ᠬᠥᠬᠡᠭᠡ ᠡᠪᠦᠯ᠎ᠤᠨ ᠬᠦᠢ᠍ᠲᠡᠨ᠎ᠳᠤ ᠤᠯᠠᠭ᠋ᠠᠨᠴᠠᠪ ᠬᠤᠳᠠ ᠵᠢᠨ ᠳᠥᠷᠪᠡᠳ ᠬᠣᠰᠢᠭᠤᠨ᠎ᠳᠤ ᠪᠠᠢ᠌ᠷᠢᠯᠠᠭ᠎ᠠ ᠥᠪᠥᠷ ᠮᠣᠩᠭᠣᠯ᠎ᠤᠨ ᠵᠦᠩ ᠵᠢᠶᠠ ᠲᠠᠷᠢᠶᠠᠯᠠᠩ᠎ᠤᠨ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠰᠤᠳᠤᠯᠤᠨ ᠨᠡᠭᠡᠭᠡᠬᠦ ᠲᠥᠪ᠎ᠲᠤ ᠨᠣᠮᠢᠨ ᠨᠣᠭᠣᠭ᠋ᠠᠨ ᠦᠩᠭᠡ ᠪᠢᠯᠬᠠᠨ᠎ᠠ ᠃ ᠨᠢᠭᠡ ᠰᠠᠭᠤᠷᠢ ᠲᠥᠮᠥᠰᠥ ᠵᠢᠨ ᠰᠢᠨ᠎ᠡ ᠡᠭᠦᠯᠳᠡᠷ᠎ᠢ ᠣᠷᠣᠨ ᠪᠦᠰᠡ ᠬᠤᠪᠢᠶᠠᠨ ᠳᠠᠷᠢᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ ᠴᠢᠬᠢ ᠮᠣᠳᠣᠨ᠎ᠤ ᠬᠣᠭᠣᠷᠣᠨᠳᠣ ᠰᠦᠯᠵᠢᠯᠳᠦᠵᠦ᠂ ᠤᠷᠭᠤᠮᠠᠯ᠎ᠤᠨ ᠡᠳᠦᠷ ᠪᠦᠷᠢ ᠵᠢᠨ ᠬᠤᠪᠢᠷᠠᠯᠲᠠ ᠵᠢ ᠲᠡᠮᠳᠡᠭᠯᠡᠵᠦ ᠪᠠᠢ᠌ᠨ᠎ᠠ ᠃
《ᠪᠢᠳᠡ ᠪᠦᠷᠢᠨ ᠲᠡᠭᠦᠯᠳᠡᠷ ᠰᠤᠳᠤᠯᠤᠨ ᠨᠡᠭᠡᠭᠡᠬᠦ᠂ ᠦᠢᠯᠡᠳᠪᠦᠷᠢᠯᠡᠯ᠎ᠤᠨ ᠶᠠᠰᠤ ᠴᠢᠨᠠᠷ᠎ᠢ ᠬᠢᠨᠠᠨ ᠬᠠᠮᠢᠶᠠᠷᠬᠤ ᠪᠠ ᠪᠣᠷᠣᠯᠠᠭᠤᠯᠬᠤ ᠦᠢᠯᠡᠴᠢᠯᠡᠭᠡ ᠵᠡᠷᠭᠡ ᠭᠤᠷᠪᠠᠨ ᠶᠡᠬᠡ ᠰᠢᠰᠲ᠋ᠧᠮ᠎ᠢ ᠪᠠᠢ᠌ᠭᠤᠯᠵᠤ᠂ ᠭᠣᠤᠯᠳᠠᠭᠤ ᠲᠥᠮᠥᠰᠥ ᠵᠢᠨ ᠰᠢᠨ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ᠂ ᠦᠷ᠎ᠡ ᠵᠢᠨ ᠲᠥᠮᠥᠰᠥ ᠵᠢ ᠥᠷᠭᠡᠳᠬᠡᠨ ᠦᠢᠯᠡᠳᠪᠦᠷᠢᠯᠡᠬᠦ᠂ ᠬᠥᠮᠥᠷᠭᠡᠯᠡᠨ ᠬᠠᠳᠠᠭ᠋ᠠᠯᠠᠬᠤ ᠪᠠᠷᠠᠭ᠋ᠠᠨ᠎ᠤ ᠭᠦᠢᠯᠭᠡᠭᠡ᠂ ᠲᠠᠰ ᠬᠤᠪᠢᠶᠠᠨ ᠨᠠᠷᠢᠯᠢᠭ ᠰᠣᠩᠭᠣᠬᠤ ᠪᠠ ᠳᠡᠯᠭᠡᠷᠡᠭᠦᠯᠦᠨ ᠪᠣᠷᠣᠯᠠᠭᠤᠯᠬᠤ ᠵᠡᠷᠭᠡ ᠠᠵᠢᠯ᠎ᠢ ᠥᠷᠨᠢᠭᠦᠯᠪᠡ ᠃》 ᠭᠡᠵᠦ ᠲᠤᠰ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠴᠢᠨ ᠭᠦᠸᠧ ᠬᠤᠸᠠ ᠬᠡᠯᠡᠪᠡ ᠃
ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠲᠠᠷᠢᠶᠠᠯᠠᠩ᠎ᠢ ᠬᠥᠭᠵᠢᠭᠦᠯᠬᠦ᠂ ᠦᠷ᠎ᠡ ᠵᠢᠨ ᠦᠢ᠍ᠯᠡᠰ᠎ᠢ ᠤᠷᠢᠳᠠᠪᠠᠷ ᠬᠥᠭᠵᠢᠭᠦᠯᠬᠦ ᠃ ᠲᠣᠰ ᠺᠣᠮᠫᠠᠨᠢ ᠵᠢᠨ ᠲᠥᠮᠥᠰᠥ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠲᠥᠪ᠎ᠨᠢ ᠦᠷ᠎ᠡ ᠵᠢᠨ ᠲᠥᠮᠥᠰᠥ ᠵᠢᠨ ᠶᠠᠰᠤ ᠴᠢᠨᠠᠷ᠂ ᠲᠥᠮᠥᠰᠥ ᠵᠢᠨ ᠶᠠᠰᠤ ᠴᠢᠨᠠᠷ ᠵᠢᠴᠢ ᠬᠥᠷᠥᠰᠥᠨ᠎ᠤ ᠰᠢᠮ᠎ᠡ ᠲᠡᠵᠢᠭᠡᠯ ᠵᠡᠷᠭᠡ ᠵᠢ ᠪᠠᠢ᠌ᠴᠠᠭ᠋ᠠᠨ ᠬᠡᠮᠵᠢᠵᠦ ᠴᠢᠳᠠᠳᠠᠭ᠂ ᠣᠳᠣᠬᠠᠨ᠎ᠤ ᠪᠥᠬᠥ ᠤᠯᠤᠰ᠎ᠤᠨ ᠭᠤᠷᠪᠠᠳᠠᠬᠢ ᠲᠥᠮᠥᠰᠥ ᠵᠢᠨ ᠲᠤᠰᠬᠠᠶ ᠮᠡᠷᠭᠡᠵᠢᠯ᠎ᠤᠨ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠪᠣᠯᠤᠨ᠎ᠠ᠂ ᠪᠥᠬᠥ ᠤᠯᠤᠰ᠎ᠤᠨ ᠠᠩᠬᠠᠳᠠᠭᠴᠢ ᠦᠷ᠎ᠡ ᠵᠢᠨ ᠲᠥᠮᠥᠰᠥ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠵᠦ ᠳᠡᠢ᠌ᠯᠬᠦ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ (ᠭᠤᠷᠪᠠᠳᠠᠬᠢ ᠡᠲᠡᠭᠡᠳ)᠎ᠨᠢ ᠨᠢᠭᠡᠨᠲᠡ CMA ᠬᠢᠷᠢ ᠬᠡᠮ᠎ᠢ ᠣᠯᠵᠤ᠂ ᠪᠥᠬᠥ ᠣᠷᠣᠨ ᠴᠢᠨᠠᠭᠰᠢᠯᠠᠪᠠᠯ ᠪᠥᠬᠥ ᠤᠯᠤᠰ᠎ᠤᠨ ᠲᠥᠮᠥᠰᠥ ᠳᠠᠷᠢᠬᠤ ᠡᠷᠦᠬᠡ᠎ᠳᠤ ᠪᠠᠢ᠌ᠴᠠᠭ᠋ᠠᠨ ᠬᠡᠮᠵᠢᠬᠦ ᠦᠢᠯᠡᠴᠢᠯᠡᠭᠡ ᠬᠠᠩᠭ᠋ᠠᠵᠤ ᠪᠣᠯᠤᠨ᠎ᠠ ᠃ ᠡᠭᠦᠨ᠎ᠤ ᠬᠠᠮᠲᠤ᠂ ᠤᠤᠯ᠎ᠤᠨ ᠡᠭᠦᠯᠳᠡᠷ᠎ᠤᠨ ᠦᠢᠯᠡᠳᠪᠦᠷᠢᠯᠡᠯ᠎ᠤᠨ ᠲᠥᠪ᠎ᠲᠤ ᠨᠡᠷᠡᠨ᠎ᠤ ᠬᠡᠷᠡᠯ᠎ᠤᠨ ᠬᠦᠯᠡᠮᠵᠢ᠂ ᠬᠠᠭ᠋ᠠᠰ ᠤᠶᠤᠨᠴᠢᠯᠠᠭᠰᠠᠨ ᠬᠦᠯᠡᠮᠵᠢ 200 ᠭᠠᠷᠤᠶ ᠪᠠᠢ᠌ᠵᠤ᠂ ᠪᠥᠬᠥ ᠤᠯᠤᠰ᠎ᠲᠤ ᠬᠣᠤᠰ ᠥᠬᠡᠶ 《ᠨᠢᠭᠡ ᠥᠨᠳᠥᠷ᠂ ᠬᠣᠶᠠᠷ ᠰᠡᠷᠭᠡᠢ᠌ᠯᠡᠬᠦ᠂ ᠭᠤᠷᠪᠠ ᠵᠢ ᠴᠡᠪᠡᠷᠰᠢᠭᠦᠯᠬᠦ》 ᠭᠤᠷᠪᠠᠨ ᠵᠠᠭᠪᠤᠷ᠎ᠢ ᠬᠡᠷᠡᠭᠯᠡᠭᠰᠡᠨ ᠦᠢᠯᠡᠳᠪᠦᠷᠢᠯᠡᠯ᠎ᠤᠨ ᠮᠡᠷᠭᠡᠵᠢᠯ᠎ᠤᠨ ᠰᠢᠰᠲ᠋ᠧᠮ ᠪᠠᠢ᠌ᠵᠤ᠂ ᠥᠨᠳᠥᠷ ᠴᠢᠬᠢ ᠵᠢᠨ ᠣᠷᠣ ᠵᠢ ᠭᠠᠵᠠᠷ᠎ᠠᠴᠠ ᠰᠠᠯᠭ᠋ᠠᠵᠤ ᠬᠥᠷᠥᠰᠥ ᠰᠢᠷᠣᠶ ᠥᠬᠡᠶ᠎ᠪᠠᠷ ᠳᠠᠷᠢᠵᠤ ᠦᠢᠯᠡᠳᠪᠦᠷᠢᠯᠡᠵᠦ᠂ ᠤᠤᠯ᠎ᠤᠨ ᠳᠠᠷᠢᠭᠰᠠᠨ ᠵᠢᠯ᠎ᠤᠨ ᠦᠢᠯᠡᠳᠪᠦᠷᠢᠯᠡᠯ᠎ᠤᠨ ᠴᠢᠳᠠᠪᠤᠷᠢ᠎ᠨᠢ 1 ᠳ᠋ᠦᠩᠰᠢᠭᠤᠷ ᠮᠥᠬᠥᠯᠢᠭ᠎ᠲᠤ ᠬᠦᠷᠴᠦ ᠪᠠᠢ᠌ᠨ᠎ᠠ ᠃
ᠠᠷᠪᠠᠨ ᠬᠡᠳᠦᠨ ᠵᠢᠯ ᠨᠠᠷᠢᠨ ᠨᠢᠮᠪᠠᠶ ᠰᠣᠩᠭᠣᠨ ᠪᠣᠢ᠌ᠵᠢᠭᠤᠯᠤᠭ᠋ᠠᠳ᠂ ᠲᠣᠰ ᠺᠣᠮᠫᠠᠨᠢ ᠨᠢᠭᠡᠨᠲᠡ 21 ᠲᠥᠮᠥᠰᠥ ᠵᠢᠨ ᠰᠢᠨ᠎ᠡ ᠡᠭᠦᠯᠳᠡᠷ᠎ᠢ ᠪᠣᠢ᠌ᠵᠢᠭᠤᠯᠤᠨ ᠭᠠᠷᠭ᠋ᠠᠵᠠᠶ᠂ ᠡᠭᠦᠨ᠎ᠳᠤ 11᠎ᠨᠢ ᠳᠠᠩᠰᠠᠯᠠᠭᠤᠯᠵᠤ᠂ 4᠎ᠨᠢ ᠰᠢᠨ᠎ᠡ ᠡᠭᠦᠯᠳᠡᠷ᠎ᠢ ᠬᠠᠮᠠᠭ᠋ᠠᠯᠠᠵᠤ᠂ 10᠎ᠨᠢ ᠶᠠᠭ ᠰᠠᠢ᠌ᠬᠠᠨ ᠳᠠᠩᠰᠠᠯᠠᠭᠤᠯᠵᠤ ᠬᠠᠮᠠᠭ᠋ᠠᠯᠠᠭᠤᠯᠬᠤ᠎ᠪᠠᠷ ᠭᠤᠶᠤᠴᠢᠯᠠᠵᠤ ᠪᠠᠢ᠌ᠬᠤ ᠪᠥᠭᠡᠳ ᠪᠠᠰᠠ 28 ᠬᠤᠪᠢ ᠳᠡᠭᠡᠳᠦ ᠦᠶ᠎ᠡ ᠵᠢᠨ ᠤᠳᠤᠮ᠎ᠢ ᠰᠣᠩᠭᠣᠨ ᠪᠣᠢ᠌ᠵᠢᠭᠤᠯᠵᠤ ᠪᠠᠢ᠌ᠨ᠎ᠠ ᠃ ᠡᠭᠦᠨ᠎ᠤ ᠬᠠᠮᠲᠤ᠂ ᠺᠣᠮᠫᠠᠨᠢ 800 ᠭᠠᠷᠤᠢ ᠬᠤᠪᠢ ᠦᠷ᠎ᠡ ᠵᠢᠨ ᠡᠬᠢ ᠪᠠᠶᠠᠯᠢᠭ᠎ᠢ ᠬᠠᠳᠠᠭ᠋ᠠᠯᠠᠵᠤ ᠪᠤᠢ ᠃
《ᠪᠢᠳᠡ ᠢᠮᠠᠭᠲᠠ ᠲᠠᠷᠢᠶᠠᠯᠠᠩ᠎ᠤᠨ 〈ᠴᠠᠬᠢᠮ〉 ᠵᠢᠡᠷ 〈ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ〉 ᠵᠢ ᠰᠠᠬᠢᠨ ᠬᠠᠮᠠᠭ᠋ᠠᠯᠠᠬᠤ᠎ᠪᠠᠷ ᠴᠢᠷᠮᠠᠢ᠌ᠭᠰᠠᠭ᠋ᠠᠷ ᠢᠷᠡᠪᠡ ᠃ ᠣᠳᠣᠬᠠᠨ᠎ᠳᠤ᠂ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠭᠰᠡᠨ 〈ᠵᠥᠩ ᠵᠢᠶᠠ〉 ᠰᠢᠷᠢᠰ ᠲᠥᠷᠥᠯ ᠵᠦᠢᠯ᠎ᠢ ᠪᠥᠬᠥ ᠤᠯᠤᠰ᠎ᠤᠨ 20 ᠭᠠᠷᠤᠶ ᠮᠤᠵᠢ ᠬᠣᠲᠠ ᠥᠪᠡᠷᠲᠡᠭᠡᠨ ᠵᠠᠰᠠᠬᠤ ᠣᠷᠣᠨ᠎ᠳᠤ ᠪᠣᠷᠣᠯᠠᠭᠤᠯᠵᠤ᠂ ᠳᠡᠯᠭᠡᠷᠡᠭᠦᠯᠬᠦ ᠲᠠᠯᠠᠪᠠᠶ᠎ᠨᠢ 40 ᠲᠦᠮᠡᠨ ᠮᠥ᠍᠎ᠳᠤ ᠬᠦᠷᠴᠦ᠂ ᠲᠥᠮᠥᠰᠥ ᠵᠢᠨ ᠦᠷ᠎ᠡ ᠪᠣᠢ᠌ᠵᠢᠭᠤᠯᠬᠤ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠲᠥᠷᠥᠯ ᠵᠦᠢᠯ᠎ᠤᠨ ᠪᠦᠲᠦᠴᠡ ᠵᠢ ᠰᠢᠯᠢᠳᠡᠭᠵᠢᠭᠦᠯᠬᠦ ᠵᠢᠴᠢ ᠲᠤᠬᠠᠶ ᠵᠢᠨ ᠭᠠᠵᠠᠷ᠎ᠤᠨ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠵᠦ ᠪᠠᠶᠠᠵᠢᠬᠤ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠴᠡᠶ ᠃ ᠡᠭᠦᠨ᠎ᠳᠤ 〈ᠵᠥᠩ ᠵᠢᠶᠠ 7〉 ᠰᠢᠨ᠎ᠡ ᠲᠥᠷᠥᠯ ᠵᠦᠢᠯ᠎ᠨᠢ ᠲᠡᠭᠦᠨ᠎ᠤ ᠥᠨᠳᠥᠷ ᠤᠨᠠᠯᠲᠠ᠎ᠲᠠᠢ᠂ ᠡᠪᠡᠳᠴᠢᠨ᠎ᠢ ᠡᠰᠡᠷᠭᠦᠴᠡᠬᠦ᠂ ᠲᠥᠮᠥᠰᠥᠨ᠎ᠤ ᠬᠡᠯᠪᠡᠷᠢ ᠰᠠᠢ᠌ᠨ ᠵᠡᠷᠭᠡ ᠳᠠᠪᠠᠭᠤᠯᠢᠭ ᠵᠶ᠋ᠠᠷ ᠵᠶ᠋ᠠᠨ ᠵᠠᠬ᠎ᠠ ᠳᠡᠯᠭᠡᠭᠦᠷ᠎ᠲᠤ ᠲᠦᠷᠭᠡᠨ ᠣᠷᠣᠵᠤ ᠳᠡᠯᠭᠡᠷᠡᠭᠡᠳ᠂ ᠲᠠᠷᠢᠮᠠᠯ᠎ᠤᠨ ᠡᠷᠦᠬᠡ᠎ᠳᠤ ᠮᠠᠰᠢ ᠰᠠᠢ᠌ᠨ ᠠᠰᠢᠭ ᠬᠦᠷᠲᠡᠭᠡᠪᠡ ᠃ 〈ᠳᠤᠮᠳᠠ ᠨᠡᠮᠡᠬᠦ 10〉 〈ᠳᠤᠮᠳᠠ ᠨᠡᠮᠡᠬᠦ 11〉᠎ᠨᠢ ᠤᠯᠤᠰ᠎ᠤᠨ ᠳᠣᠲᠣᠭ᠋ᠠᠳᠤ ᠵᠢᠨ ᠥᠨᠳᠥᠷ ᠴᠠᠷᠳᠠᠭᠤᠯ᠎ᠤᠨ ᠲᠥᠷᠥᠯ ᠵᠦᠢᠯ᠎ᠤᠨ ᠬᠣᠭᠣᠰᠣᠨ᠎ᠢ ᠨᠥᠬᠥᠪᠥᠷᠢᠯᠡᠪᠡ ᠃》 ᠭᠡᠵᠦ ᠴᠢᠨ ᠭᠦᠸᠧ ᠬᠤᠸᠠ ᠬᠡᠯᠡᠪᠡ ᠃
ᠰᠠᠢ᠍ᠢ᠍ᠨ ᠲᠠᠷᠢᠪᠠᠯ ᠠᠮᠤ ᠪᠤᠳᠠᠭ᠎ᠠ ᠡᠯᠪᠡᠭ᠂ ᠡᠯᠪᠡᠭ ᠲᠠᠷᠢᠪᠠᠯ ᠠᠷᠠᠳ ᠠᠮᠤᠭᠤᠯᠠᠩ ᠃ ᠤᠯᠠᠭ᠋ᠠᠨᠴᠠᠪ ᠬᠤᠳᠠ ᠪᠣᠯ ᠥᠪᠥᠷ ᠮᠣᠩᠭᠣᠯ᠎ᠤᠨ ᠲᠥᠮᠥᠰᠥ ᠵᠢᠨ ᠭᠣᠣᠯ ᠭᠠᠷᠤᠯᠲᠠ ᠵᠢᠨ ᠣᠷᠣᠨ ᠪᠠᠢ᠌ᠵᠤ᠂ ᠵᠡᠭᠦᠨ᠎ᠠᠴᠠ ᠪᠠᠷᠠᠭᠤᠨᠰᠢ 250 ᠺᠢᠯᠤᠮᠸᠳ᠋ᠷ ᠤᠷᠳᠤ ᠲᠥᠮᠥᠰᠥ ᠵᠢᠨ ᠠᠵᠤ ᠦᠢ᠍ᠯᠡᠰ᠎ᠤᠨ ᠪᠦᠰᠡ ᠵᠢ ᠪᠦᠷᠢᠯᠳᠦᠭᠦᠯᠵᠦ᠂ ᠲᠠᠷᠢᠬᠤ ᠲᠠᠯᠠᠪᠠᠢ᠎ᠨᠢ 300 ᠲᠦᠮᠡᠨ ᠮᠦ᠍ ᠣᠷᠴᠢᠮ᠎ᠳᠤ ᠬᠦᠷᠴᠦ᠂ ᠭᠠᠷᠤᠯᠲᠠ᠎ᠨᠢ 350 ᠲᠦᠮᠡᠨ ᠲᠣᠨ᠎ᠳᠤ ᠬᠦᠷᠴᠦ᠂ ᠲᠠᠷᠢᠬᠤ ᠲᠠᠯᠠᠪᠠᠢ ᠪᠠ ᠭᠠᠷᠤᠯᠲᠠ᠎ᠨᠢ ᠪᠦᠬᠦ ᠣᠷᠣᠨ᠎ᠤ 50 % ᠰᠢᠬᠠᠮ᠎ᠢ ᠡᠵᠡᠯᠡᠵᠦ᠂ ᠪᠦᠬᠦ ᠤᠯᠤᠰ᠎ᠤᠨ 5 % ᠰᠢᠬᠠᠮ᠎ᠢ ᠡᠵᠡᠯᠡᠵᠦ ᠪᠠᠢ᠌ᠨ᠎ᠠ ᠃ ᠡᠨᠡ ᠵᠢᠯ᠂ ᠤᠯᠠᠭ᠋ᠠᠨᠴᠠᠪ ᠬᠣᠲᠠ 《ᠲᠥᠮᠥᠰᠥ ᠵᠢᠨ ᠠᠵᠤ ᠦᠢᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠠᠵᠢᠯᠯᠠᠭ᠎ᠠ》 ᠵᠢ ᠢᠳᠡᠪᠬᠢᠲᠡᠶ ᠬᠡᠷᠡᠭᠵᠢᠭᠦᠯᠵᠦ᠂ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠰᠠᠢ᠌ᠨ ᠦᠷᠡᠵᠢᠭᠦᠯᠬᠦ ᠰᠢᠰᠲ᠋ᠧᠮᠵᠢ ᠵᠢ ᠲᠡᠭᠦᠯᠳᠡᠷᠵᠢᠭᠦᠯᠵᠦ᠂ ᠴᠢᠨᠠᠷ ᠰᠠᠢ᠌ᠲᠠᠶ ᠡᠭᠦᠯᠳᠡᠷ᠎ᠢ ᠪᠣᠶ ᠪᠣᠯᠭ᠋ᠠᠨ᠂ ᠬᠥᠮᠥᠷᠭᠡᠯᠡᠨ ᠬᠠᠳᠠᠭ᠋ᠠᠯᠠᠬᠤ ᠴᠢᠳᠠᠪᠤᠷᠢ ᠵᠢ ᠳᠡᠭᠡᠭᠰᠢᠯᠡᠭᠦᠯᠵᠦ᠂ ᠨᠠᠷᠢᠯᠢᠭ ᠡᠳ᠋ᠰᠢᠭᠦᠯᠬᠦ ᠵᠢ ᠬᠥᠭᠵᠢᠭᠦᠯᠦᠨ᠂ ᠲᠥᠮᠥᠰᠥ ᠵᠢᠨ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠲᠠᠰᠤᠷᠠᠯᠲᠠ ᠥᠬᠡᠶ ᠠᠬᠢᠭᠤᠯᠬᠤ ᠶᠠᠪᠤᠴᠠ᠎ᠳᠤ᠂ ᠦᠷ᠎ᠡ ᠵᠢᠨ ᠦᠢᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠲᠤᠢ᠌ᠯ᠎ᠤᠨ ᠴᠢᠬᠤᠯᠠ ᠬᠦᠴᠦᠨ ᠴᠢᠳᠠᠯ ᠵᠶ᠋ᠠᠨ ᠨᠡᠮᠡᠷᠢᠯᠡᠪᠡ ᠃
ᠣᠳᠣᠬᠠᠨ᠎ᠳᠤ᠂ ᠥᠪᠥᠷ ᠮᠣᠩᠭᠣᠯ᠎ᠤᠨ ᠵᠥᠩ ᠵᠢᠶᠠ ᠲᠠᠷᠢᠶᠠᠯᠠᠩ᠎ᠤᠨ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠎ᠨᠢ ᠨᠢᠭᠡᠨᠲᠡ ᠳᠤᠮᠳᠠᠳᠤ ᠤᠯᠤᠰ᠎ᠤᠨ ᠬᠠᠮᠤᠭ᠎ᠤᠨ ᠲᠣᠮᠣ ᠴᠤᠭᠯᠠᠷᠠᠯ ᠲᠥᠮᠥᠰᠥ ᠵᠢᠨ ᠰᠢᠨ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ᠂ ᠦᠷ᠎ᠡ ᠵᠢᠨ ᠲᠥᠮᠥᠰᠥ ᠦᠢᠯᠡᠳᠪᠦᠷᠢᠯᠡᠬᠦ᠂ ᠲᠠᠰ ᠬᠤᠪᠢᠶᠠᠨ ᠨᠠᠷᠢᠯᠢᠭ ᠰᠣᠩᠭᠣᠬᠤ᠂ ᠬᠥᠮᠥᠷᠭᠡᠯᠡᠨ ᠬᠠᠳᠠᠭ᠋ᠠᠯᠠᠬᠤ ᠪᠠᠷᠠᠭ᠋ᠠᠨ᠎ᠤ ᠭᠦᠢᠯᠭᠡᠭᠡ᠂ ᠳᠡᠯᠭᠡᠷᠡᠭᠦᠯᠦᠨ ᠪᠣᠷᠣᠯᠠᠭᠤᠯᠬᠤ ᠵᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠲᠠᠷᠢᠶᠠᠯᠠᠩ᠎ᠤᠨ ᠠᠵᠤ ᠠᠬᠤᠢ᠌ᠯᠠᠯ ᠪᠣᠯᠵᠣ᠂ ᠦᠢᠯᠡᠳᠬᠦᠨ᠎ᠨᠢ ISO 9001 ᠶᠠᠰᠤ ᠴᠢᠨᠠᠷ᠎ᠤᠨ ᠰᠢᠰᠲ᠋ᠧᠮ᠎ᠤᠨ ᠭᠡᠷᠡᠴᠢᠯᠡᠯ᠎ᠢ ᠥᠩᠭᠡᠷᠡᠭᠡᠭᠰᠡᠨ ᠵᠶ᠋ᠡᠷ ᠪᠠᠷᠠᠬᠤ ᠥᠬᠡᠶ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠬ᠎ᠠ ᠳᠡᠯᠭᠡᠭᠦᠷ᠎ᠤᠨ 《ᠠᠯᠲᠠᠨ ᠬᠥᠭᠥᠷᠭᠡ ᠱᠠᠩᠨᠠᠯ》 ᠵᠢᠴᠢ ᠤᠯᠠᠭ᠋ᠠᠨᠴᠠᠪ ᠬᠣᠲᠠ ᠵᠢᠨ 《ᠬᠣᠲᠠ ᠵᠢᠨ ᠳᠠᠷᠤᠭ᠎ᠠ ᠵᠢᠨ ᠶᠠᠰᠤ ᠴᠢᠨᠠᠷ᠎ᠤᠨ ᠱᠠᠩᠨᠠᠯ》 ᠵᠡᠷᠭᠡ ᠣᠯᠠᠨ ᠱᠠᠩᠨᠠᠯ ᠭᠥᠷᠳᠡᠪᠡ ᠃ ᠺᠣᠮᠫᠠᠨᠢ᠎ᠨᠢ ᠤᠷᠢᠳ ᠬᠣᠵᠢᠳ 《ᠤᠯᠤᠰ᠎ᠤᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠌ᠯᠡᠰᠵᠢᠭᠰᠡᠨ ᠭᠣᠤᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ》 《ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ》 《ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠌ᠯᠡᠰᠵᠢᠭᠰᠡᠨ ᠭᠣᠤᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ》 《ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠭᠣᠤᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ》 ᠵᠶ᠋ᠠᠷ ᠦᠨᠡᠯᠡᠭᠳᠡᠪᠡ ᠃
ᠰᠤᠷᠪᠤᠯᠵᠢᠯᠠᠭᠴᠢ ᠵᠢᠨ ᠭᠠᠷ ᠲᠡᠮᠳᠡᠭᠯᠡᠯ
ᠰᠠᠢ᠌ᠨ ᠡᠭᠦᠯᠳᠡᠷ᠎ᠤᠨ ᠪᠣᠶ ᠪᠣᠯᠬᠤ ᠵᠢ ᠡᠷᠢᠯᠬᠢᠯᠡᠬᠦ ᠶᠠᠪᠤᠴᠠ ᠪᠣᠯ ᠮᠥᠨ ᠴᠦ᠍ ᠲᠠᠷᠢᠶᠠᠯᠠᠩ᠎ᠤᠨ 《ᠴᠠᠬᠢᠮ》᠎ᠤᠨ ᠰᠢᠨ᠎ᠡ ᠬᠤᠪᠢᠷᠠᠯᠲᠠ ᠵᠢ ᠡᠷᠢᠯᠬᠢᠯᠡᠬᠦ ᠶᠠᠪᠤᠴᠠ ᠪᠣᠯᠤᠨ᠎ᠠ ᠃ ᠰᠤᠷᠪᠤᠯᠵᠢᠯᠠᠭᠴᠢ ᠵᠦᠩ ᠵᠢᠶᠠ ᠲᠠᠷᠢᠶᠠᠯᠠᠩ᠎ᠤᠨ ᠲᠤᠷᠰᠢᠯᠲᠠ ᠵᠢᠨ ᠲᠠᠰᠤᠭ᠎ᠲᠤ ᠬᠦᠷᠬᠦ᠎ᠳᠤ᠂ ᠲᠤᠷᠰᠢᠯᠲᠠ ᠵᠢᠨ ᠲᠠᠷᠢᠶ᠎ᠠ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠦᠨ ᠰᠠᠭᠤᠭᠳᠠᠯ ᠵᠶ᠋ᠠᠷ ᠪᠢᠯᠬᠠᠨ᠎ᠠ᠄ ᠣᠳᠣᠬᠢᠴᠢᠯᠠᠭᠰᠠᠨ ᠦᠢ᠍ᠯᠡᠳᠪᠦᠷᠢᠯᠡᠯ᠎ᠤᠨ ᠱᠤᠭᠤᠮ᠎ᠨᠢ ᠬᠥᠨᠳᠡᠯᠡᠨ ᠭᠤᠯᠳᠤ ᠰᠦᠯᠵᠢᠯᠳᠦᠵᠦ᠂ ᠨᠠᠷᠢᠯᠢᠭ ᠬᠡᠮᠵᠢᠭᠦᠷᠯᠢᠭ᠎ᠨᠢ ᠲᠡᠷᠢᠶ᠎ᠡ ᠲᠥᠮᠥᠰᠥ ᠵᠢ ᠰᠤᠳᠤᠯᠤᠨ ᠨᠡᠭᠡᠭᠡᠬᠦ᠂ ᠦᠢ᠍ᠯᠡᠳᠪᠦᠷᠢᠯᠡᠬᠦ᠂ ᠰᠢᠯᠭ᠋ᠠᠨ ᠪᠠᠢ᠌ᠴᠠᠭ᠋ᠠᠬᠤ ᠪᠦᠷᠢᠨ ᠲᠡᠭᠦᠯᠳᠡᠷ ᠰᠢᠰᠲ᠋ᠧᠮ᠎ᠨᠢ ᠲᠥᠮᠥᠰᠥ ᠵᠢᠨ ᠠᠮᠢ ᠨᠠᠰᠤᠨ᠎ᠤ 《ᠠᠩᠬᠠᠨ᠎ᠤ ᠠᠯᠬᠤᠮ》᠎ᠢ ᠪᠦᠷᠢᠨ ᠲᠡᠭᠦᠯᠳᠡᠷ ᠡᠬᠢᠯᠡᠭᠦᠯᠵᠡᠢ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠭᠣᠣᠯ ᠪᠣᠯᠭ᠋ᠠᠵᠤ᠂ ᠰᠢᠨ᠎ᠡ ᠵᠢ ᠡᠭᠦᠳᠬᠦ᠎ᠪᠠᠷ ᠰᠦᠭ ᠰᠦᠨᠡᠰᠦ ᠪᠣᠯᠭ᠋ᠠᠵᠤ᠂ ᠥᠪᠥᠷ ᠮᠣᠩᠭᠣᠯ᠎ᠤᠨ ᠵᠦᠩ ᠵᠢᠶᠠ ᠲᠠᠷᠢᠶᠠᠯᠠᠩ᠎ᠤᠨ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠢᠮᠠᠭᠲᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠲᠥᠮᠥᠰᠥ ᠪᠣᠢ᠌ᠵᠢᠭᠤᠯᠬᠤ ᠴᠢᠬᠤᠯᠠ ᠲᠤᠯᠭ᠋ᠠᠭᠤᠷᠢᠯᠠᠯ ᠪᠣᠯᠭ᠋ᠠᠵᠤ᠂ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠭᠦᠨᠵᠡᠭᠡᠢ ᠠᠬᠢᠭᠤᠯᠵᠤ᠂ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢ ᠲᠦᠷᠭᠡᠨ ᠪᠡᠶᠡᠯᠡᠭᠦᠯᠬᠦ ᠵᠠᠮ ᠳᠡᠭᠡᠷ᠎ᠡ ᠡᠷᠡᠰ ᠪᠠᠲᠤ ᠠᠯᠬᠤᠮ᠎ᠢ ᠠᠯᠬᠤᠪᠠ ᠃
ᠦᠨᠡᠯᠡᠯᠲᠡ
ᠤᠯᠤᠰ ᠣᠷᠣᠨ᠎ᠨᠢ ᠲᠠᠷᠢᠶᠠᠯᠠᠩ ᠵᠶ᠋ᠠᠷ ᠦᠨᠳᠦᠰᠦ ᠪᠣᠯᠭ᠋ᠠᠵᠤ᠂ ᠲᠠᠷᠢᠶᠠᠯᠠᠩ᠎ᠨᠢ ᠦᠷ᠎ᠡ᠎ᠪᠠᠷ ᠤᠷᠢᠲᠠᠯ ᠪᠣᠯᠭ᠋ᠠᠳᠠᠭ ᠃ ᠦᠷ᠎ᠡ ᠪᠣᠯ ᠲᠠᠷᠢᠶᠠᠯᠠᠩ᠎ᠤᠨ 《ᠢᠯᠲᠠᠰᠤ》 ᠮᠥᠨ᠂ ᠲᠡᠷᠡ᠎ᠨᠢ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠬᠣᠯᠪᠣᠭᠳᠠᠬᠤ᠎ᠪᠠᠷ ᠪᠠᠷᠠᠬᠤ ᠦᠭᠡᠢ ᠪᠠᠰᠠ ᠴᠤ᠌ ᠲᠠᠷᠢᠶᠠᠯᠠᠩ᠎ᠤᠨ ᠣᠳᠣᠬᠢᠴᠢᠯᠠᠯᠲᠠ ᠵᠢᠨ 《ᠰᠡᠳᠦᠪ᠎ᠤᠨ ᠳᠣᠲᠣᠷᠠᠬᠢ ᠤᠳᠬ᠎ᠠ》 ᠮᠥᠨ ᠃ ᠦᠷ᠎ᠡ ᠵᠢᠨ ᠦᠢᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠵᠦ᠂ ᠦᠷ᠎ᠡ ᠵᠢᠨ ᠢᠷᠡᠯᠲᠡ ᠵᠢ ᠪᠡᠶ᠎ᠡ᠎ᠪᠠᠨ ᠳᠠᠭ᠋ᠠᠭ᠋ᠠᠨ ᠡᠵᠡᠮᠳᠡᠵᠦ ᠪᠣᠯᠬᠤ ᠵᠢ ᠪᠡᠶᠡᠯᠡᠭᠦᠯᠬᠦ᠎ᠳᠤ ᠡᠷᠬᠡᠪᠰᠢ ᠬᠦᠴᠦᠨ ᠵᠶ᠋ᠡᠨ ᠲᠥᠪᠯᠡᠷᠡᠭᠦᠯᠦᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠳᠤᠲᠠᠭᠤᠳᠠᠯ᠎ᠢ ᠨᠥᠬᠥᠪᠥᠷᠢᠯᠡᠨ᠂ ᠳᠠᠪᠠᠭᠤᠯᠢᠭ ᠵᠶ᠋ᠠᠨ ᠬᠦᠴᠦᠷᠬᠡᠭᠵᠢᠭᠦᠯᠵᠦ᠂ ᠦᠷ᠎ᠡ ᠵᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠵᠢ ᠲᠦᠷᠭᠡᠳᠬᠡᠨ ᠠᠬᠢᠭᠤᠯᠬᠤ ᠬᠡᠷᠡᠭᠲᠡᠶ ᠃ ᠭᠠᠭᠴᠠ ᠬᠦ᠌ 《ᠨᠢᠭᠡ ᠮᠥᠬᠥᠯᠢᠭ ᠦᠷ᠎ᠡ》 ᠳᠡᠭᠡᠷ᠎ᠡ ᠨᠡᠩ ᠶᠡᠬᠡ ᠬᠦᠴᠦ ᠣᠷᠣᠭᠤᠯᠵᠤ᠂ ᠨᠡᠩ ᠶᠡᠬᠡ ᠠᠵᠢᠯ ᠬᠢᠪᠡᠯ ᠰᠠᠶᠢ 《ᠳᠤᠮᠳᠠᠳᠤ ᠤᠯᠤᠰ》᠎ᠢ ᠨᠡᠩ ᠪᠠᠲᠤ ᠪᠡᠬᠢ ᠪᠣᠯᠭ᠋ᠠᠵᠤ ᠴᠢᠳᠠᠨ᠎ᠠ ᠃