ᠬᠡᠳᠦᠨ ᠤᠳᠠᠭ᠎ᠠ ᠵᠢᠨ ᠬᠠᠬᠢᠷ ᠡᠪᠦᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨᠭ᠋ᠠᠷ ᠬᠣᠰᠢᠭᠤᠨ᠎ᠤ ᠳ᠋ᠠ ᠯᠦ᠍ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠪᠠᠢ᠌ᠷᠢᠯᠠᠵᠤ᠂ ᠥᠪᠥᠷ ᠮᠣᠩᠭᠣᠯ᠎ᠤᠨ ᠵᠢᠦ᠎ᠲᠠᠢ ᠰᠢᠨ ᠶᠤᠸᠠᠨ ᠰᠢᠨ᠎ᠡ ᠮᠠᠲ᠋ᠧᠷᠢᠶᠠᠯ᠎ᠤᠨ ᠬᠢᠵᠠᠭ᠋ᠠᠷᠲᠤ ᠺᠣᠮᠫᠠᠨᠢ ᠵᠢᠨ ᠰᠢᠨ᠎ᠡ᠎ᠪᠠᠷ ᠪᠠᠢ᠌ᠭᠤᠯᠤᠭᠰᠠᠨ ᠲᠦᠷᠦᠯ ᠵᠦᠢ᠍ᠯ᠎ᠤᠨ ᠰᠠᠭᠤᠷᠢᠨ᠂ ᠰᠢᠨᠵᠢᠯᠡᠨ ᠰᠢᠯᠭ᠋ᠠᠬᠤ ᠲᠠᠰᠤᠭ᠂ ᠡᠵᠡᠮᠳᠡᠬᠦ ᠲᠠᠰᠤᠭ᠂ ᠴᠠᠬᠢᠯᠭ᠋ᠠᠨ ᠲᠦᠭᠡᠭᠡᠬᠦ ᠲᠠᠰᠤᠭ ᠵᠡᠷᠭᠡ ᠦᠢ᠍ᠯᠡᠳᠪᠦᠷᠢ ᠵᠢᠨ ᠪᠠᠢ᠌ᠰᠢᠩ ᠰᠦᠨᠳᠡᠷᠯᠡᠨ ᠪᠣᠰᠴᠤ᠂ ᠣᠳᠣᠬᠢᠴᠢᠯᠠᠭᠰᠠᠨ ᠠᠵᠤ ᠦᠢ᠍ᠯᠡᠳᠪᠦᠷᠢ ᠵᠢᠨ ᠦᠢ᠍ᠯᠡᠳᠪᠦᠷᠢ ᠵᠢᠨ ᠲᠣᠭᠣᠷᠢᠭ ᠪᠤᠢ ᠪᠣᠯᠪᠠ ᠃
《ᠡᠨᠡ ᠪᠣᠯ ᠳᠡᠯᠡᠬᠡᠶ ᠵᠢᠨ ᠠᠩᠬᠠᠳᠠᠭᠴᠢ ᠲᠦᠮᠡᠨ ᠲᠣᠨ᠎ᠤ ᠲᠠᠰ᠎ᠤᠨ ᠨᠡᠭᠦᠷᠡᠰᠦ ᠤᠰᠤᠲᠥ᠋ᠷᠥᠭᠴᠢ ᠵᠢᠨ ᠨᠢᠭᠡᠳᠪᠦᠷᠢ᠎ᠪᠠᠷ ᠦᠢᠯᠡᠳᠬᠦᠨ ᠪᠣᠯᠭ᠋ᠠᠭᠰᠠᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠠᠰᠢᠭᠯᠠᠬᠤ ᠲᠥᠷᠥᠯ ᠵᠦᠢᠯ ᠪᠣᠯᠤᠨ᠎ᠠ ᠃ ᠺᠣᠮᠫᠠᠨᠢ ᠵᠢᠨ ᠶᠡᠷᠦᠩᠬᠡᠶ ᠢᠨᠵᠧᠨᠧᠷ ᠼᠦᠢ ᠢᠦ᠋ᠶ ᠲᠠᠨᠢᠯᠴᠠᠭᠤᠯᠬᠤ᠎ᠳᠠᠭᠠᠨ᠂ ᠲᠣᠰ ᠲᠥᠷᠥᠯ ᠵᠦᠢᠯ᠎ᠤᠨ ᠭᠣᠤᠯ ᠪᠦᠲᠦᠭᠡᠭᠳᠡᠬᠦᠨ᠎ᠨᠢ ᠴᠥᠮ ᠳᠥᠷᠪᠡᠨ ᠮᠧᠲ᠋ᠢᠯᠲᠦ ᠪᠧᠨ᠋ᠽᠧᠨ ᠪᠠᠢ᠌ᠵᠤ᠂ ᠪᠢᠴᠢᠯ ᠡᠯᠧᠺᠲᠷᠣᠨ᠂ ᠰᠠᠨᠰᠠᠷ᠎ᠤᠨ ᠠᠶᠠᠯᠠᠯ ᠵᠢᠴᠢ ᠴᠡᠷᠢᠭ᠎ᠤᠨ ᠠᠵᠤ ᠦᠢᠯᠡᠳᠪᠦᠷᠢ ᠵᠡᠷᠭᠡ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠨ᠎ᠳᠤ ᠥᠷᠭᠡᠨ ᠵᠶ᠋ᠡᠷ ᠬᠡᠷᠡᠭᠯᠡᠵᠦ᠂ ᠲᠥᠷᠥᠯ ᠵᠦᠢᠯ᠎ᠨᠢ ᠠᠰᠢᠭᠯᠠᠯᠲᠠ᠎ᠳᠤ ᠣᠷᠣᠵᠤ ᠵᠢᠱ᠌ᠢᠶ᠎ᠡ ᠦᠵᠡᠭᠦᠯᠦᠭᠰᠡᠨ᠎ᠤ ᠳᠠᠷᠠᠭ᠎ᠠ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠵᠶ᠋ᠡᠷ ᠳᠡᠭᠡᠳᠦ ᠲᠠᠰ᠎ᠤᠨ ᠬᠢᠮᠢ ᠵᠢᠨ ᠦᠢᠯᠡᠳᠬᠦᠨ ᠦᠢᠯᠡᠳᠬᠦ ᠠᠵᠤ ᠦᠢᠯᠡᠳᠪᠦᠷᠢ ᠵᠢᠨ ᠱᠤᠭᠤᠮ᠎ᠢ ᠰᠦᠪᠡᠭᠴᠢᠯᠡᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠡᠶ ᠃
ᠵᠡᠭᠦᠨᠭ᠋ᠠᠷ ᠬᠣᠰᠢᠭᠤ ᠣᠯᠠᠨ ᠵᠢᠯ᠎ᠤᠨ ᠲᠤᠷᠰᠢ ᠨᠡᠭᠦᠷᠡᠰᠦ ᠮᠠᠯᠲᠠᠬᠤ᠎ᠪᠠᠷ ᠭᠣᠤᠯᠯᠠᠬᠤ ᠠᠵᠤ ᠦᠢᠯᠡᠰ ᠪᠣᠯᠭ᠋ᠠᠵᠤ᠂ ᠮᠠᠨ᠎ᠤ ᠤᠯᠤᠰ᠎ᠤᠨ ᠲᠠᠩ ᠨᠦᠬᠡ ᠵᠢᠨ ᠭᠠᠷᠤᠯᠲᠠ᠎ᠪᠠᠷ ᠬᠠᠮᠤᠭ᠎ᠤᠨ ᠶᠡᠬᠡ ᠬᠠᠲᠠᠢ᠌ᠭᠣᠣᠯ ᠵᠠᠳᠠᠭ᠋ᠠᠶ ᠨᠡᠭᠦᠷᠡᠰᠦᠨ ᠠᠭᠤᠷᠬᠠᠶ ᠵᠡᠷᠭᠡ ᠨᠢᠭᠡ ᠪᠦᠯᠦᠭ ᠲᠣᠮᠣ ᠬᠡᠯᠪᠡᠷᠢ ᠵᠢᠨ ᠨᠡᠭᠦᠷᠡᠰᠦᠨ ᠠᠭᠤᠷᠬᠠᠶ᠎ᠲᠠᠢ ᠪᠠᠢ᠌ᠳᠠᠭ ᠃ ᠣᠢ᠌ᠷ᠎ᠠ ᠵᠢᠨ ᠵᠢᠯ᠎ᠠᠴᠠ ᠨᠠᠭ᠋ᠠᠰᠢ᠂ ᠵᠡᠭᠦᠨᠭ᠋ᠠᠷ ᠬᠣᠰᠢᠭᠤ ᠶᠠᠭ ᠰᠠᠢ᠌ᠬᠠᠨ ᠰᠡᠮᠡᠭᠡᠷ ᠬᠤᠪᠢᠷᠠᠵᠤ᠂ ᠵᠢᠦ᠎ᠲᠠᠢ᠂ ᠲᠢᠶᠠᠨ ᠾᠧ᠂ ᠶᠤᠸᠠᠨ ᠵᠢᠩ᠂ ᠰᠢᠤᠢ ᠬᠥᠩ ᠵᠡᠷᠭᠡ ᠠᠵᠢᠯ ᠲᠥᠷᠥᠯ᠎ᠤᠨ ᠲᠦᠷᠦᠭᠦᠦ ᠠᠵᠤ ᠠᠬᠤᠢ᠌ᠯᠠᠯ ᠬᠣᠢ᠌ᠨ᠎ᠠ ᠬᠣᠢ᠌ᠨ᠎ᠠ᠎ᠠᠴᠠ᠎ᠪᠠᠨ ᠣᠷᠣᠵᠤ᠂ ᠨᠢᠭᠡ ᠪᠦᠯᠦᠭ ᠳᠡᠯᠡᠬᠡᠶ ᠵᠢᠨ ᠪᠠ ᠤᠯᠤᠰ᠎ᠤᠨ ᠳᠣᠲᠣᠭ᠋ᠠᠳᠤ᠎ᠳᠤ ᠲᠡᠷᠢᠭᠦᠯᠡᠭᠰᠡᠨ 《ᠠᠩᠬᠠᠳᠠᠭᠴᠢ ᠢᠵᠢ ᠠᠩᠬᠠᠨ᠎ᠤ ᠮᠡᠷᠭᠡᠵᠢᠯ》᠂ ᠰᠢᠨ᠎ᠡ ᠲᠣᠨᠣᠭ ᠲᠥᠬᠥᠭᠡᠷᠦᠮᠵᠢ᠂ ᠰᠢᠨ᠎ᠡ ᠤᠷ᠎ᠠ ᠮᠡᠷᠭᠡᠰᠢᠯ ᠦᠷᠭᠦᠯᠵᠢᠯᠡᠨ ᠪᠣᠳᠠᠲᠠᠢ᠌ᠵᠢᠪᠠ ᠃
ᠵᠡᠭᠦᠨᠭ᠋ᠠᠷ ᠬᠣᠰᠢᠭᠤ ᠪᠣᠯ ᠨᠢᠭᠡ ᠭᠠᠵᠠᠷ᠎ᠤᠨ ᠬᠤᠪᠢᠷᠠᠯᠲᠠ ᠪᠢᠰᠢ᠂ 《ᠬᠣᠨᠢ ᠨᠡᠭᠦᠷᠡᠰᠦ ᠬᠣᠪᠣᠷ ᠰᠢᠷᠣᠶ ᠵᠢᠨ ᠬᠡᠶ》᠎ᠪᠠᠷ ᠨᠡᠷ᠎ᠡ ᠠᠯᠳᠠᠷᠰᠢᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠣᠲᠣ ᠠᠵᠤ ᠦᠢᠯᠡᠰ᠎ᠤᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠪ ᠨᠠᠮᠪᠠ》 ᠵᠢ ᠤᠯᠠᠮ᠎ᠠᠴᠠ ᠤᠯᠠᠮ ᠢᠯᠡᠷᠡᠭᠦᠯᠵᠦ ᠪᠣᠶ᠄ ᠠᠩᠬᠠᠳᠠᠭᠴᠢ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠨᠳᠦ ᠠᠴᠢᠶᠠᠨ᠎ᠤ ᠮᠠᠰᠢᠨ᠂ ᠠᠩᠬᠠᠳᠠᠭᠴᠢ ᠴᠡᠪᠡᠷ ᠤᠰᠤᠲᠥ᠋ᠷᠥᠭᠴᠢᠲᠦ ᠰᠢᠲᠠᠮᠠᠬᠠᠶ ᠬᠡᠶ ᠵᠢᠨ ᠲᠦᠷᠪᠢᠨᠤ ᠵᠢᠱ᠌ᠢᠶ᠎ᠡ ᠦᠵᠡᠭᠦᠯᠬᠦ ᠲᠥᠷᠥᠯ ᠵᠦᠢᠯ᠂ ᠠᠩᠬᠠᠳᠠᠭᠴᠢ ᠪᠥᠬᠥ ᠲᠠᠯ᠎ᠠ ᠵᠢᠨ ᠣᠶᠤᠨᠴᠢᠯᠠᠭᠰᠠᠨ ᠵᠠᠭᠤᠨ ᠲᠦᠮᠡᠨ ᠺᠢᠯᠣᠸᠠᠲ᠎ᠤᠨ ᠮᠠᠰᠢᠨ ᠴᠣᠭᠴᠠᠯᠠᠪᠤᠷᠢ ᠤᠮᠠᠷᠠᠲᠤ ᠬᠢᠯᠢ᠎ᠳᠤ ᠪᠠᠢ᠌ᠷᠢᠯᠠᠭᠰᠠᠨ ᠥᠪᠥᠷ ᠮᠣᠩᠭᠣᠯ ᠰᠢᠨ᠎ᠡ ᠵᠢ ᠡᠭᠦᠳᠬᠦ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ ᠪᠣᠶ ᠃
《ᠬᠥᠭᠵᠢᠭᠡᠳᠦᠢ ᠭᠠᠵᠠᠷ ᠣᠷᠣᠨ᠎ᠳᠤ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠤᠳᠤᠯᠭ᠎ᠠ ᠵᠢ ᠬᠡᠷᠡᠭᠵᠢᠭᠦᠯᠬᠦ ᠴᠢᠬᠤᠯᠠᠲᠠᠢ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ᠂ ᠴᠢᠨᠠᠷ ᠰᠠᠢ᠌ᠲᠠᠶ ᠬᠥᠭᠵᠢᠯᠲᠡ ᠵᠢ ᠪᠡᠶᠡᠯᠡᠭᠦᠯᠬᠦ ᠵᠠᠮ ᠳᠡᠭᠡᠷ᠎ᠡ᠂ ᠥᠪᠥᠷ ᠮᠣᠩᠭᠣᠯ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ᠎ᠪᠠᠷ ᠶᠡᠷᠦᠩᠬᠡᠢ᠌ᠯᠡᠨ ᠵᠢᠯᠣᠭᠣᠳᠣᠭᠤᠯᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ᠎ᠤᠨ ᠬᠡᠷᠡᠭᠴᠡᠭᠡ᠎ᠪᠠᠷ ᠭᠣᠤᠯ ᠤᠳᠤᠷᠢᠳᠤᠮᠵᠢ ᠪᠣᠯᠭ᠋ᠠᠬᠤ ᠵᠢᠨ ᠲᠣᠭᠣᠷᠢᠨ᠎ᠳᠤ ᠤᠯᠤᠰ᠎ᠤᠨ ᠲᠠᠰ᠎ᠤᠨ ᠰᠢᠨ᠎ᠡ ᠵᠢ ᠡᠭᠦᠳᠬᠦ ᠲᠠᠪᠴᠠᠩ᠎ᠢ ᠪᠠᠢ᠌ᠭᠤᠯᠵᠤ᠂ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠦᠬᠦᠯᠢ ᠴᠣᠭᠴᠠ ᠵᠢᠨ ᠦᠷ᠎ᠡ ᠪᠦᠲᠦᠮᠵᠢ ᠵᠢ ᠲᠦᠷᠭᠡᠳᠬᠡᠨ ᠳᠡᠭᠡᠭᠰᠢᠯᠡᠭᠦᠯᠵᠦ᠂ ᠬᠠᠮᠵᠢᠯᠴᠠᠭᠰᠠᠨ ᠥᠨᠳᠥᠷ ᠪᠦᠲᠦᠮᠵᠢᠲᠡᠶ ᠣᠷᠣᠨ ᠪᠦᠰᠡ ᠵᠢᠨ ᠰᠢᠨ᠎ᠡ ᠵᠢ ᠡᠭᠦᠳᠬᠦ ᠰᠢᠰᠲ᠋ᠧᠮ᠎ᠢ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠤᠯᠭ᠋ᠠᠭᠤᠷᠢᠯᠠᠬᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠰᠢᠨ᠎ᠡ ᠵᠢ ᠡᠭᠦᠳᠬᠦ ᠬᠡᠯᠪᠡᠷᠢ ᠵᠢᠨ ᠥᠪᠥᠷ ᠮᠣᠩᠭᠣᠯ᠎ᠢ ᠪᠥᠬᠥ ᠬᠦᠴᠦᠨ ᠵᠶ᠋ᠡᠷ ᠵᠶ᠋ᠡᠨ ᠪᠥᠲᠥᠭᠡᠨ ᠪᠠᠢ᠌ᠭᠤᠯᠤᠨ᠎ᠠ ᠭᠡᠪᠡ᠃
2012 ᠣᠨ᠎ᠠᠴᠠ ᠨᠠᠰᠢ᠂ ᠥᠪᠥᠷ ᠮᠣᠩᠭᠣᠯ᠎ᠤᠨ ᠪᠥᠬᠥ ᠨᠡᠢ᠌ᠭᠡᠮ᠎ᠤᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ ᠵᠢᠨ ᠵᠠᠷᠤᠳᠠᠯ᠎ᠤᠨ ᠣᠷᠣᠭᠤᠯᠤᠯᠲᠠ ᠵᠢᠯ ᠳᠤᠮᠳᠠᠴᠢ᠎ᠪᠠᠷ 7 . 2 % ᠵᠶ᠋ᠠᠷ ᠨᠡᠮᠡᠭᠳᠡᠵᠦ᠂ ᠤᠯᠤᠰ᠎ᠤᠨ ᠳᠣᠲᠣᠭ᠋ᠠᠳᠤ ᠵᠢᠨ ᠪᠦᠲᠦᠮᠵᠢᠲᠡᠶ ᠡᠭᠦᠳᠦᠯᠲᠡ ᠵᠢᠨ ᠲᠤᠰᠬᠠᠶ ᠠᠰᠢᠭ᠎ᠤᠨ ᠲᠣᠭ᠎ᠠ 4 ᠳᠠᠬᠢᠨ ᠰᠢᠬᠠᠮ ᠨᠡᠮᠡᠭᠳᠡᠵᠦ᠂ ᠣᠢ᠌ᠷ᠎ᠠ ᠵᠢᠨ 3 ᠵᠢᠯ᠎ᠤᠨ ᠲᠤᠷᠰᠢ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠤᠨ ᠲᠣᠭ᠎ᠠ ᠲᠣᠰ ᠲᠣᠰ 40 %᠂ 184 %᠎ᠪᠠᠷ ᠨᠡᠮᠡᠭᠳᠡᠪᠡ᠃