ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠥᠪᠥᠷ ᠮᠣᠩᠭᠣᠯ ᠮᠠᠨ᠎ᠤ ᠤᠯᠤᠰ᠎ᠤᠨ ᠬᠠᠮᠤᠭ᠎ᠤᠨ ᠣᠷᠳᠣ 《ᠤᠰᠤᠲᠥ᠋ᠷᠥᠭᠴᠢ ᠡᠨᠧᠷᠭᠢ ᠵᠢᠨ ᠬᠣᠩᠭᠢᠯ》᠎ᠢ ᠪᠠᠢ᠌ᠭᠤᠯᠬᠤ᠎ᠪᠠᠷ ᠪᠣᠶ
ᠨᠡᠶ᠋ᠢᠲᠡᠯᠡᠭᠰᠡᠨ ᠴᠠᠭ᠄ 2022-12-31


    ᠣᠲᠣ ᠶᠠᠭ ᠰᠢᠨ᠎ᠡ ᠡᠨᠧᠷᠭᠢ ᠵᠢ ᠪᠥᠬᠥ ᠬᠦᠴᠦᠨ ᠵᠶ᠋ᠡᠷ ᠵᠶ᠋ᠡᠨ ᠬᠥᠭᠵᠢᠭᠦᠯᠵᠦ ᠪᠠᠢ᠌ᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠮᠠᠨ᠎ᠤ ᠤᠯᠤᠰ᠎ᠤᠨ ᠳᠠᠷᠤᠯᠲᠠ᠎ᠪᠠᠷ ᠬᠠᠮᠤᠭ᠎ᠤᠨ ᠥᠨᠳᠥᠷ᠂ ᠣᠷᠳᠣ᠎ᠪᠠᠷ ᠬᠠᠮᠤᠭ᠎ᠤᠨ ᠣᠷᠳᠣ ᠤᠰᠤᠲᠥ᠋ᠷᠥᠭᠴᠢ ᠬᠡᠶ ᠵᠢᠨ ᠭᠣᠤᠯ ᠱᠤᠭᠤᠮ᠎ᠤᠨ ᠬᠣᠭᠣᠯᠠᠶ ᠵᠢ ᠪᠠᠢ᠌ᠭᠤᠯᠬᠤ᠎ᠪᠠᠷ ᠪᠣᠶ  ᠃
   12 ᠳ᠋ᠤᠭ᠋ᠠᠷ ᠰᠠᠷ᠎ᠠ ᠵᠢᠨ 23᠎ᠤ ᠡᠳᠦᠷ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ ᠪᠣᠯᠤᠨ ᠳᠤᠮᠳᠠᠳᠤ ᠤᠯᠤᠰ᠎ᠤᠨ ᠴᠢᠯᠠᠭᠤᠨ ᠲᠣᠰᠣ ᠪᠠᠢ᠌ᠭ᠋ᠠᠯᠢ ᠵᠢᠨ ᠰᠢᠲᠠᠮᠠᠬᠠᠶ ᠬᠡᠶ ᠵᠢᠨ ᠬᠣᠭᠣᠯᠠᠶ ᠵᠢᠨ ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ᠂ ᠳᠤᠮᠳᠠᠳᠤ ᠤᠯᠤᠰ ᠪᠣᠯᠤᠨ᠎ᠲᠠᠢ ᠤᠯᠤᠰ (ᠰᠦᠵᠧᠦ)᠎ᠤᠨ ᠤᠰᠤᠲᠥ᠋ᠷᠥᠭᠴᠢ ᠡᠨᠧᠷᠭᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠬᠢᠷᠠᠯᠴᠠᠵᠤ᠂ ᠭᠤᠷᠪᠠᠨ ᠲᠠᠯ᠎ᠠ᠎ᠪᠠᠷ ᠵᠶ᠋ᠠᠨ ᠬᠠᠮᠲᠤᠷᠠᠨ ᠦᠬᠠᠶ᠎ᠠᠴᠠ ᠬᠥᠬᠡᠬᠣᠲᠠ ᠬᠥᠷᠬᠥ ᠤᠰᠤᠲᠥ᠋ᠷᠥᠭᠴᠢ ᠳᠠᠮᠵᠢᠭᠤᠯᠬᠤ ᠬᠣᠭᠣᠯᠠᠶ ᠵᠢᠴᠢ 《ᠥᠪᠥᠷ ᠮᠣᠩᠭᠣᠯ᠎ᠤᠨ ᠤᠰᠤᠲᠥ᠋ᠷᠥᠭᠴᠢ ᠡᠨᠧᠷᠭᠢ ᠵᠢᠨ ᠬᠣᠩᠭᠢᠯ》᠎ᠤᠨ ᠲᠥᠷᠥᠯ ᠵᠦᠢᠯ᠎ᠢ ᠬᠠᠮᠲᠤ᠎ᠪᠠᠷ ᠪᠥᠲᠥᠭᠡᠨ ᠪᠠᠢ᠌ᠭᠤᠯᠬᠤ᠎ᠪᠠᠷ ᠪᠠᠢ᠌ᠨ᠎ᠠ  ᠃ ᠲᠣᠰ ᠲᠥᠷᠥᠯ ᠵᠦᠢᠯ᠎ᠨᠢ ᠮᠠᠨ᠎ᠤ ᠤᠯᠤᠰ᠎ᠤᠨ ᠳᠠᠷᠤᠯᠲᠠ᠎ᠪᠠᠷ ᠬᠠᠮᠤᠭ᠎ᠤᠨ ᠥᠨᠳᠥᠷ᠂ ᠣᠷᠳᠣ ᠵᠢᠨ ᠬᠡᠮᠵᠢᠶ᠎ᠡ᠎ᠪᠠᠷ ᠬᠠᠮᠤᠭ᠎ᠤᠨ ᠣᠷᠳᠣ ᠤᠰᠤᠲᠥ᠋ᠷᠥᠭᠴᠢ ᠬᠡᠶ ᠵᠢᠨ ᠭᠣᠤᠯ ᠱᠤᠭᠤᠮ᠎ᠤᠨ ᠬᠣᠭᠣᠯᠠᠶ ᠵᠢ ᠪᠥᠲᠥᠭᠡᠨ ᠪᠠᠢ᠌ᠭᠤᠯᠬᠤ᠎ᠪᠠᠷ ᠲᠥᠯᠥᠪᠯᠡᠵᠦ᠂ ᠦᠬᠠᠶ ᠵᠢᠨ ᠬᠥᠬᠡ ᠤᠰᠤᠲᠥ᠋ᠷᠥᠭᠴᠢ ᠵᠢᠨ ᠰᠠᠭᠤᠷᠢᠨ ᠭᠠᠵᠠᠷ ᠵᠶ᠋ᠠᠷ ᠡᠬᠢᠯᠡᠯᠲᠡ ᠵᠢᠨ ᠴᠡᠭ ᠪᠣᠯᠭ᠋ᠠᠵᠤ᠂ ᠬᠠᠲᠤᠨ ᠭᠣᠤᠯ᠎ᠤᠨ ᠠᠭᠤᠯᠵᠠᠷ ᠵᠶ᠋ᠠᠷ ᠥᠩᠭᠡᠷᠡᠬᠦ ᠲᠣᠮᠣ ᠬᠡᠯᠪᠡᠷᠢ ᠵᠢᠨ ᠴᠡᠪᠡᠷ ᠡᠨᠧᠷᠭᠢ ᠵᠢᠨ ᠰᠠᠭᠤᠷᠢᠨ ᠭᠠᠵᠠᠷ ᠪᠣᠯᠤᠨ᠎ᠠ᠂ ᠪᠠᠢ᠌ᠭᠤᠯᠵᠤ ᠳᠠᠭᠤᠰᠤᠭᠰᠠᠨ᠎ᠤ ᠳᠠᠷᠠᠭ᠎ᠠ ᠥᠪᠥᠷ ᠮᠣᠩᠭᠣᠯ᠎ᠤᠨ ᠵᠡᠭᠦᠨ ᠬᠡᠰᠡᠭ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠢ ᠬᠣᠯᠪᠣᠭᠰᠠᠨ ᠤᠰᠤᠲᠥ᠋ᠷᠥᠭᠴᠢ ᠡᠨᠧᠷᠭᠢ ᠵᠢᠨ ᠨᠥᠭᠡᠴᠡᠯᠡᠨ ᠲᠡᠭᠡᠭᠡᠪᠦᠷᠢᠯᠡᠬᠦ ᠴᠢᠬᠤᠯᠠ ᠰᠠᠭᠤᠷᠢ ᠪᠡᠯᠡᠳᠬᠡᠮᠵᠢ ᠪᠣᠯᠵᠣ᠂ ᠥᠪᠥᠷ ᠮᠣᠩᠭᠣᠯ᠎ᠤᠨ ᠤᠰᠤᠲᠥ᠋ᠷᠥᠭᠴᠢ ᠡᠨᠧᠷᠭᠢ ᠵᠢᠨ ᠠᠵᠤ ᠠᠬᠤᠶ ᠵᠢᠨ ᠬᠣᠩᠭᠢᠯ᠎ᠤᠨ ᠭᠣᠤᠯ ᠨᠥᠭᠡᠴᠡᠯᠡᠨ ᠲᠡᠭᠡᠭᠡᠪᠦᠷᠢᠯᠡᠬᠦ ᠪᠡᠯᠡᠳᠬᠡᠮᠵᠢ ᠵᠢ ᠪᠥᠲᠥᠭᠡᠨ ᠪᠠᠢ᠌ᠭᠤᠯᠵᠤ᠂ 《ᠤᠰᠤᠲᠥ᠋ᠷᠥᠭᠴᠢ - ᠴᠠᠬᠢᠯᠭ᠋ᠠᠨ》᠎ᠤ ᠠᠭᠤᠰᠤᠯᠴᠠᠨ ᠬᠥᠭᠵᠢᠬᠦ ᠵᠢ ᠪᠦᠲᠦᠮᠵᠢᠲᠡᠶ ᠲᠤᠯᠭ᠋ᠠᠭᠤᠷᠢᠯᠠᠵᠤ᠂ ᠰᠠᠯᠬᠢᠨ ᠬᠦᠴᠦᠨ᠎ᠤ ᠴᠠᠬᠢᠯᠭ᠋ᠠᠨ᠂ ᠬᠡᠷᠡᠯ ᠴᠡᠨᠡᠭ᠎ᠤᠨ ᠲᠥᠷᠥᠯ ᠵᠦᠢᠯ᠎ᠤᠨ ᠪᠠᠯᠠ ᠣᠷᠣᠭᠤᠯᠤᠯᠲᠠ ᠵᠢᠨ ᠡᠷᠴᠢᠮ᠎ᠢ ᠪᠠᠭᠤᠷᠠᠭᠤᠯᠵᠤ᠂ ᠳᠠᠬᠢᠨ ᠡᠭᠦᠰᠴᠦ ᠪᠣᠯᠬᠤ ᠡᠨᠧᠷᠭᠢ ᠵᠢᠨ ᠨᠡᠭᠡᠭᠡᠯᠲᠡ ᠬᠢᠬᠦ ᠵᠢ ᠪᠦᠲᠦᠮᠵᠢᠲᠡᠶ ᠠᠬᠢᠭᠤᠯᠬᠤ ᠪᠣᠯᠤᠨ᠎ᠠ  ᠃
    ᠣᠢ᠌ᠷ᠎ᠠ ᠵᠢᠨ ᠵᠢᠯ᠎ᠤᠨ ᠲᠤᠷᠰᠢ᠂ ᠥᠪᠥᠷ ᠮᠣᠩᠭᠣᠯ ᠳᠠᠬᠢᠨ ᠡᠭᠦᠰᠴᠦ ᠪᠣᠯᠬᠤ ᠡᠨᠧᠷᠭᠢ ᠵᠢᠨ ᠡᠬᠢ ᠪᠠᠶᠠᠯᠢᠭ ᠡᠯᠪᠡᠭ ᠳᠡᠯᠪᠡᠭ᠂ ᠤᠰᠤᠲᠥ᠋ᠷᠥᠭᠴᠢ ᠡᠨᠧᠷᠭᠢ ᠵᠢᠨ ᠬᠡᠷᠡᠭᠯᠡᠯᠲᠡ ᠥᠷᠭᠡᠨ ᠠᠭᠤᠳᠠᠮ ᠪᠠᠢ᠌ᠬᠤ ᠳᠠᠪᠠᠭᠤᠯᠢᠭ᠎ᠲᠤ ᠰᠠᠭᠤᠷᠢᠯᠠᠨ᠂ ᠠᠯᠢ ᠣᠯᠠᠨ ᠳᠡᠮᠵᠢᠬᠦ ᠲᠥᠷᠥ ᠵᠢᠨ ᠪᠣᠳᠣᠯᠭ᠎ᠠ ᠵᠢ ᠨᠡᠢ᠌ᠲᠡᠯᠡᠵᠦ᠂ ᠤᠰᠤᠲᠥ᠋ᠷᠥᠭᠴᠢ ᠡᠨᠧᠷᠭᠢ ᠵᠢᠨ ᠠᠵᠤ ᠦᠢᠯᠡᠰ᠎ᠤᠨ ᠬᠥᠭᠵᠢᠯᠲᠡ ᠵᠢᠨ ᠵᠠᠩᠭᠢᠯᠠᠭ᠎ᠠ ᠵᠢᠨ ᠠᠵᠠ ᠲᠣᠬᠢᠶᠠᠯᠳᠤ ᠬᠤᠭᠤᠴᠠᠭ᠎ᠠ ᠵᠢ ᠵᠠᠪᠳᠤᠨ ᠠᠳᠬᠤᠵᠤ᠂ ᠤᠰᠤᠲᠥ᠋ᠷᠥᠭᠴᠢ ᠡᠨᠧᠷᠭᠢ ᠵᠢᠨ ᠠᠵᠤ ᠦᠢᠯᠡᠰ᠎ᠤᠨ ᠡᠨᠧᠷᠭᠢ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠴᠢᠬᠤᠯᠠ ᠲᠤᠯᠭ᠋ᠠᠭᠤᠷᠢᠯᠠᠯ ᠴᠡᠭ ᠪᠣᠯᠬᠤ ᠵᠢ ᠠᠬᠢᠭᠤᠯᠵᠤ᠂ ᠠᠷᠢᠭᠤᠨ ᠴᠡᠪᠡᠷ ᠳᠣᠤᠷ᠎ᠠ ᠨᠡᠭᠦᠷᠡᠰᠦᠲᠥ᠋ᠷᠥᠭᠴᠢᠲᠦ ᠠᠮᠤᠷ ᠲᠦᠪᠰᠢᠨ ᠥᠨᠳᠥᠷ ᠪᠦᠲᠦᠮᠵᠢᠲᠡᠶ ᠣᠲᠣ ᠦᠶ᠎ᠡ ᠵᠢᠨ ᠡᠨᠧᠷᠭᠢ ᠵᠢᠨ ᠰᠢᠰᠲ᠋ᠧᠮ᠎ᠢ ᠢᠳᠡᠪᠬᠢᠲᠡᠶ ᠪᠠᠢ᠌ᠭᠤᠯᠵᠤ᠂ ᠤᠰᠤᠲᠥ᠋ᠷᠥᠭᠴᠢ ᠡᠨᠧᠷᠭᠢ ᠵᠢᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠪᠠ  ᠃

ᠢᠷᠡᠯᠲᠡ᠄ ᠰᠢᠨᠬᠤᠸᠠ ᠰᠦᠯᠵᠢᠶᠡᠨ᠎ᠤ ᠥᠪᠥᠷ ᠮᠣᠩᠭᠣᠯ᠎ᠤᠨ ᠰᠤᠪᠠᠭ
          
ᠬᠠᠮᠢᠶ᠎ᠡ ᠪᠦᠬᠦᠢ ᠰᠣᠨᠢᠨ
ᠬᠥᠬᠡᠬᠣᠲᠠ᠄ ᠠᠺᠠᠳᠧᠮᠢᠴᠢ ᠵᠢᠨ ᠡᠬᠢ ᠪᠠᠶᠠᠯᠢᠭ᠎ᠢ ᠲᠥᠪᠯᠡᠷᠡᠭᠦᠯᠦᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠤ ᠪᠠᠢ᠌ᠨ᠎ᠠ
ᠬᠣᠪᠣᠷ ᠰᠢᠷᠣᠢ ᠵᠢᠨ ᠡᠬᠢ ᠪᠠᠶᠠᠯᠢᠭ᠎ᠢ ᠥᠨᠳᠥᠷ ᠦᠷᠳᠡᠭ᠎ᠲᠠᠢ ᠠᠰᠢᠭᠯᠠᠬᠤ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠬᠠᠷᠢᠭᠤᠴᠠᠯᠭ᠋ᠠᠲᠠᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠤᠳᠤᠯᠭ᠎ᠠ ᠵᠢ ᠬᠡᠷᠡᠭᠵᠢᠭᠦᠯᠬᠦ ᠲᠤᠬᠠᠢ ᠶᠠᠷᠢᠪᠠ
ᠡᠷᠬᠡ ᠵᠢ ᠳᠣᠷᠣᠭᠰᠢ ᠪᠠᠭᠤᠯᠭ᠋ᠠᠨ ᠬᠦᠯᠢᠶᠡᠰᠦ ᠵᠢ ᠰᠤᠯᠠᠷᠠᠭᠤᠯᠵᠤ ᠳᠠᠷᠤᠭ᠋ᠠᠰᠤ ᠵᠢ ᠬᠥᠩᠭᠡᠷᠡᠭᠦᠯᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯᠯᠠᠭ᠎ᠠ 《ᠬᠤᠷᠳᠤᠳᠬᠠᠯ》᠎ᠢ ᠭᠠᠷᠭ᠋ᠠᠪᠠ
ᠲᠠᠰᠤᠷᠠᠯᠲᠠ ᠦᠭᠡᠢ ᠰᠢᠨ᠎ᠡ ᠵᠢ ᠡᠭᠦᠳᠴᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠍ᠯᠠᠯ᠎ᠤᠨ ᠬᠥᠭᠵᠢᠯᠲᠡ ᠵᠢ ᠳᠠᠬᠢᠨ ᠰᠢᠨ᠎ᠡ ᠳᠡᠭᠲᠡᠷ᠎ᠲᠤ ᠭᠠᠷᠭ᠋ᠠᠪᠠ
ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠡᠷᠬᠢᠨ ᠬᠦᠴᠦᠯᠡᠬᠦ ᠪᠣᠶ
 
            
Baidu
map