠤᠮᠵᠢ ᠪᠣᠯᠭ᠋ᠠᠭᠰᠠᠨ ᠪᠣᠬᠢᠷᠲᠤᠯ ᠥᠬᠡᠶ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠲᠥᠰᠦᠯ (2023-2025 ᠣᠨ)》 ᠎ᠢ ᠳᠠᠷᠤᠮᠠᠯᠯᠠᠨ ᠲᠠᠷᠬᠠᠭ᠋ᠠᠪᠠ
ᠰᠢᠨᠬᠤᠸᠠ ᠬᠣᠷᠢᠢ᠎ᠠ᠄ 《ᠬᠠᠮᠤᠭ᠎ᠤᠨ ᠲᠤᠮᠤ ᠨᠡᠭᠦᠷᠡᠰᠦᠨ ᠠᠭᠤᠷᠬᠠᠢ》᠎ᠠᠴᠠ 《ᠠᠩᠬᠠᠳᠠᠭᠴᠢ ᠲᠦᠷᠦᠭᠦᠦ ᠢᠵᠢ》 ᠪᠣᠯᠬᠤ ᠬᠥᠭᠵᠢᠯᠲᠡ ᠵᠢᠨ ᠬᠤᠪᠢᠷᠠᠯᠲᠠ
ᠪᠠᠢ᠌ᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠬᠡᠷᠡᠭᠴᠡᠭᠡ ᠵᠢ ᠬᠠᠩᠭ᠋ᠠᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠠᠵᠤ ᠠᠬᠤᠢ᠌ᠯᠠᠯ᠎ᠤᠨ ᠭᠣᠣᠯᠯᠠᠭᠴᠢ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠲᠤᠬᠠᠢ ᠶᠠᠷᠢᠪᠠ
ᠥᠪᠥᠷ ᠮᠣᠩᠭᠣᠯ ᠮᠠᠨ᠎ᠤ ᠤᠯᠤᠰ᠎ᠤᠨ ᠬᠠᠮᠤᠭ᠎ᠤᠨ ᠣᠷᠳᠣ 《ᠤᠰᠤᠲᠥ᠋ᠷᠥᠭᠴᠢ ᠡᠨᠧᠷᠭᠢ ᠵᠢᠨ ᠬᠣᠩᠭᠢᠯ》᠎ᠢ ᠪᠠᠢ᠌ᠭᠤᠯᠬᠤ᠎ᠪᠠᠷ ᠪᠣᠶ
ᠬᠥᠬᠡᠬᠣᠲᠠ᠄ ᠠᠺᠠᠳᠧᠮᠢᠴᠢ ᠵᠢᠨ ᠡᠬᠢ ᠪᠠᠶᠠᠯᠢᠭ᠎ᠢ ᠲᠥᠪᠯᠡᠷᠡᠭᠦᠯᠦᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠤ ᠪᠠᠢ᠌ᠨ᠎ᠠ
 
            
Baidu
map