ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ ᠬᠠᠮᠲᠤᠷᠠᠨ 《ᠵᠠᠬ᠎ᠠ ᠳᠡᠯᠭᠡᠭᠦᠷ ᠵᠶ᠋ᠡᠷ ᠤᠳᠤᠷᠢᠳᠤᠮᠵᠢ ᠪᠣᠯᠭ᠋ᠠᠭᠰᠠᠨ ᠪᠣᠬᠢᠷᠲᠤᠯ ᠥᠬᠡᠶ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠲᠥᠰᠦᠯ (2023-2025 ᠣᠨ)》 ᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2022-12-31


      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯᠳᠤᠭ᠋ᠠᠨ᠎ᠤ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠵᠠᠬ᠎ᠠ ᠳᠡᠯᠭᠡᠭᠦᠷ ᠵᠶ᠋ᠡᠷ ᠤᠳᠤᠷᠢᠳᠤᠮᠵᠢ ᠪᠣᠯᠭ᠋ᠠᠭᠰᠠᠨ ᠪᠣᠬᠢᠷᠲᠤᠯ ᠦᠭᠡᠢ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠲᠡᠷᠢᠭᠦᠨ᠎ᠤ ᠮᠡᠷᠭᠡᠵᠢᠯ᠎ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠵᠦ᠂ ᠪᠣᠬᠢᠷᠲᠤᠯ ᠦᠭᠡᠢ ᠮᠡᠷᠭᠡᠵᠢᠯ᠎ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠳᠤ ᠦᠵᠡᠭᠦᠯᠬᠦ ᠵᠠᠩᠭᠢᠯᠠᠭ᠎ᠠ ᠵᠢᠨ ᠲᠤᠯᠭ᠋ᠠᠭᠤᠷᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠥᠯᠥᠭᠡ᠂ ᠣᠢ᠌ᠷ᠎ᠠ᠎ᠳᠤ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠬᠠᠮᠲᠤᠷᠠᠨ 《ᠵᠠᠬ᠎ᠠ ᠳᠡᠯᠭᠡᠭᠦᠷ ᠵᠶ᠋ᠡᠷ ᠤᠳᠤᠷᠢᠳᠤᠮᠵᠢ ᠪᠣᠯᠭ᠋ᠠᠭᠰᠠᠨ ᠪᠣᠬᠢᠷᠲᠤᠯ ᠦᠭᠡᠢ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠲᠥᠰᠦᠯ (2023-2025 ᠣᠨ)》 (ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠠᠬᠤᠢ ᠡᠬᠢ ᠪᠠᠶᠠᠯᠢᠭ 【2022】1885 ᠳ᠋ᠤᠭ᠋ᠠᠷ ᠲᠣᠭ᠋ᠠᠲᠤ᠂ ᠳᠣᠷᠣᠭᠰᠢ 《ᠬᠡᠷᠡᠭᠵᠢᠭᠦᠯᠬᠦ ᠲᠥᠰᠦᠯ》 ᠭᠡᠵᠦ ᠲᠣᠪᠴᠢᠯᠠᠨ᠎ᠠ  ᠃
  《ᠬᠡᠷᠡᠭᠵᠢᠭᠦᠯᠬᠦ ᠲᠥᠰᠦᠯ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠳᠬᠠᠵᠤ᠂ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠰᠢᠨ᠎ᠡ ᠵᠢ ᠡᠭᠦᠳᠬᠦ ᠦᠢᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠳᠬᠠᠵᠤ᠂ ᠡᠯ᠎ᠡ ᠲᠥᠷᠥᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠠᠮᠢᠵᠢᠷᠠᠯ᠎ᠤᠨ ᠬᠦᠴᠦᠨ ᠥᠷᠢᠰᠥᠯᠳᠦᠨ ᠪᠠᠳᠠᠷᠠᠭᠰᠠᠨ᠂ ᠦᠢᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢ ᠵᠣᠯᠭ᠋ᠠᠭᠤᠯᠤᠭᠰᠠᠨ ᠥᠨᠳᠥᠷ ᠪᠦᠲᠦᠮᠵᠢᠲᠡᠶ᠂ ᠰᠢᠨ᠎ᠡ ᠵᠢ ᠡᠭᠦᠳᠬᠦ ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠦᠭᠰᠡᠨ ᠪᠣᠬᠢᠷᠲᠤᠯ ᠥᠬᠡᠶ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠪᠠᠢ᠌ᠷᠢᠰᠢᠯ᠎ᠢ ᠠᠬᠢᠭᠤᠯᠤᠨ ᠪᠦᠷᠢᠯᠳᠦᠭᠦᠯᠵᠦ᠂ 9 ᠵᠦᠢᠯ᠎ᠤᠨ ᠭᠣᠤᠯᠳᠠᠯᠭ᠎ᠠ᠎ᠲᠠᠢ ᠡᠭᠦᠷᠭᠡ ᠵᠢ ᠲᠣᠭᠲᠠᠭ᠋ᠠᠪᠠ᠄ ᠨᠢᠭᠡ᠎ᠳᠤ ᠪᠣᠬᠢᠷᠲᠤᠯ ᠥᠬᠡᠶ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠨ᠎ᠠ᠂ ᠡᠭᠦᠨ᠎ᠳᠤ ᠪᠣᠬᠢᠷᠲᠤᠯ ᠥᠬᠡᠶ ᠮᠡᠷᠭᠡᠵᠢᠯ᠎ᠤᠨ ᠰᠢᠨ᠎ᠡ ᠵᠢ ᠡᠭᠦᠳᠬᠦ ᠴᠢᠭᠯᠡᠯ᠎ᠢ ᠲᠣᠳᠣᠷᠬᠠᠢ᠌ᠯᠠᠬᠤ᠂ ᠵᠠᠩᠭᠢᠯᠠᠭ᠎ᠠ ᠵᠢᠨ ᠪᠣᠬᠢᠷᠲᠤᠯ ᠥᠬᠡᠶ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠴᠢᠩᠭ᠋ᠠᠳᠬᠠᠬᠤ ᠵᠡᠷᠭᠡ ᠪᠠᠭᠲᠠᠨ᠎ᠠ  ᠃ ᠬᠣᠶᠠᠷ᠎ᠲᠤ᠂ ᠪᠣᠬᠢᠷᠲᠤᠯ ᠦᠭᠡᠢ ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢ ᠪᠤᠵᠠᠭ᠋ᠠᠢ᠌ᠷᠠᠭᠤᠯᠤᠨ᠎ᠠ᠂ ᠡᠭᠦᠨ᠎ᠳᠤ ᠪᠣᠬᠢᠷᠲᠤᠯ ᠦᠭᠡᠢ ᠮᠡᠷᠭᠡᠵᠢᠯ᠎ᠤᠨ ᠰᠢᠨ᠎ᠡ ᠵᠢ ᠡᠭᠦᠳᠬᠦ ᠠᠵᠤ ᠠᠬᠤᠢ᠌ᠯᠠᠯ᠎ᠢ ᠪᠣᠢ᠌ᠵᠢᠭᠤᠯᠬᠤ᠂ ᠰᠢᠨ᠎ᠡ ᠵᠢ ᠡᠭᠦᠳᠬᠦ ᠲᠠᠪᠴᠠᠩ᠎ᠤᠨ ᠰᠠᠭᠤᠷᠢᠨ᠎ᠤ ᠪᠦᠳᠦᠭᠡᠨ ᠪᠠᠢ᠌ᠭᠤᠯᠤᠯᠲᠠ ᠵᠢ ᠴᠢᠩᠭ᠋ᠠᠳᠬᠠᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ ᠵᠢᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠵᠡᠷᠭᠡ ᠵᠢ ᠪᠠᠭᠲᠠᠭ᠋ᠠᠨ᠎ᠠ  ᠃ ᠭᠤᠷᠪᠠ᠎ᠳᠤ᠂ ᠪᠣᠬᠢᠷᠲᠤᠯ ᠥᠬᠡᠶ ᠮᠡᠷᠭᠡᠵᠢᠯ᠎ᠤᠨ ᠰᠢᠨ᠎ᠡ ᠵᠢ ᠡᠭᠦᠳᠬᠦ ᠬᠠᠮᠵᠢᠯᠴᠠᠭ᠎ᠠ ᠵᠢ ᠠᠬᠢᠭᠤᠯᠤᠨ᠎ᠠ᠂ ᠡᠭᠦᠨ᠎ᠳᠤ ᠰᠢᠨ᠎ᠡ ᠵᠢ ᠡᠭᠦᠳᠬᠦ ᠭᠣᠤᠯ ᠴᠣᠭᠴᠠ ᠵᠢᠨ ᠬᠠᠮᠵᠢᠯᠴᠠᠨ ᠠᠭᠤᠰᠤᠯᠴᠠᠬᠤ ᠵᠢ ᠠᠬᠢᠭᠤᠯᠬᠤ᠂ ᠬᠠᠮᠢᠶ᠎ᠠ ᠪᠥᠬᠥᠶ ᠪᠠᠢ᠌ᠭᠤᠯᠤᠮᠵᠢ ᠵᠢᠨ ᠦᠢᠯᠡᠳᠦᠯ᠎ᠢ ᠨᠠᠩ ᠰᠠᠢ᠌ᠲᠤᠷ ᠪᠠᠳᠠᠷᠠᠭᠤᠯᠬᠤ ᠵᠡᠷᠭᠡ ᠪᠠᠭᠲᠠᠨ᠎ᠠ  ᠃ ᠳᠥᠷᠪᠡ᠎ᠳᠤ ᠪᠣᠬᠢᠷᠲᠤᠯ ᠥᠬᠡᠶ ᠮᠡᠷᠭᠡᠵᠢᠯ᠎ᠢ ᠤᠯᠠᠷᠢᠭᠤᠯᠤᠨ ᠬᠡᠷᠡᠭᠯᠡᠬᠦ ᠵᠢ ᠲᠦᠷᠭᠡᠳᠬᠡᠨ᠎ᠡ᠂ ᠡᠭᠦᠨ᠎ᠳᠤ ᠪᠣᠬᠢᠷᠲᠤᠯ ᠥᠬᠡᠶ ᠮᠡᠷᠭᠡᠵᠢᠯ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢ ᠠᠬᠢᠭᠤᠯᠬᠤ᠂ ᠪᠣᠬᠢᠷᠲᠤᠯ ᠥᠬᠡᠶ ᠮᠡᠷᠭᠡᠵᠢᠯ᠎ᠢ ᠳᠡᠯᠭᠡᠷᠡᠭᠦᠯᠬᠦ ᠲᠣᠭᠲᠠᠴᠠ ᠵᠢ ᠪᠦᠷᠢᠨᠰᠢᠬᠦᠯᠬᠦ᠂ ᠪᠣᠬᠢᠷᠲᠤᠯ ᠥᠬᠡᠶ ᠮᠡᠷᠭᠡᠵᠢᠯ᠎ᠤᠨ ᠦᠢᠯᠡᠳᠬᠦᠨ᠎ᠤ ᠬᠡᠷᠡᠭᠯᠡᠭᠡᠨ᠎ᠢ ᠵᠣᠷᠢᠭᠵᠢᠭᠤᠯᠬᠤ ᠵᠡᠷᠭᠡ ᠪᠠᠭᠲᠠᠨ᠎ᠠ  ᠃ ᠲᠠᠪᠤ᠎ᠳᠤ ᠪᠣᠬᠢᠷᠲᠤᠯ ᠦᠭᠡᠢ ᠮᠡᠷᠭᠡᠵᠢᠯ᠎ᠤᠨ ᠦᠨᠡᠯᠡᠯᠲᠡ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠂ ᠡᠭᠦᠨ᠎ᠳᠤ ᠪᠣᠬᠢᠷᠲᠤᠯ ᠦᠭᠡᠢ ᠮᠡᠷᠭᠡᠵᠢᠯ᠎ᠤᠨ ᠪᠠᠷᠢᠮᠵᠢᠶ᠎ᠠ ᠵᠢ ᠪᠠᠢ᠌ᠭᠤᠯᠤᠨ ᠲᠡᠭᠦᠯᠳᠡᠷᠵᠢᠭᠦᠯᠬᠦ᠂ ᠪᠣᠬᠢᠷᠲᠤᠯ ᠦᠭᠡᠢ ᠮᠡᠷᠭᠡᠵᠢᠯ᠎ᠤᠨ ᠦᠨᠡᠯᠡᠯᠲᠡ ᠵᠢ ᠠᠬᠢᠭᠤᠯᠬᠤ ᠵᠡᠷᠭᠡ ᠪᠠᠭᠲᠠᠨ᠎ᠠ  ᠃ ᠵᠢᠷᠭᠤᠭ᠎ᠠ᠎ᠳᠤ᠂ ᠮᠥᠩᠭᠥᠨ ᠭᠦᠢᠯᠭᠡᠭᠡᠨ᠎ᠤ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ᠂ ᠡᠳ᠋᠎ᠤᠨ ᠵᠠᠰᠠᠭ ᠭᠠᠢ᠌ᠯᠢ ᠵᠢᠨ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢ ᠴᠢᠩᠭ᠋ᠠᠳᠬᠠᠬᠤ ᠵᠡᠷᠭᠡ ᠵᠢ ᠪᠠᠭᠲᠠᠭ᠋ᠠᠭᠰᠠᠨ ᠪᠣᠬᠢᠷᠲᠤᠯ ᠥᠬᠡᠶ ᠮᠡᠷᠭᠡᠵᠢᠯ ᠡᠳ᠋᠎ᠤᠨ ᠵᠠᠰᠠᠭ ᠭᠠᠢ᠌ᠯᠢ ᠮᠥᠩᠭᠥᠨ ᠭᠦᠢᠯᠭᠡᠭᠡᠨ᠎ᠤ ᠳᠡᠮᠵᠢᠯᠭᠡ ᠵᠢ ᠨᠡᠮᠡᠭᠳᠡᠭᠦᠯᠦᠨ᠎ᠡ  ᠃ ᠳᠣᠯᠣᠭ᠎ᠠ᠎ᠳᠤ ᠪᠣᠬᠢᠷᠲᠤᠯ ᠥᠬᠡᠶ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠂ ᠡᠭᠦᠨ᠎ᠳᠤ ᠪᠣᠬᠢᠷᠲᠤᠯ ᠥᠬᠡᠶ ᠮᠡᠷᠭᠡᠵᠢᠯ᠎ᠤᠨ ᠰᠤᠳᠤᠯᠤᠨ ᠨᠡᠭᠡᠭᠡᠬᠦ ᠴᠢᠳᠠᠪᠤᠷᠢᠲᠠᠨ᠎ᠢ ᠬᠥᠮᠦᠵᠢᠭᠦᠯᠬᠦ᠂ ᠪᠣᠬᠢᠷᠲᠤᠯ ᠥᠬᠡᠶ ᠮᠡᠷᠭᠡᠵᠢᠯ᠎ᠤᠨ ᠵᠠᠭᠤᠴᠢᠯᠠᠭᠴᠢ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠵᠡᠷᠭᠡ ᠪᠠᠭᠲᠠᠨ᠎ᠠ  ᠃ ᠨᠠᠢᠮᠠ᠎ᠳᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠢᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠂ ᠪᠣᠬᠢᠷᠲᠤᠯ ᠥᠬᠡᠶ ᠮᠡᠷᠭᠡᠵᠢᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠵᠡᠷᠭᠡ ᠵᠢ ᠪᠠᠭᠲᠠᠭ᠋ᠠᠭᠰᠠᠨ ᠪᠣᠬᠢᠷᠲᠤᠯ ᠥᠬᠡᠶ ᠮᠡᠷᠭᠡᠵᠢᠯ᠎ᠤᠨ ᠥᠮᠴᠢᠯᠡᠬᠦ ᠡᠷᠬᠡ ᠵᠢᠨ ᠦᠢᠯᠡᠴᠢᠯᠡᠭᠡᠨ᠎ᠤ ᠬᠠᠮᠠᠭ᠋ᠠᠯᠠᠯᠲᠠ ᠵᠢ ᠴᠢᠩᠭ᠋ᠠᠷᠠᠭᠤᠯᠤᠨ᠎ᠠ  ᠃ ᠶᠢᠰᠦ᠎ᠳᠤ ᠪᠣᠬᠢᠷᠲᠤᠯ ᠥᠬᠡᠶ ᠮᠡᠷᠭᠡᠵᠢᠯ᠎ᠢ 《ᠣᠷᠣᠭᠤᠯᠤᠨ ᠠᠪᠴᠢᠷᠠᠬᠤ》᠂ ᠪᠣᠬᠢᠷᠲᠤᠯ ᠥᠬᠡᠶ ᠮᠡᠷᠭᠡᠵᠢᠯ᠎ᠢ 《ᠭᠠᠳᠠᠭᠰᠢ ᠭᠠᠷᠬᠤ ᠵᠢ ᠵᠣᠷᠢᠭᠵᠢᠭᠤᠯᠬᠤ ᠵᠡᠷᠭᠡ ᠵᠢ ᠪᠠᠭᠲᠠᠭ᠋ᠠᠭᠰᠠᠨ ᠪᠣᠬᠢᠷᠲᠤᠯ ᠥᠬᠡᠶ ᠮᠡᠷᠭᠡᠵᠢᠯ᠎ᠤᠨ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠎ᠡ  ᠃
  《ᠬᠡᠷᠡᠭᠵᠢᠭᠦᠯᠬᠦ ᠲᠥᠰᠦᠯ》᠎ᠳᠤ᠂ 2025 ᠣᠨ ᠪᠣᠯᠬᠤ᠎ᠳᠤ᠂ ᠵᠠᠬ᠎ᠠ ᠳᠡᠯᠭᠡᠭᠦᠷ ᠵᠶ᠋ᠡᠷ ᠤᠳᠤᠷᠢᠳᠤᠮᠵᠢ ᠪᠣᠯᠭ᠋ᠠᠭᠰᠠᠨ ᠪᠣᠬᠢᠷᠲᠤᠯ ᠥᠬᠡᠶ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠬᠢᠷᠲᠤᠯ ᠥᠬᠡᠶ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠳᠤ ᠦᠵᠡᠭᠦᠯᠬᠦ ᠲᠤᠯᠭ᠋ᠠᠭᠤᠷᠢᠯᠠᠬᠤ ᠴᠢᠳᠠᠪᠤᠷᠢ ᠵᠢ ᠦᠷᠭᠦᠯᠵᠢᠯᠡᠨ ᠴᠢᠩᠭ᠋ᠠᠷᠠᠭᠤᠯᠤᠨ᠎ᠠ  ᠃ ᠠᠵᠤ ᠠᠬᠤᠢ᠌ᠯᠠᠯ᠎ᠤᠨ ᠪᠣᠬᠢᠷᠲᠤᠯ ᠦᠭᠡᠢ ᠮᠡᠷᠭᠡᠵᠢᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ ᠤᠯᠠᠮ ᠨᠢᠭᠡ ᠠᠯᠬᠤᠮ ᠪᠤᠵᠠᠭ᠋ᠠᠢ᠌ᠷᠠᠪᠠ  ᠃ ᠡᠯ᠎ᠡ ᠲᠥᠷᠥᠯ᠎ᠤᠨ ᠪᠣᠬᠢᠷᠲᠤᠯ ᠥᠬᠡᠶ ᠮᠡᠷᠭᠡᠵᠢᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠪᠠᠳᠠᠷᠠᠭᠤᠯᠵᠤ᠂ ᠬᠠᠮᠵᠢᠯᠴᠠᠨ ᠰᠢᠨ᠎ᠡ ᠵᠢ ᠡᠭᠦᠳᠬᠦ ᠵᠢ ᠨᠠᠩ ᠥᠨᠳᠥᠷ ᠪᠦᠲᠦᠮᠵᠢᠲᠡᠶ ᠪᠣᠯᠭ᠋ᠠᠨ᠎ᠠ  ᠃ ᠪᠣᠬᠢᠷᠲᠤᠯ ᠦᠭᠡᠢ ᠮᠡᠷᠭᠡᠵᠢᠯ᠎ᠤᠨ ᠬᠠᠩᠭ᠋ᠠᠯᠭ᠎ᠠ ᠵᠢᠨ ᠴᠢᠳᠠᠪᠤᠷᠢ ᠵᠢ ᠢᠯᠡᠳᠲᠡ ᠳᠡᠭᠡᠭᠰᠢᠯᠡᠭᠦᠯᠦᠨ᠎ᠡ  ᠃ ᠪᠣᠬᠢᠷᠲᠤᠯ ᠥᠬᠡᠶ ᠮᠡᠷᠭᠡᠵᠢᠯ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠨᠠᠩ ᠵᠢᠷᠤᠮᠵᠢᠭᠤᠨ ᠪᠥᠭᠡᠳ ᠡᠮᠬᠢ ᠵᠢᠷᠤᠮ᠎ᠲᠠᠢ ᠪᠣᠯᠭ᠋ᠠᠨ᠎ᠠ  ᠃ ᠪᠣᠬᠢᠷᠲᠤᠯ ᠦᠭᠡᠢ ᠮᠡᠷᠭᠡᠵᠢᠯ᠎ᠢ ᠦᠨᠡᠯᠡᠬᠦ᠂ ᠮᠥᠩᠭᠥᠨ ᠭᠦᠢ᠍ᠯᠭᠡᠭᠡᠨ᠎ᠤ ᠳᠡᠮᠵᠢᠯᠭᠡ᠂ ᠴᠢᠳᠠᠪᠤᠷᠢᠲᠠᠨ᠎ᠢ ᠬᠥᠮᠦᠵᠢᠭᠦᠯᠬᠦ᠂ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠵᠡᠷᠭᠡ ᠦᠢ᠍ᠯᠡᠴᠢᠯᠡᠭᠡᠨ᠎ᠤ ᠪᠠᠲᠤᠯᠠᠭ᠎ᠠ ᠵᠢ ᠪᠦᠬᠦ ᠲᠠᠯ᠎ᠠ᠎ᠪᠠᠷ ᠰᠢᠯᠢᠳᠡᠭᠵᠢᠭᠦᠯᠪᠡ  ᠃ ᠪᠣᠬᠢᠷᠲᠤᠯ ᠦᠭᠡᠢ ᠮᠡᠷᠭᠡᠵᠢᠯ᠎ᠤᠨ ᠬᠦᠷᠢᠶᠡᠨ᠎ᠳᠠᠬᠢ ᠤᠯᠠᠨ ᠤᠯᠤᠰ᠎ᠤᠨ ᠰᠣᠯᠢᠯᠴᠠᠭ᠎ᠠ ᠪᠠ ᠭᠠᠳᠠᠭᠰᠢ ᠨᠡᠭᠡᠭᠡᠯᠳᠡ ᠦᠷᠭᠦᠯᠵᠢᠯᠡᠨ ᠭᠦᠨᠵᠡᠭᠡᠢ᠌ᠷᠡᠪᠡ  ᠃
  《ᠬᠡᠷᠡᠭᠵᠢᠭᠦᠯᠬᠦ ᠲᠥᠰᠦᠯ》᠎ᠳᠤ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ ᠪᠣᠬᠢᠷᠲᠤᠯ ᠥᠬᠡᠶ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠨᠢᠭᠡᠳᠦᠯᠲᠡᠶ ᠲᠥᠯᠥᠪᠵᠢᠭᠦᠯᠬᠦ᠎ᠪᠠᠨ ᠦᠷᠭᠦᠯᠵᠢᠯᠡᠨ ᠴᠢᠩᠭ᠋ᠠᠳᠬᠠᠬᠤ ᠬᠡᠷᠡᠭᠲᠡᠶ  ᠃ ᠪᠣᠬᠢᠷᠲᠤᠯ ᠥᠬᠡᠶ ᠮᠡᠷᠭᠡᠵᠢᠯ᠎ᠤᠨ ᠰᠢᠨ᠎ᠡ ᠵᠢ ᠡᠭᠦᠳᠬᠦ ᠶᠠᠮᠤᠨ᠎ᠤ ᠬᠣᠭᠣᠷᠣᠨᠳᠣᠬᠢ ᠵᠣᠬᠢᠴᠠᠭᠤᠯᠬᠤ ᠲᠣᠭᠲᠠᠴᠠ ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢᠳᠪᠦᠷᠢᠯᠡᠨ᠎ᠡ  ᠃ ᠡᠯ᠎ᠡ ᠭᠠᠵᠠᠷ ᠣᠷᠣᠨ᠎ᠨᠤᠭᠤᠳ ᠪᠣᠳᠠᠲᠠᠶ᠎ᠲᠠᠢ᠎ᠪᠠᠨ ᠤᠶᠠᠯᠳᠤᠭᠤᠯᠤᠨ ᠡᠯ᠎ᠡ ᠵᠦᠢᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠂ ᠬᠠᠮᠢᠶ᠎ᠠ ᠪᠥᠬᠥᠶ ᠠᠵᠢᠯᠯᠠᠭ᠋ᠠᠨ᠎ᠤ ᠲᠥᠯᠥᠪᠯᠡᠭᠡ ᠪᠤᠶᠤ ᠬᠡᠷᠡᠭᠵᠢᠭᠦᠯᠬᠦ ᠲᠥᠰᠦᠯ᠎ᠢ ᠲᠣᠭᠲᠠᠭ᠋ᠠᠨ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠪᠣᠬᠢᠷᠲᠤᠯ ᠥᠬᠡᠶ ᠮᠡᠷᠭᠡᠵᠢᠯ᠎ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠵᠢ ᠯᠠᠪᠳᠠᠭᠤᠨ ᠪᠠᠲᠤᠲᠠᠶ ᠠᠬᠢᠭᠤᠯᠤᠨ᠎ᠠ  ᠃ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ ᠲᠡᠷᠡ ᠳᠠᠷᠤᠢ᠎ᠳᠤᠨᠢ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠲᠡᠷᠢᠭᠦᠨ᠎ᠤ ᠠᠷᠭ᠎ᠠ ᠬᠢᠳᠡᠯ ᠪᠣᠯᠤᠨ ᠨᠡᠢ᠌ᠲᠡᠯᠢᠭ ᠲᠤᠷᠰᠢᠯᠭ᠎ᠠ ᠵᠢ ᠤᠬᠠᠭᠤᠯᠵᠤ᠂ ᠪᠦᠬᠦ ᠨᠡᠢ᠌ᠭᠡᠮ᠎ᠳᠤ ᠪᠣᠬᠢᠷᠲᠤᠯ ᠦᠭᠡᠢ ᠮᠡᠷᠭᠡᠵᠢᠯ᠎ᠤᠨ ᠰᠢᠨ᠎ᠡ ᠵᠢ ᠡᠭᠦᠳᠬᠦ ᠰᠠᠢ᠍ᠢ᠍ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ  ᠃ 2023-2025 ᠣᠨ》᠎ᠳᠤ ᠦᠵᠡ  ᠃

ᠢᠷᠡᠯᠲᠡ᠄ ᠷᠦᠢ ᠰᠢᠨᠵᠢᠯᠡᠭᠡ ᠮᠡᠷᠭᠡᠵᠢᠯ
          
ᠬᠠᠮᠢᠶ᠎ᠡ ᠪᠦᠬᠦᠢ ᠰᠣᠨᠢᠨ
ᠰᠢᠨᠬᠤᠸᠠ ᠬᠣᠷᠢᠢ᠎ᠠ᠄ 《ᠬᠠᠮᠤᠭ᠎ᠤᠨ ᠲᠤᠮᠤ ᠨᠡᠭᠦᠷᠡᠰᠦᠨ ᠠᠭᠤᠷᠬᠠᠢ》᠎ᠠᠴᠠ 《ᠠᠩᠬᠠᠳᠠᠭᠴᠢ ᠲᠦᠷᠦᠭᠦᠦ ᠢᠵᠢ》 ᠪᠣᠯᠬᠤ ᠬᠥᠭᠵᠢᠯᠲᠡ ᠵᠢᠨ ᠬᠤᠪᠢᠷᠠᠯᠲᠠ
ᠪᠠᠢ᠌ᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠬᠡᠷᠡᠭᠴᠡᠭᠡ ᠵᠢ ᠬᠠᠩᠭ᠋ᠠᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠠᠵᠤ ᠠᠬᠤᠢ᠌ᠯᠠᠯ᠎ᠤᠨ ᠭᠣᠣᠯᠯᠠᠭᠴᠢ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠲᠤᠬᠠᠢ ᠶᠠᠷᠢᠪᠠ
ᠥᠪᠥᠷ ᠮᠣᠩᠭᠣᠯ ᠮᠠᠨ᠎ᠤ ᠤᠯᠤᠰ᠎ᠤᠨ ᠬᠠᠮᠤᠭ᠎ᠤᠨ ᠣᠷᠳᠣ 《ᠤᠰᠤᠲᠥ᠋ᠷᠥᠭᠴᠢ ᠡᠨᠧᠷᠭᠢ ᠵᠢᠨ ᠬᠣᠩᠭᠢᠯ》᠎ᠢ ᠪᠠᠢ᠌ᠭᠤᠯᠬᠤ᠎ᠪᠠᠷ ᠪᠣᠶ
ᠬᠥᠬᠡᠬᠣᠲᠠ᠄ ᠠᠺᠠᠳᠧᠮᠢᠴᠢ ᠵᠢᠨ ᠡᠬᠢ ᠪᠠᠶᠠᠯᠢᠭ᠎ᠢ ᠲᠥᠪᠯᠡᠷᠡᠭᠦᠯᠦᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠤ ᠪᠠᠢ᠌ᠨ᠎ᠠ
ᠬᠣᠪᠣᠷ ᠰᠢᠷᠣᠢ ᠵᠢᠨ ᠡᠬᠢ ᠪᠠᠶᠠᠯᠢᠭ᠎ᠢ ᠥᠨᠳᠥᠷ ᠦᠷᠳᠡᠭ᠎ᠲᠠᠢ ᠠᠰᠢᠭᠯᠠᠬᠤ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠬᠠᠷᠢᠭᠤᠴᠠᠯᠭ᠋ᠠᠲᠠᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠤᠳᠤᠯᠭ᠎ᠠ ᠵᠢ ᠬᠡᠷᠡᠭᠵᠢᠭᠦᠯᠬᠦ ᠲᠤᠬᠠᠢ ᠶᠠᠷᠢᠪᠠ
 
            
Baidu
map