ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠥᠭᠦᠯᠡᠯ᠎ᠢ ᠲᠥᠪᠯᠡᠷᠡᠭᠦᠯᠦᠨ ᠨᠡᠢ᠌ᠲᠡᠯᠡᠬᠦ ᠲᠠᠪᠴᠠᠩ ᠨᠢᠭᠡᠨᠲᠡ ᠰᠦᠯᠵᠢᠶᠡᠨ᠎ᠳᠤ ᠭᠠᠷᠪᠠ!
ᠨᠡᠶ᠋ᠢᠲᠡᠯᠡᠭᠰᠡᠨ ᠴᠠᠭ᠄ 2023-01-05


     2022 ᠣᠨ᠎ᠤ 12 ᠰᠠᠷ᠎ᠠ ᠵᠢᠨ 29᠎ᠤ ᠡᠳᠦᠷ᠂ 2022 ᠣᠨ᠎ᠤ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠥᠭᠦᠯᠡᠯ᠎ᠤᠨ ᠪᠦᠷᠢᠳᠬᠡᠯ᠎ᠤᠨ ᠦᠷ᠎ᠡ ᠳ᠋ᠦᠩ᠎ᠢ ᠨᠡᠢ᠌ᠲᠡᠯᠡᠬᠦ ᠬᠤᠷᠠᠯ ᠳᠡᠭᠡᠷ᠎ᠡ᠂ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠥᠭᠦᠯᠡᠯ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠡ ᠵᠠᠩᠭᠢ ᠵᠢᠨ ᠳᠡᠭᠡᠳᠦ ᠲᠠᠰ᠎ᠤᠨ ᠰᠣᠯᠢᠯᠴᠠᠭ᠋ᠠᠨ᠎ᠤ ᠲᠠᠪᠴᠠᠩ ᠵᠢᠩᠬᠢᠨᠢ᠎ᠪᠠᠷ ᠰᠦᠯᠵᠢᠶᠡᠨ᠎ᠳᠤ ᠭᠠᠷᠪᠠ  ᠃ ᠲᠤᠬᠠᠶ ᠵᠢᠨ ᠡᠳᠦᠷ᠂ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠥᠭᠦᠯᠡᠯ᠎ᠢ ᠲᠥᠪᠯᠡᠷᠡᠭᠦᠯᠦᠨ ᠨᠡᠢ᠌ᠲᠡᠯᠡᠬᠦ ᠲᠠᠪᠴᠠᠩ᠎ᠢ ᠰᠦᠯᠵᠢᠶᠡᠨ᠎ᠳᠤ ᠬᠣᠯᠪᠣᠪᠠ᠂ ᠡᠭᠦᠨ᠎ᠳᠤ ᠤᠯᠤᠰ᠎ᠤᠨ ᠤᠷᠢᠳᠴᠢᠯᠠᠨ ᠬᠡᠪᠯᠡᠭᠰᠡᠨ ᠳᠡᠪᠲᠡᠷ᠎ᠤᠨ ᠲᠠᠪᠴᠠᠩ᠂ ᠲᠣᠭᠲᠠᠮᠠᠯ ᠬᠤᠭᠤᠴᠠᠭ᠋ᠠᠲᠤ ᠰᠡᠳᠬᠦᠯ ᠪᠠ ᠡᠷᠳᠡᠮ ᠰᠢᠨᠵᠢᠯᠡᠭᠡᠨ᠎ᠤ ᠨᠡᠢ᠌ᠭᠡᠮ ᠲᠣᠭᠣᠷᠢᠭ᠎ᠤᠨ ᠬᠤᠪᠢᠶᠠᠷᠢ ᠲᠠᠪᠴᠠᠩ᠎ᠢ ᠴᠢᠯᠥᠭᠡᠲᠡᠶ ᠨᠡᠭᠡᠭᠡᠬᠦ᠂ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠳ᠋ᠠᠢ᠌ᠲ᠋ᠠ ᠵᠢ ᠬᠥᠮᠥᠷᠭᠡᠯᠡᠨ ᠬᠠᠳᠠᠭ᠋ᠠᠯᠠᠬᠤ ᠵᠡᠷᠭᠡ 3 ᠴᠢᠳᠠᠮᠵᠢᠳᠤ ᠦᠢᠯᠡᠴᠢᠯᠡᠭᠡᠨ᠎ᠤ ᠬᠡᠰᠡᠭ ᠪᠠᠭᠲᠠᠨ᠎ᠠ  ᠃
      ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠥᠭᠦᠯᠡᠯ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠡ ᠵᠠᠩᠭᠢ ᠵᠢᠨ ᠳᠡᠭᠡᠳᠦ ᠲᠡᠰ᠎ᠤᠨ ᠰᠣᠯᠢᠯᠴᠠᠭ᠋ᠠᠨ᠎ᠤ ᠲᠠᠪᠴᠠᠩ ᠪᠣᠯ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠢ᠍ᠯᠡᠳᠦᠯᠭᠡ ᠪᠠ ᠬᠠᠮᠢᠶᠠᠷᠤᠯᠲᠠ ᠵᠢᠨ ᠠᠵᠢᠯᠯᠠᠭ᠎ᠠ᠎ᠳᠤ ᠬᠠᠨᠳᠤᠭᠤᠯᠤᠭᠰᠠᠨ ᠰᠢᠷᠢᠰ ᠥᠨᠳᠥᠷ ᠲᠦᠪᠰᠢᠨ ᠪᠦᠬᠦᠢ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠪᠴᠠᠩ᠎ᠤᠨ ᠶᠡᠷᠦᠩᠬᠡᠢ ᠨᠡᠷᠡᠢ᠌ᠳᠦᠯ ᠮᠥᠨ᠂ ᠰᠠᠭᠤᠷᠢ ᠴᠢᠨᠠᠷᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭᠤᠷ ᠪᠢᠴᠢᠭ᠎ᠢ ᠪᠠᠲᠤᠯᠠᠵᠤ ᠰᠣᠯᠢᠯᠴᠠᠬᠤ ᠲᠠᠪᠴᠠᠩ ᠪᠣᠯᠬᠤ ᠪᠥᠭᠡᠳ ᠪᠠᠰᠠ ᠤᠯᠠᠨ ᠲᠦᠷᠦᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠡᠭᠦᠳᠡ ᠡᠷᠦᠭᠡ ᠪᠣᠯᠤᠨ᠎ᠠ  ᠃ ᠳᠡᠭᠡᠳᠦ ᠲᠠᠰ᠎ᠤᠨ ᠰᠣᠯᠢᠯᠴᠠᠭ᠋ᠠᠨ᠎ᠤ ᠲᠠᠪᠴᠠᠩ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠪᠠ ᠮᠡᠳᠡᠯᠭᠡ ᠵᠢᠨ ᠦᠢᠯᠡᠳᠪᠦᠷᠢᠯᠡᠯ᠎ᠤᠨ ᠴᠢᠬᠤᠯᠠ ᠭᠣᠭᠴᠣᠭ᠎ᠠ ᠵᠢᠨ ᠠᠷᠭ᠎ᠠ ᠵᠠᠮ᠎ᠢ ᠦᠨᠳᠦᠰᠦᠯᠡᠨ᠂ ᠤᠯᠤᠰ᠎ᠤᠨ ᠰᠣᠳᠣᠨ ᠬᠤᠭᠤᠴᠠᠭ᠋ᠠᠲᠤ ᠰᠡᠳᠬᠦᠯ᠎ᠤᠨ ᠴᠤᠭᠯᠠᠷᠠᠯ᠎ᠤᠨ ᠬᠡᠪᠯᠡᠯ᠎ᠤᠨ ᠲᠠᠪᠴᠠᠩ᠂ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠣᠭ᠎ᠠ ᠪᠠᠷᠢᠮᠲᠠ ᠵᠢᠨ ᠬᠥᠮᠥᠷᠭᠡ᠂ ᠤᠯᠤᠰ᠎ᠤᠨ ᠤᠷᠢᠳᠴᠢᠯᠠᠨ ᠳᠠᠷᠤᠮᠠᠯᠯᠠᠬᠤ ᠲᠠᠪᠴᠠᠩ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠭᠤᠴᠠᠭ᠋ᠠᠲᠤ ᠰᠡᠳᠬᠦᠯ᠎ᠤᠨ ᠨᠡᠭᠡᠭᠡᠯᠲᠡᠲᠦ ᠲᠠᠪᠴᠠᠩ ᠪᠠ ᠨᠡᠭᠡᠭᠡᠯᠲᠡᠲᠦ ᠡᠷᠳᠡᠮ ᠰᠢᠨᠵᠢᠯᠡᠭᠡᠨ᠎ᠤ ᠨᠡᠢ᠌ᠭᠡᠮ ᠲᠣᠭᠣᠷᠢᠭ᠎ᠤᠨ ᠲᠠᠪᠴᠠᠩ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭᠤᠷ ᠪᠢᠴᠢᠭ᠎ᠤᠨ ᠳᠡᠭᠡᠳᠦ ᠲᠠᠰ᠎ᠤᠨ ᠦᠢᠯᠡᠴᠢᠯᠡᠭᠡᠨ᠎ᠤ ᠲᠠᠪᠴᠠᠩ᠂ ᠪᠡᠯᠭᠡ ᠲᠡᠮᠳᠡᠭ᠎ᠤᠨ ᠴᠢᠨᠠᠷᠲᠠᠶ ᠦᠷ᠎ᠡ ᠪᠦᠲᠦᠭᠡᠯ᠎ᠢ ᠦᠨᠡᠯᠡᠨ ᠰᠣᠯᠢᠯᠴᠠᠬᠤ ᠲᠠᠪᠴᠠᠩ᠂ ᠪᠠᠷᠢᠮᠵᠢᠶᠠᠵᠢᠭᠤᠯᠤᠨ ᠵᠢᠷᠤᠮᠵᠢᠭᠤᠯᠬᠤ ᠰᠢᠰᠲ᠋ᠧᠮ᠂ ᠬᠣᠷᠸ᠎ᠠ ᠬᠠᠮᠢᠶᠠᠷᠤᠯᠲᠠ ᠵᠢᠨ ᠰᠢᠢᠳᠪᠦᠷᠢᠲᠦ ᠪᠣᠳᠣᠯᠭ᠎ᠠ ᠬᠢᠭᠡᠳ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠮᠡᠳᠡᠭᠡ ᠵᠠᠩᠭᠢ ᠵᠢᠨ ᠲᠤᠯᠭ᠋ᠠᠭᠤᠷᠢᠯᠠᠬᠤ ᠲᠠᠪᠴᠠᠩ᠎ᠢ ᠪᠠᠭᠲᠠᠭ᠋ᠠᠭᠰᠠᠨ 8 ᠶᠡᠬᠡ ᠣᠨᠴᠠᠯᠢᠭᠲᠤ ᠮᠡᠳᠡᠭᠡ ᠵᠠᠩᠭᠢ ᠵᠢᠨ ᠰᠣᠯᠢᠯᠴᠠᠭ᠋ᠠᠨ᠎ᠤ ᠲᠠᠪᠴᠠᠩ᠎ᠢ ᠪᠠᠢ᠌ᠭᠤᠯᠤᠨ᠎ᠠ  ᠃
    ᠣᠳᠣᠬᠠᠨ᠎ᠳᠤ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠵᠢᠨ ᠰᠤᠳᠤᠯᠭ᠋ᠠᠨ᠎ᠤ ᠭᠠᠵᠠᠷ ᠨᠢᠭᠡᠨᠲᠡ ᠬᠣᠯᠪᠣᠭᠳᠠᠯ ᠪᠥᠬᠥᠶ ᠨᠢᠭᠡᠴᠡ ᠵᠢ ᠵᠣᠬᠢᠶᠠᠨ ᠪᠠᠢ᠌ᠭᠤᠯᠵᠤ ᠨᠢᠭᠡᠳᠦᠭᠡᠷ ᠱᠠᠲᠤᠨ᠎ᠤ ᠪᠥᠲᠥᠭᠡᠨ ᠪᠠᠢ᠌ᠭᠤᠯᠤᠯᠲᠠ ᠵᠢᠨ ᠡᠭᠦᠷᠭᠡ ᠵᠢ ᠪᠡᠶᠡᠯᠡᠭᠦᠯᠦᠭᠰᠡᠨ ᠪᠥᠭᠡᠳ ᠵᠢᠩᠬᠢᠨᠢ᠎ᠪᠠᠷ ᠰᠦᠯᠵᠢᠶᠡᠨ᠎ᠳᠤ ᠨᠡᠪᠲᠡᠷᠡᠭᠦᠯᠪᠡ  ᠃ ᠰᠦᠯᠵᠢᠶᠡᠨ᠎ᠳᠤ ᠭᠠᠷᠬᠤ ᠴᠢᠳᠠᠮᠵᠢ ᠵᠢᠨ ᠦᠢᠯᠡᠴᠢᠯᠡᠭᠡᠨ᠎ᠤ ᠬᠡᠰᠡᠭ᠎ᠲᠤ ᠤᠯᠤᠰ᠎ᠤᠨ ᠤᠷᠢᠳᠴᠢᠯᠠᠨ ᠬᠡᠪᠯᠡᠭᠰᠡᠨ ᠳᠡᠪᠲᠡᠷ᠎ᠤᠨ ᠲᠠᠪᠴᠠᠩ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠭᠤᠴᠠᠭ᠋ᠠᠲᠤ ᠰᠡᠳᠬᠦᠯ᠎ᠢ ᠴᠢᠯᠥᠭᠡᠲᠡᠶ ᠨᠡᠭᠡᠭᠡᠬᠦ ᠲᠠᠪᠴᠠᠩ ᠪᠠ ᠡᠷᠳᠡᠮ ᠰᠢᠨᠵᠢᠯᠡᠭᠡᠨ᠎ᠤ ᠨᠡᠢ᠌ᠭᠡᠮ ᠲᠣᠭᠣᠷᠢᠭ᠎ᠤᠨ ᠲᠠᠪᠴᠠᠩ᠎ᠢ ᠴᠢᠯᠥᠭᠡᠲᠡᠶ ᠪᠣᠯᠭ᠋ᠠᠵᠤ᠂ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠣᠭ᠎ᠠ ᠪᠠᠷᠢᠮᠲᠠ ᠵᠢᠨ ᠬᠥᠮᠥᠷᠭᠡ ᠵᠢ ᠪᠠᠭᠲᠠᠭ᠋ᠠᠨ᠎ᠠ  ᠃ ᠡᠭᠦᠨ᠎ᠳᠤ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠭᠤᠴᠠᠭ᠋ᠠᠲᠤ ᠰᠡᠳᠬᠦᠯ᠎ᠤᠨ ᠨᠡᠭᠡᠭᠡᠯᠲᠡᠲᠦ ᠲᠠᠪᠴᠠᠩ ᠪᠠ ᠨᠡᠭᠡᠭᠡᠯᠲᠡᠲᠦ ᠡᠷᠳᠡᠮ ᠰᠢᠨᠵᠢᠯᠡᠭᠡᠨ᠎ᠤ ᠨᠡᠢ᠌ᠭᠡᠮ ᠲᠣᠭᠣᠷᠢᠭ᠎ᠤᠨ ᠲᠠᠪᠴᠠᠩ᠎ᠨᠢ ᠨᠢᠭᠡᠨᠲᠡ ᠤᠯᠤᠰ᠎ᠤᠨ ᠳᠣᠲᠣᠭ᠋ᠠᠳᠤ ᠵᠢᠨ 1300 ᠭᠠᠷᠤᠶ ᠵᠦᠢᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠭᠤᠴᠠᠭ᠋ᠠᠲᠤ ᠰᠡᠳᠬᠦᠯ᠂ 800 ᠭᠠᠷᠤᠶ ᠲᠦᠮᠡᠨ ᠥᠭᠦᠯᠡᠯ᠎ᠤᠨ ᠲᠥᠪᠯᠡᠷᠡᠩᠭᠦᠶ ᠨᠡᠭᠡᠭᠡᠯᠲᠡᠲᠦ ᠦᠢᠯᠡᠴᠢᠯᠡᠭᠡ ᠵᠢ ᠪᠡᠶᠡᠯᠡᠭᠦᠯᠪᠡ  ᠃
      ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠵᠢᠨ ᠰᠤᠳᠤᠯᠭ᠋ᠠᠨ᠎ᠤ ᠭᠠᠵᠠᠷ᠎ᠤᠨ ᠲᠠᠨᠢᠯᠴᠠᠭᠤᠯᠤᠭᠰᠠᠨ ᠵᠶ᠋ᠠᠷ᠂ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠥᠭᠦᠯᠡᠯ᠎ᠢ ᠲᠥᠪᠯᠡᠷᠡᠭᠦᠯᠦᠨ ᠨᠡᠢ᠌ᠲᠡᠯᠡᠬᠦ ᠲᠠᠪᠴᠠᠩ᠎ᠨᠢ ᠬᠢᠲᠠᠳ ᠠᠨᠭ᠌ᠭ᠍ᠯᠢ ᠬᠡᠯᠡᠨ᠎ᠤ ᠤᠷᠢᠳᠴᠢᠯᠠᠨ ᠬᠡᠪᠯᠡᠭᠰᠡᠨ ᠥᠭᠦᠯᠡᠯ᠎ᠢ ᠭᠥᠯᠢᠶᠡᠨ ᠠᠪᠴᠤ᠂ ᠵᠣᠬᠢᠶᠠᠭᠴᠢ᠎ᠨᠢ ᠦᠨᠡᠨ ᠨᠡᠷ᠎ᠡ᠎ᠪᠠᠷ ᠵᠶ᠋ᠡᠨ ᠳᠠᠩᠰᠠᠯᠠᠭᠤᠯᠪᠠᠯ ᠳᠠᠷᠤᠶ ᠡᠬᠡ ᠪᠢᠴᠢᠭ ᠵᠶ᠋ᠡᠨ ᠥᠭᠴᠦ ᠪᠣᠯᠤᠨ᠎ᠠ᠂ ᠠᠩᠬᠠᠨ᠎ᠤ ᠬᠢᠨᠠᠯᠲᠠ ᠵᠢ ᠥᠩᠭᠡᠷᠡᠭᠦᠯᠦᠭᠰᠡᠨ᠎ᠤ ᠳᠠᠷᠠᠭ᠎ᠠ ᠳᠠᠷᠤᠶ ᠣᠯᠠᠨ ᠤᠯᠤᠰ᠎ᠲᠤ ᠨᠡᠢ᠌ᠳᠡᠮ ᠬᠡᠷᠡᠭᠯᠡᠭᠳᠡᠬᠦ ᠲᠣᠭ᠋ᠠᠴᠢᠯᠠᠭᠰᠠᠨ ᠡᠲᠡᠭᠡᠳ᠎ᠤᠨ ᠴᠣᠷ᠎ᠤᠨ ᠭᠠᠭᠴᠠ ᠲᠡᠮᠳᠡᠭ᠎ᠢ ᠬᠤᠪᠢᠶᠠᠷᠢᠯᠠᠵᠤ᠂ 48 ᠴᠠᠭ᠎ᠤᠨ ᠳᠣᠲᠣᠷ᠎ᠠ ᠲᠦᠷᠭᠡᠨ ᠨᠡᠢ᠌ᠲᠡᠯᠡᠵᠦ᠂ ᠵᠣᠬᠢᠶᠠᠭᠴᠢ ᠵᠢᠨ ᠠᠩᠬ᠎ᠠ ᠲᠠᠷᠬᠠᠭ᠋ᠠᠬᠤ ᠡᠷᠬᠡ ᠵᠢ ᠪᠠᠲᠤᠯᠠᠵᠤ᠂ ᠠᠩᠬ᠎ᠠ ᠲᠠᠷᠬᠠᠭ᠋ᠠᠬᠤ ᠡᠯᠧᠺᠲᠷᠣᠨ ᠦᠨᠡᠮᠯᠡᠯ᠎ᠢ ᠬᠠᠩᠭ᠋ᠠᠵᠤ᠂ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠭᠰᠠᠨ ᠰᠢᠯᠢᠳᠡᠭ ᠡᠬᠡ ᠪᠢᠴᠢᠭ᠎ᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠭᠤᠴᠠᠭ᠋ᠠᠲᠤ ᠰᠡᠳᠬᠦᠯ᠎ᠳᠤ ᠲᠠᠨᠢᠯᠴᠠᠭᠤᠯᠤᠨ ᠨᠡᠢ᠌ᠲᠡᠯᠡᠵᠦ᠂ ᠲᠠᠪᠴᠠᠩ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠣᠯᠠᠨ ᠶᠠᠩᠵᠤᠲᠤ ᠥᠭᠦᠯᠡᠯ ᠨᠡᠢ᠌ᠲᠡᠯᠡᠬᠦ᠂ ᠲᠠᠩᠰᠠ ᠡᠪᠬᠡᠮᠡᠯ᠎ᠳᠤ ᠬᠠᠳᠠᠭ᠋ᠠᠯᠠᠬᠤ᠂ ᠡᠷᠢᠬᠦ ᠪᠠ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ ᠪᠣᠯᠤᠨ᠎ᠠ  ᠃

ᠢᠷᠡᠯᠲᠡ᠄ ᠪᠡᠭᠡᠵᠢᠩ᠎ᠤᠨ ᠡᠳᠦᠷ᠎ᠤᠨ ᠰᠣᠨᠢᠨ᠎ᠤ ᠬᠡᠷᠡᠭᠯᠡᠭᠴᠢ ᠵᠢᠨ ᠦᠵᠦᠭᠦᠷ
          
ᠬᠠᠮᠢᠶ᠎ᠡ ᠪᠦᠬᠦᠢ ᠰᠣᠨᠢᠨ
ᠤᠯᠤᠰ᠎ᠤᠨ ᠴᠢᠬᠤᠯᠠ ᠡᠨᠧᠷᠭᠢ ᠵᠢᠨ ᠰᠤᠷᠪᠤᠯᠵᠢ ᠪᠠ ᠪᠠᠢ᠌ᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠬᠦᠴᠦᠲᠡᠢ ᠪᠦᠳᠦᠭᠡᠨ ᠪᠠᠢ᠌ᠭᠤᠯᠤᠨ᠎ᠠ —— ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠪᠡᠶᠡᠯᠡᠭᠦᠯᠬᠦ ᠲᠤᠬᠠᠶ ᠭᠤᠷᠪᠠᠨᠲᠠ ᠥᠭᠦᠯᠡᠬᠦ᠎ᠨᠢ
ᠲᠠᠷᠢᠶᠠᠯᠠᠩ᠎ᠤᠨ 《ᠴᠠᠬᠢᠮ》᠎ᠢ ᠬᠦᠴᠦᠷᠬᠡᠭᠵᠢᠭᠦᠯᠦᠨ 《ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ》 ᠵᠢ ᠪᠠᠲᠤ ᠡᠵᠡᠮᠳᠡᠶ᠎ᠡ
ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠨ ᠤᠯᠤᠰ ᠣᠷᠣᠨ᠎ᠤ ᠰᠢᠨ᠎ᠡ ᠵᠢ ᠡᠭᠦᠳᠬᠦ ᠰᠢᠰᠲ᠋ᠧᠮ᠎ᠢ ᠲᠡᠭᠦᠯᠳᠡᠷᠵᠢᠭᠦᠯᠦᠨ᠎ᠡ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠴᠢ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ 《ᠮᠡᠷᠭᠡᠵᠢᠯ》᠎ᠢ ᠬᠦᠷᠭᠡᠵᠦ ᠲᠠᠷᠢᠶᠠᠯᠠᠩ᠎ᠤᠨ ᠶᠠᠭ᠋ᠠᠷᠠᠤ ᠠᠵᠢᠯ᠎ᠳᠤ ᠲᠤᠰᠠᠯᠠᠪᠠ
ᠪᠤᠭᠤᠲᠤ ᠵᠢᠨ ᠪᠣᠯᠣᠳ ᠲᠡᠮᠦᠷ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠳᠠᠬᠢᠨ ᠠᠰᠢᠭᠯᠠᠬᠤ ᠰᠢᠨ᠎ᠡ ᠦᠷ᠎ᠡ ᠪᠦᠲᠦᠭᠡᠯ ᠣᠯᠪᠠ
 
            
Baidu
map