ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠪᠡᠬᠢ ᠴᠣᠭᠴᠠᠯᠠᠨ᠎ᠠ ——
ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠪᠡᠶᠡᠯᠡᠭᠦᠯᠬᠦ ᠲᠤᠬᠠᠶ ᠬᠣᠶᠠᠷᠲᠠ ᠥᠭᠦᠯᠡᠬᠦ᠎ᠨᠢ
ᠡᠬᠡ ᠤᠯᠤᠰ᠎ᠤᠨ 《ᠤᠮᠠᠷᠠᠳᠤ ᠶᠡᠬᠡ ᠬᠠᠭ᠋ᠠᠯᠭ᠎ᠠ》᠂ ᠨᠡᠢ᠌ᠰᠯᠡᠯ᠎ᠤᠨ 《ᠤᠨᠠᠭᠤᠯᠢ ᠭᠣᠣᠯ》 ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠤᠯᠤᠰ᠎ᠤᠨ ᠠᠮᠤᠷ ᠲᠦᠪᠰᠢᠨ ᠲᠣᠭᠲᠠᠭᠤᠨ᠎ᠤ ᠶᠡᠬᠡ ᠲᠠᠯ᠎ᠠ᠎ᠳᠠᠬᠢ ᠪᠠᠢ᠌ᠷᠢ ᠰᠠᠭᠤᠷᠢ ᠴᠢᠬᠤᠯᠠ᠂ ᠬᠠᠷᠢᠭᠤᠴᠠᠯᠭ᠎ᠠ ᠬᠦᠨᠳᠦ ᠶᠤᠮ᠃ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ ᠪᠣᠯ ᠪᠢᠳᠡᠨ᠎ᠤ ᠡᠷᠬᠡᠪᠰᠢ ᠰᠠᠢ᠌ᠲᠤᠷ ᠭᠦᠢ᠍ᠴᠡᠳᠬᠡᠬᠦ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠮᠥᠨ᠃
ᠠᠮᠤᠷ ᠲᠦᠪᠰᠢᠨ ᠲᠣᠭᠲᠠᠭᠤᠨ ᠪᠠᠢ᠌ᠬᠤ ᠪᠣᠯ ᠬᠥᠭᠵᠢᠯᠲᠡ ᠵᠢᠨ ᠤᠷᠢᠲᠠᠯ ᠮᠥᠨ᠂ ᠠᠯᠢ ᠬᠦᠷᠢᠶᠡᠨ᠎ᠤ ᠠᠶᠤᠯ ᠲᠦᠭᠰᠢᠭᠦᠷᠢ ᠵᠢ ᠰᠡᠷᠭᠡᠢ᠌ᠯᠡᠵᠦ ᠳᠡᠢ᠌ᠯᠬᠦ ᠦᠭᠡᠢ ᠪᠣᠯ ᠪᠢᠳᠡ ᠶᠠᠭᠤ ᠴᠤ᠌ ᠪᠦᠲᠦᠭᠡᠵᠦ ᠴᠢᠳᠠᠬᠤ ᠦᠭᠡᠢ ᠪᠣᠯᠤᠨ᠎ᠠ᠃ ᠣᠳᠣᠬᠠᠨ᠎ᠳᠤ᠂ ᠳᠡᠯᠡᠬᠡᠢ ᠵᠢᠨ ᠪᠠᠢ᠌ᠳᠠᠯ ᠤᠷᠪᠠᠭ᠋ᠠᠨ ᠬᠥᠷᠪᠡᠭᠡᠨ᠎ᠲᠠᠢ ᠪᠠᠢ᠌ᠵᠤ᠂ ᠤᠯᠤᠰ᠎ᠤᠨ ᠳᠣᠲᠣᠭ᠋ᠠᠳᠤ ᠵᠢᠨ ᠠᠵᠤ ᠠᠬᠤᠢ ᠨᠡᠢ᠌ᠭᠡᠮ᠎ᠳᠤ ᠭᠦᠨᠵᠡᠭᠡᠢ ᠬᠤᠪᠢᠰᠤᠯᠲᠠ ᠭᠠᠷᠴᠤ᠂ ᠤᠷᠢᠳᠴᠢᠯᠠᠨ ᠮᠡᠳᠡᠵᠦ ᠪᠣᠯᠬᠤ ᠪᠠ ᠤᠷᠢᠳᠴᠢᠯᠠᠨ ᠮᠡᠳᠡᠬᠦᠶ᠎ᠡ ᠪᠡᠷᠬᠡ ᠡᠯ᠎ᠡ ᠵᠦᠢ᠍ᠯ᠎ᠤᠨ ᠠᠮᠤᠷ ᠲᠦᠪᠰᠢᠨ᠎ᠤ ᠠᠶᠤᠯ ᠲᠦᠭᠰᠢᠭᠦᠷᠢ ᠤᠷᠢᠳ ᠡᠮᠦᠨ᠎ᠡ ᠪᠠᠢ᠌ᠭ᠎ᠠ ᠦᠭᠡᠢ ᠶᠤᠮ᠃ ᠪᠢᠳᠡ ᠬᠣᠷᠢᠭ᠎ᠠ ᠱᠤᠭᠤᠮ᠎ᠤᠨ ᠰᠡᠳᠬᠢᠬᠦᠢ᠂ ᠠᠶᠤᠯ ᠲᠦᠭᠰᠢᠭᠦᠷᠢ ᠵᠢᠨ ᠤᠬᠠᠮᠰᠠᠷ ᠪᠣᠯᠤᠨ ᠲᠡᠮᠡᠴᠡᠯ᠎ᠤᠨ ᠵᠣᠷᠢᠭ ᠰᠠᠨᠠᠭ᠎ᠠ ᠵᠢ ᠴᠢᠩᠭ᠋ᠠᠳᠬᠠᠵᠤ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠭᠦᠨᠵᠡᠭᠡᠢ ᠲᠤᠭᠤᠰᠢᠯᠠᠭᠤᠯᠵᠤ᠂ ᠠᠮᠤᠷ ᠲᠦᠪᠰᠢᠨ ᠬᠥᠭᠵᠢᠯᠲᠡ ᠵᠢ ᠬᠥᠭᠵᠢᠯᠲᠡ ᠵᠢᠨ ᠡᠯ᠎ᠡ ᠬᠦᠷᠢᠢ᠎ᠡ ᠪᠣᠯᠤᠨ ᠪᠦᠬᠦ ᠶᠠᠪᠤᠴᠠ᠎ᠳᠤ ᠲᠤᠭᠤᠰᠢᠯᠠᠭᠤᠯᠬᠤ ᠵᠢ ᠪᠠᠷᠢᠮᠲᠠᠯᠠᠵᠤ᠂ ᠶᠡᠬᠡ ᠠᠮᠤᠷ ᠲᠦᠪᠰᠢᠨ᠎ᠤ ᠪᠠᠢ᠌ᠷᠢᠰᠢᠯ᠎ᠢ ᠲᠦᠷᠭᠡᠨ ᠪᠠᠢ᠌ᠭᠤᠯᠵᠤ᠂ ᠶᠡᠬᠡ ᠠᠮᠤᠷ ᠲᠦᠪᠰᠢᠨ᠎ᠤ ᠰᠢᠰᠳ᠋ᠸᠮ᠎ᠢ ᠲᠡᠭᠦᠯᠳᠡᠷᠵᠢᠭᠦᠯᠵᠦ᠂ ᠠᠮᠤᠷ ᠲᠦᠪᠰᠢᠨ ᠬᠥᠭᠵᠢᠯᠲᠡ ᠵᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠨᠡᠩ ᠠᠮᠤᠷ ᠲᠠᠢ᠌ᠪᠤᠩ ᠠᠵᠤ ᠲᠦᠷᠦᠭᠦ᠂ ᠨᠡᠢ᠌ᠭᠡᠮ᠎ᠤᠨ ᠶᠡᠬᠡ ᠲᠠᠯ᠎ᠠ ᠵᠢ ᠨᠡᠩ ᠠᠮᠤᠷ ᠲᠣᠭᠲᠠᠭᠤᠨ ᠡᠮᠬᠢ ᠳᠢᠭᠯᠢᠮ᠎ᠲᠠᠢ ᠪᠣᠯᠭ᠋ᠠᠬᠤ ᠬᠡᠷᠡᠭᠲᠡᠢ᠃
ᠤᠯᠤᠰ᠎ᠤᠨ ᠠᠮᠤᠷ ᠲᠦᠪᠰᠢᠨ ᠪᠣᠯ ᠤᠯᠤᠰ᠎ᠢ ᠠᠮᠤᠷᠵᠢᠭᠤᠯᠤᠨ ᠤᠯᠤᠰ᠎ᠢ ᠲᠦᠪᠰᠢᠳᠬᠡᠬᠦ ᠵᠢᠨ ᠴᠢᠬᠤᠯᠠ ᠰᠠᠭᠤᠷᠢ ᠮᠥᠨ᠂ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠪᠣᠯ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠮᠥᠨ ᠃ ᠪᠢᠳᠡ ᠤᠯᠤᠰ᠎ᠤᠨ ᠠᠮᠤᠷ ᠲᠦᠪᠰᠢᠨ᠎ᠤ ᠴᠢᠳᠠᠪᠤᠷᠢ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠤᠯᠤᠰ᠎ᠤᠨ ᠤᠯᠤᠰ ᠲᠦᠷᠦ ᠵᠢᠨ ᠠᠮᠤᠷ ᠲᠦᠪᠰᠢᠨ᠎ᠢ ᠬᠠᠮᠠᠭ᠋ᠠᠯᠠᠬᠤ ᠵᠢ ᠲᠡᠷᠢᠭᠦᠨ ᠴᠢᠬᠤᠯᠠ ᠶᠡᠬᠡ ᠶᠠᠪᠤᠳᠠᠯ᠂ ᠲᠡᠷᠢᠭᠦᠨ ᠴᠢᠬᠤᠯᠠ ᠡᠭᠦᠷᠭᠡ ᠪᠣᠯᠭ᠋ᠠᠨ ᠠᠳᠬᠤᠬᠤ ᠵᠢ ᠪᠠᠷᠢᠮᠲᠠᠯᠠᠵᠤ᠂ ᠡᠷᠡᠰ ᠪᠠᠲᠤ ᠤᠯᠤᠰ ᠲᠦᠷᠦ ᠵᠢᠨ ᠵᠣᠭᠰᠣᠯᠲᠠ ᠪᠠ ᠵᠥᠪ ᠲᠦᠷᠦ ᠵᠢᠨ ᠪᠤᠳᠤᠯᠭ᠎ᠠ ᠠᠷᠭ᠎ᠠ ᠪᠤᠳᠤᠯᠭ᠎ᠠ᠂ ᠰᠢᠨᠵᠢᠯᠡᠬᠦ ᠤᠬᠠᠭ᠋ᠠᠨᠴᠢ ᠠᠷᠭ᠎ᠠ ᠪᠠᠷᠢᠯ ᠠᠷᠭ᠎ᠠ ᠪᠠᠷᠢᠯ᠎ᠢ ᠤᠶᠠᠯᠳᠤᠭᠤᠯᠬᠤ ᠵᠢ ᠪᠠᠷᠢᠮᠲᠠᠯᠠᠵᠤ᠂ ᠲᠦᠷᠦ ᠵᠢᠨ ᠡᠷᠬᠡ ᠵᠢᠨ ᠠᠮᠤᠷ ᠲᠦᠪᠰᠢᠨ᠂ ᠪᠠᠢ᠌ᠭᠤᠯᠤᠯ᠎ᠤᠨ ᠠᠮᠤᠷ ᠲᠦᠪᠰᠢᠨ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠢ ᠡᠷᠡᠰ ᠬᠠᠮᠠᠭ᠋ᠠᠯᠠᠬᠤ ᠬᠡᠷᠡᠭᠲᠡᠢ ᠃ ᠤᠯᠤᠰ᠎ᠤᠨ ᠠᠮᠤᠷ ᠲᠦᠪᠰᠢᠨ᠎ᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠤᠬᠠᠮᠰᠠᠷ᠎ᠢ ᠴᠢᠩᠭ᠋ᠠᠳᠬᠠᠵᠤ᠂ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠠᠷᠠᠳ᠎ᠤᠨ ᠰᠡᠷᠭᠡᠢ᠌ᠯᠡᠯᠲᠡ ᠵᠢᠨ ᠱᠤᠭᠤᠮ᠎ᠢ ᠪᠠᠢ᠌ᠭᠤᠯᠬᠤ ᠬᠡᠷᠡᠭᠲᠡᠢ ᠃
ᠥᠪᠥᠷ ᠮᠣᠩᠭᠣᠯ᠎ᠳᠤ 4200 ᠭᠠᠷᠤᠢ ᠺᠢᠯᠤᠮᠸᠳ᠋ᠷ ᠬᠢᠯᠢ ᠵᠢᠨ ᠱᠤᠭᠤᠮ᠎ᠲᠠᠢ᠂ ᠬᠢᠯᠢ ᠵᠢ ᠬᠦᠴᠦᠷᠬᠡᠭᠵᠢᠭᠦᠯᠵᠦ ᠰᠡᠷᠭᠡᠢ᠌ᠯᠡᠯᠲᠡ ᠵᠢ ᠪᠡᠬᠢᠵᠢᠭᠦᠯᠬᠦ ᠠᠵᠢᠯ᠎ᠢ ᠰᠠᠢ᠌ᠲᠤᠷ ᠬᠢᠬᠦ᠎ᠨᠢ ᠲᠤᠢ᠌ᠯ᠎ᠤᠨ ᠴᠢᠬᠤᠯᠠ ᠶᠤᠮ ᠃ ᠪᠢᠳᠡ ᠨᠠᠮ ᠵᠠᠰᠠᠭ ᠴᠡᠷᠢᠭ ᠴᠠᠭᠳᠠᠭ᠎ᠠ ᠠᠷᠠᠳ ᠬᠠᠮᠵᠢᠯᠴᠠᠨ ᠬᠦᠴᠦᠯᠡᠬᠦ ᠵᠢ ᠪᠠᠷᠢᠮᠲᠠᠯᠠᠵᠤ᠂ ᠬᠢᠯᠢ ᠵᠢᠨ ᠬᠠᠮᠠᠭ᠋ᠠᠯᠠᠯᠲᠠ ᠵᠢᠨ ᠬᠠᠮᠢᠶᠠᠷᠤᠨ ᠡᠵᠡᠮᠳᠡᠬᠦ ᠬᠦᠴᠦᠨ᠎ᠤ ᠰᠢᠰᠲ᠋ᠧᠮ᠎ᠢ ᠦᠷᠭᠦᠯᠵᠢᠯᠡᠨ ᠪᠠᠢ᠌ᠭᠤᠯᠤᠨ ᠬᠦᠴᠦᠷᠬᠡᠭᠵᠢᠭᠦᠯᠵᠦ᠂ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ ᠪᠠ ᠬᠣᠶᠠᠷ᠎ᠢ ᠬᠦᠷᠢᠶᠡᠯᠡᠵᠦ ᠬᠠᠮᠲᠤ᠎ᠪᠠᠷ ᠪᠠᠢ᠌ᠭᠤᠯᠬᠤ ᠰᠠᠭᠤᠷᠢ ᠵᠢ ᠪᠡᠬᠢᠵᠢᠭᠦᠯᠵᠦ᠂ ᠬᠢᠯᠢ ᠬᠢᠵᠠᠭ᠋ᠠᠷ᠎ᠢ ᠪᠡᠬᠢᠵᠢᠭᠦᠯᠬᠦ 《ᠪᠤᠯᠤᠳ ᠬᠡᠷᠡᠮ ᠪᠤᠯᠤᠳ ᠬᠠᠨ᠎ᠠ》 ᠵᠢ ᠴᠣᠭᠴᠠᠯᠠᠬᠤ ᠬᠡᠷᠡᠭᠲᠡᠢ ᠃ ᠬᠢᠯᠢ ᠬᠢᠵᠠᠭ᠋ᠠᠷ ᠣᠷᠣᠨ᠎ᠤ ᠬᠥᠮᠦᠨ ᠠᠮᠠ ᠵᠢᠨ 《ᠬᠥᠨᠳᠡᠢ᠌ᠷᠡᠯ》᠎ᠤᠨ ᠠᠰᠠᠭᠤᠳᠠᠯ᠎ᠳᠤ ᠴᠢᠭᠯᠡᠭᠦᠯᠦᠨ᠂ ᠬᠢᠯᠢ ᠬᠢᠵᠠᠭ᠋ᠠᠷ᠎ᠢ ᠪᠡᠬᠢᠵᠢᠭᠦᠯᠵᠦ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠬᠢᠯᠢ ᠳᠠᠭ᠋ᠠᠤ ᠣᠷᠣᠨ᠎ᠤ ᠦᠨᠳᠦᠰᠦᠨ ᠤᠯᠠᠨ ᠨᠡᠢ᠌ᠲᠡ ᠵᠢᠨ ᠦᠢ᠍ᠯᠡᠴᠢᠯᠡᠭᠡ ᠪᠠ ᠴᠢᠬᠤᠯᠠ ᠶᠡᠬᠡ ᠰᠠᠭᠤᠷᠢ ᠲᠥᠬᠥᠭᠡᠷᠦᠮᠵᠢ ᠵᠢᠨ ᠪᠠᠲᠤᠯᠠᠭ᠎ᠠ ᠵᠢᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠩ ᠤᠯᠠᠨ ᠬᠥᠮᠦᠨ᠎ᠢ ᠲᠠᠲᠠᠵᠤ ᠬᠢᠯᠢ ᠬᠢᠵᠠᠭ᠋ᠠᠷ ᠣᠷᠣᠨ᠎ᠳᠤ ᠣᠴᠢᠭᠤᠯᠤᠨ ᠦᠢ᠍ᠯᠡᠰ ᠪᠤᠰᠬᠠᠭᠤᠯᠵᠤ ᠠᠮᠤᠷ ᠲᠠᠢ᠌ᠪᠤᠩ ᠰᠠᠭᠤᠷᠢᠰᠢᠭᠤᠯᠤᠨ᠂ ᠬᠢᠯᠢ ᠬᠢᠵᠠᠭ᠋ᠠᠷ᠎ᠢ ᠰᠠᠬᠢᠭᠤᠯᠵᠤ ᠬᠢᠯᠢ ᠬᠢᠵᠠᠭ᠋ᠠᠷ᠎ᠢ ᠬᠠᠮᠠᠭ᠋ᠠᠯᠠᠭᠤᠯᠬᠤ ᠬᠡᠷᠡᠭᠲᠡᠢ ᠃
ᠨᠠᠩ ᠥᠨᠳᠥᠷ ᠲᠦᠪᠰᠢᠨ ᠪᠥᠬᠥᠶ ᠠᠮᠤᠷ ᠠᠮᠤᠭᠤᠯᠠᠩ ᠥᠪᠥᠷ ᠮᠣᠩᠭᠣᠯ᠎ᠢ ᠪᠥᠲᠥᠭᠡᠨ ᠪᠠᠢ᠌ᠭᠤᠯᠬᠤ᠎ᠳᠤ ᠡᠷᠬᠡᠪᠰᠢ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠣᠯᠠᠨ ᠨᠡᠢ᠌ᠲᠡ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠃ ᠪᠢᠳᠡ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠰᠢᠨᠵᠢᠯᠡᠬᠦ ᠤᠬᠠᠭ᠋ᠠᠨᠴᠢ ᠣᠨᠣᠴᠠᠲᠠᠢ ᠰᠠᠢ᠌ᠲᠤᠷ ᠬᠢᠵᠦ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ᠎ᠢ ᠪᠠᠢ᠌ᠩᠭᠤᠵᠢᠭᠤᠯᠤᠨ ᠥᠷᠨᠢᠭᠦᠯᠵᠦ᠂ ᠡᠯ᠎ᠡ ᠲᠦᠷᠦᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ᠂ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠲᠠᠢ ᠲᠡᠮᠡᠴᠡᠬᠦ ᠭᠠᠮᠰᠢᠭ᠎ᠠᠴᠠ ᠠᠪᠤᠷᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠠᠷᠠᠳ ᠲᠦᠮᠡᠨ᠎ᠤ ᠠᠮᠤᠷ ᠠᠮᠤᠭᠤᠯᠠᠩ ᠣᠷᠣᠨ ᠰᠠᠭᠤᠴᠠ᠂ ᠨᠡᠢ᠌ᠭᠡᠮ᠎ᠤᠨ ᠠᠮᠤᠷ ᠲᠣᠭᠲᠠᠭᠤᠨ᠎ᠢ ᠨᠥᠯᠥᠭᠡᠯᠡᠬᠦ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ᠂ ᠠᠷᠠᠳ ᠤᠯᠠᠨ᠎ᠤ ᠠᠮᠤᠷ ᠲᠦᠪᠰᠢᠨ᠎ᠤ ᠲᠦᠷᠦᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠃
ᠠᠮᠤᠷ ᠲᠦᠪᠰᠢᠨ᠎ᠤ ᠭᠣᠣᠯᠳᠠᠯᠭ᠎ᠠ᠎ᠨᠢ ᠰᠡᠷᠭᠡᠢ᠌ᠯᠡᠬᠦ᠎ᠳᠤ ᠪᠤᠢ᠂ ᠬᠠᠷᠢᠭᠤᠴᠠᠯᠭ᠎ᠠ᠎ᠨᠢ ᠲᠠᠢ᠌ᠱ᠌ᠠᠨ ᠠᠭᠤᠯᠠᠨ᠎ᠠᠴᠠ ᠬᠦᠨᠳᠦ ᠃ ᠪᠢᠳᠡ ᠠᠮᠤᠷ ᠲᠦᠪᠰᠢᠨ ᠲᠣᠭᠲᠠᠭᠤᠨ᠎ᠤ ᠡᠨᠡ ᠬᠦ᠌ ᠬᠥᠪᠴᠢ ᠵᠢ ᠴᠠᠭ ᠢᠮᠠᠭᠲᠠ ᠴᠢᠩᠭ᠋ᠠᠯᠠᠵᠤ᠂ ᠨᠢᠳᠦ᠎ᠪᠠᠨ ᠶᠡᠬᠡ᠎ᠪᠠᠷ ᠪᠦᠯᠲᠡᠢ᠌ᠯᠭᠡᠨ᠂ ᠠᠮᠤᠷ ᠲᠦᠪᠰᠢᠨ ᠪᠠᠢ᠌ᠬᠤ ᠦᠶ᠎ᠡ᠎ᠳᠡᠭᠡᠨ ᠠᠶᠤᠯ ᠲᠦᠭᠰᠢᠭᠦᠷᠢ ᠵᠢ ᠪᠣᠳᠣᠯᠬᠢᠯᠠᠵᠤ᠂ ᠠᠶᠤᠯ ᠲᠦᠭᠰᠢᠭᠦᠷᠢ ᠵᠢ ᠤᠷᠢᠳᠴᠢᠯᠠᠨ ᠰᠡᠷᠭᠡᠢ᠌ᠯᠡᠵᠦ᠂ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠯᠠᠪᠳᠠᠭᠤᠨ ᠪᠠᠲᠤᠲᠠᠢ ᠰᠤᠷᠲᠠᠯ᠂ ᠬᠦᠴᠦᠲᠡᠢ ᠠᠷᠭ᠎ᠠ ᠬᠡᠮᠵᠢᠶ᠎ᠡ᠎ᠪᠠᠷ ᠡᠭᠦᠳᠡ᠎ᠪᠠᠨ ᠰᠠᠢ᠌ᠲᠤᠷ ᠰᠠᠬᠢᠵᠤ᠂ ᠡᠬᠡ ᠤᠯᠤᠰ᠎ᠤᠨ ᠤᠮᠠᠷᠠᠲᠤ ᠬᠢᠯᠢ ᠵᠢ ᠰᠠᠢ᠌ᠲᠤᠷ ᠰᠠᠬᠢᠵᠤ᠂ ᠥᠪᠥᠷ ᠮᠣᠩᠭᠣᠯ᠎ᠤᠨ ᠲᠣᠭᠲᠠᠭᠤᠨ ᠵᠶ᠋ᠠᠷ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠬᠠᠮᠠᠭ᠋ᠠᠯᠠᠵᠤ᠂ ᠨᠡᠢ᠌ᠰᠯᠡᠯ᠎ᠤᠨ ᠠᠮᠤᠷ ᠲᠦᠪᠰᠢᠨ᠎ᠢ ᠬᠠᠮᠠᠭ᠋ᠠᠯᠠᠬᠤ ᠬᠡᠷᠡᠭᠲᠡᠢ ᠃