ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠤᠯᠤᠰ᠎ᠤᠨ ᠴᠢᠬᠤᠯᠠ ᠡᠨᠧᠷᠭᠢ ᠵᠢᠨ ᠰᠤᠷᠪᠤᠯᠵᠢ ᠪᠠ ᠪᠠᠢ᠌ᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠬᠦᠴᠦᠲᠡᠢ ᠪᠦᠳᠦᠭᠡᠨ ᠪᠠᠢ᠌ᠭᠤᠯᠤᠨ᠎ᠠ —— ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠪᠡᠶᠡᠯᠡᠭᠦᠯᠬᠦ ᠲᠤᠬᠠᠶ ᠭᠤᠷᠪᠠᠨᠲᠠ ᠥᠭᠦᠯᠡᠬᠦ᠎ᠨᠢ
ᠨᠡᠶ᠋ᠢᠲᠡᠯᠡᠭᠰᠡᠨ ᠴᠠᠭ᠄ 2023-01-05


          ᠤᠯᠤᠰ᠎ᠤᠨ ᠴᠢᠬᠤᠯᠠ ᠡᠨᠧᠷᠭᠢ ᠵᠢᠨ ᠰᠤᠷᠪᠤᠯᠵᠢ ᠪᠠ ᠪᠠᠢ᠌ᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠬᠦᠴᠦᠲᠡᠢ ᠪᠦᠳᠦᠭᠡᠨ ᠪᠠᠢ᠌ᠭᠤᠯᠤᠨ᠎ᠠ ——
          ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ

      ᠥᠪᠥᠷ ᠮᠣᠩᠭᠣᠯ᠎ᠤᠨ ᠡᠨᠧᠷᠭᠢ ᠵᠢᠨ ᠡᠬᠢ ᠪᠠᠶᠠᠯᠢᠭ ᠡᠯᠪᠡᠭ ᠪᠠᠢ᠌ᠵᠤ᠂ 《ᠬᠤᠨᠢ ᠨᠡᠭᠦᠷᠡᠰᠦ ᠨᠤᠲᠤᠭ᠎ᠤᠨ ᠰᠢᠲᠠᠮᠠᠬᠠᠢ ᠬᠡᠢ》 ᠪᠠᠢ᠌ᠬᠤ᠎ᠪᠠᠷ ᠪᠠᠷᠠᠬᠤ ᠦᠭᠡᠢ ᠪᠠᠰᠠ 《ᠰᠠᠯᠬᠢ》᠂ 《ᠭᠡᠷᠡᠯ》 ᠬᠢᠵᠠᠭ᠋ᠠᠷ ᠦᠭᠡᠢ ᠪᠠᠢ᠌ᠵᠤ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ ᠲᠤᠢ᠌ᠯ᠎ᠤᠨ ᠴᠢᠬᠤᠯᠠ ᠪᠠᠢ᠌ᠷᠢ ᠰᠠᠭᠤᠷᠢ᠎ᠲᠠᠢ ᠶᠤᠮ  ᠃ ᠪᠢᠳᠡ ᠶᠡᠬᠡ ᠲᠠᠯ᠎ᠠ ᠵᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠳᠡᠯᠡᠬᠡᠢ ᠵᠢᠨ ᠡᠨᠧᠷᠭᠢ ᠵᠢᠨ ᠮᠡᠷᠭᠡᠵᠢᠯ᠎ᠤᠨ ᠬᠤᠪᠢᠰᠬᠠᠯ᠎ᠤᠨ ᠰᠢᠨ᠎ᠡ ᠬᠠᠨᠳᠤᠰᠢ ᠵᠢ ᠴᠢᠩᠭ᠎ᠠ ᠳᠠᠭ᠋ᠠᠵᠤ᠂ ᠨᠢᠭᠡ ᠲᠠᠯ᠎ᠠ᠎ᠪᠠᠷ ᠨᠡᠭᠦᠷᠡᠰᠦᠨ᠎ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢᠨ ᠬᠤᠪᠢᠷᠠᠭᠤᠯᠤᠯᠲᠠ ᠵᠢ ᠠᠳᠬᠤᠵᠤ᠂ ᠨᠥᠭᠥᠭᠡ ᠲᠠᠯ᠎ᠠ᠎ᠪᠠᠷ ᠰᠢᠨ᠎ᠡ ᠡᠨᠧᠷᠭᠢ ᠵᠢᠨ ᠰᠤᠷᠪᠤᠯᠵᠢ ᠵᠢ ᠬᠥᠭᠵᠢᠭᠦᠯᠦᠨ ᠪᠤᠵᠠᠭ᠋ᠠᠢ᠌ᠷᠠᠭᠤᠯᠬᠤ ᠵᠢ ᠠᠳᠬᠤᠵᠤ᠂ ᠡᠨᠧᠷᠭᠢ ᠵᠢᠨ ᠰᠤᠷᠪᠤᠯᠵᠢ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠣᠯᠠᠨ ᠵᠦᠢ᠍ᠯ᠎ᠤᠨ ᠡᠨᠧᠷᠭᠢ ᠵᠢᠨ ᠰᠤᠷᠪᠤᠯᠵᠢ ᠵᠢ ᠬᠠᠮᠵᠢᠯᠴᠠᠭᠤᠯᠤᠨ ᠬᠠᠷᠢᠯᠴᠠᠨ ᠨᠥᠬᠥᠪᠥᠷᠢᠯᠡᠭᠰᠡᠨ᠂ ᠶᠡᠷᠦᠩᠬᠡᠢ᠌ᠯᠡᠨ ᠠᠰᠢᠭᠯᠠᠭᠰᠠᠨ᠂ ᠡᠷᠴᠢᠮᠯᠢᠭ ᠪᠥᠭᠡᠳ ᠥᠨᠳᠥᠷ ᠪᠦᠲᠦᠮᠵᠢᠲᠡᠢ ᠡᠨᠧᠷᠭᠢ ᠬᠠᠩᠭ᠋ᠠᠬᠤ ᠠᠷᠭ᠎ᠠ ᠮᠠᠶᠢᠭ᠎ᠢ ᠲᠦᠷᠭᠡᠪᠴᠢᠯᠡᠨ ᠪᠣᠢ ᠪᠣᠯᠭ᠋ᠠᠵᠤ᠂ ᠤᠯᠤᠰ ᠣᠷᠣᠨ᠎ᠳᠤ ᠨᠡᠩ ᠲᠣᠭᠲᠠᠭᠤᠨ᠂ ᠨᠡᠩ ᠠᠮᠤᠷ ᠲᠦᠪᠰᠢᠨ᠂ ᠨᠡᠩ ᠪᠣᠬᠢᠷᠲᠤᠯ ᠦᠭᠡᠢ ᠡᠨᠧᠷᠭᠢ ᠵᠢᠨ ᠰᠤᠷᠪᠤᠯᠵᠢ ᠵᠢᠨ ᠬᠠᠩᠭ᠋ᠠᠯᠭ᠎ᠠ ᠵᠢ ᠬᠠᠩᠭ᠋ᠠᠬᠤ ᠬᠡᠷᠡᠭᠲᠡᠢ  ᠃
 
      ᠡᠨᠧᠷᠭᠢ ᠵᠢᠨ ᠰᠤᠷᠪᠤᠯᠵᠢ ᠵᠢᠨ ᠪᠦᠲᠦᠴᠡ ᠵᠢ ᠲᠤᠬᠢᠷᠠᠭᠤᠯᠤᠨ ᠰᠢᠯᠢᠳᠡᠭᠵᠢᠭᠦᠯᠬᠦ᠎ᠳᠤ᠂ ᠨᠡᠭᠦᠷᠡᠰᠦ ᠪᠣᠯ ᠮᠠᠨ᠎ᠤ ᠤᠯᠤᠰ᠎ᠤᠨ ᠭᠣᠣᠯ ᠴᠣᠭᠴᠠ ᠵᠢᠨ ᠡᠨᠧᠷᠭᠢ ᠵᠢᠨ ᠰᠤᠷᠪᠤᠯᠵᠢ ᠭᠡᠬᠦ ᠡᠨᠡ ᠬᠦ᠌ ᠪᠣᠳᠠᠲᠤ ᠪᠠᠢ᠌ᠳᠠᠯ᠎ᠳᠤ ᠰᠠᠭᠤᠷᠢᠯᠠᠨ᠂ ᠰᠢᠨ᠎ᠡ ᠬᠠᠭᠤᠴᠢᠨ ᠡᠨᠧᠷᠭᠢ ᠵᠢᠨ ᠰᠤᠷᠪᠤᠯᠵᠢ ᠵᠢ ᠡᠮᠬᠢ ᠵᠢᠷᠤᠮ᠎ᠲᠠᠢ᠎ᠪᠠᠷ ᠣᠷᠣᠯᠠᠭᠤᠯᠬᠤ ᠵᠢ ᠲᠦᠯᠬᠢᠨ ᠠᠬᠢᠭᠤᠯᠵᠤ᠂ ᠨᠡᠭᠦᠷᠡᠰᠦ ᠪᠠ ᠰᠢᠨ᠎ᠡ ᠡᠨᠧᠷᠭᠢ ᠵᠢᠨ ᠰᠤᠷᠪᠤᠯᠵᠢ ᠵᠢᠨ ᠨᠡᠢ᠌ᠯᠡᠯ᠎ᠢ ᠰᠢᠯᠢᠳᠡᠭᠵᠢᠭᠦᠯᠦᠨ᠂ ᠡᠨᠧᠷᠭᠢ ᠵᠢᠨ ᠰᠤᠷᠪᠤᠯᠵᠢ ᠵᠢᠨ ᠠᠮᠤᠷ ᠲᠦᠪᠰᠢᠨ ᠪᠥᠭᠡᠳ ᠲᠣᠭᠲᠠᠭᠤᠨ ᠵᠶ᠋ᠠᠷ ᠬᠠᠩᠭ᠋ᠠᠬᠤ ᠪᠠ ᠲᠣᠭᠲᠠᠭᠤᠨ ᠵᠶ᠋ᠠᠷ ᠰᠢᠯᠵᠢᠬᠦ ᠵᠢ ᠦᠨᠡᠨ ᠬᠦ᠌ ᠪᠠᠲᠤᠯᠠᠬᠤ ᠬᠡᠷᠡᠭᠲᠡᠢ  ᠃ ᠡᠬᠢ ᠪᠠᠶᠠᠯᠢᠭ᠎ᠢ ᠣᠨᠳᠣᠤᠰᠢᠭᠤᠯᠤᠨ ᠥᠷᠲᠡᠭ᠎ᠢ᠎ᠨᠢ ᠨᠡᠮᠡᠭᠳᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠠᠵᠤ ᠦᠢᠯᠡᠰ᠎ᠤᠨ ᠬᠡᠯᠬᠢᠶ᠎ᠡ ᠵᠢ ᠬᠦᠴᠦᠯᠡᠨ ᠤᠷᠲᠤᠳᠬᠠᠵᠤ᠂ ᠥᠷᠲᠡᠭ᠎ᠤᠨ ᠬᠡᠯᠬᠢᠶ᠎ᠡ ᠵᠢ ᠳᠡᠭᠡᠭᠰᠢᠯᠡᠭᠦᠯᠦᠨ᠂ ᠨᠡᠭᠦᠷᠡᠰᠦᠨ᠎ᠤ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠨᠡᠭᠦᠷᠡᠰᠦᠨ᠎ᠤ ᠰᠠᠭᠤᠷᠢ ᠠᠵᠤ ᠦᠢᠯᠡᠰ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠨᠡᠭᠦᠷᠡᠰᠦ ᠵᠢ 《ᠰᠠᠢ᠌ᠲᠤᠷ ᠢᠳᠡᠵᠦ ᠰᠠᠢ᠌ᠲᠤᠷ ᠰᠢᠬᠠᠵᠤ ᠭᠠᠷᠭ᠋ᠠᠬᠤ》᠎ᠪᠠᠷ ᠴᠢᠷᠮᠠᠢ᠌ᠬᠤ ᠬᠡᠷᠡᠭᠲᠡᠶ  ᠃ ᠥᠪᠥᠷ ᠮᠣᠩᠭᠣᠯ᠎ᠤᠨ ᠬᠣᠪᠣᠷ ᠰᠢᠷᠣᠶ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠪᠤᠶᠤ ᠶᠠᠰᠤ ᠴᠢᠨᠠᠷ᠎ᠨᠢ ᠪᠦᠷ ᠳᠡᠯᠡᠬᠡᠶ ᠵᠢᠨ ᠲᠡᠰ᠎ᠤᠨ  ᠃ ᠬᠣᠪᠣᠷ ᠰᠢᠷᠣᠶ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠴᠢᠨᠠᠷᠲᠠᠶ ᠨᠡᠭᠡᠭᠡᠯᠲᠡ᠂ ᠴᠢᠨᠠᠷ ᠰᠠᠢ᠌ᠲᠠᠶ ᠠᠰᠢᠭᠯᠠᠯᠲᠠ᠂ ᠵᠢᠷᠤᠮᠵᠢᠭᠰᠠᠨ ᠬᠠᠮᠢᠶᠠᠷᠤᠯᠲᠠ ᠵᠢ ᠠᠬᠢᠭᠤᠯᠵᠤ᠂ ᠬᠣᠪᠣᠷ ᠰᠢᠷᠣᠶ ᠵᠢᠨ ᠠᠵᠤ ᠦᠢᠯᠡᠰ᠎ᠢ ᠨᠠᠷᠢᠯᠢᠭ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ 《ᠳᠡᠯᠡᠬᠡᠶ ᠵᠢᠨ ᠲᠠᠰ᠎ᠤᠨ ᠬᠠᠳᠠᠭ᠋ᠠᠯᠠᠭᠳᠠᠴᠠ》᠎ᠠᠴᠠ 《ᠳᠡᠯᠡᠬᠡᠶ ᠵᠢᠨ ᠲᠠᠰ᠎ᠤᠨ ᠠᠵᠤ ᠦᠢᠯᠡᠰ》 ᠳᠠᠰᠢ ᠳᠠᠪᠰᠢᠬᠤ ᠵᠢ ᠠᠬᠢᠭᠤᠯᠬᠤ ᠬᠡᠷᠡᠭᠲᠡᠶ  ᠃
 
   《ᠬᠣᠤᠰ ᠨᠡᠭᠦᠷᠡᠰᠦᠲᠥ᠋ᠷᠥᠭᠴᠢ》 ᠵᠢᠨ ᠠᠬᠤᠶ ᠪᠠᠢ᠌ᠳᠠᠯ ᠳᠣᠤᠷ᠎ᠠ᠂ ᠰᠢᠨ᠎ᠡ ᠡᠨᠧᠷᠭᠢ ᠵᠢᠨ ᠳᠦᠷᠢ᠎ᠨᠢ ᠶᠠᠭ ᠪᠡᠯᠡᠳᠬᠡᠯ ᠬᠦᠴᠦᠨ ᠴᠡᠷᠢᠭ ᠪᠠᠢ᠌ᠭᠰᠠᠨ᠎ᠠᠴᠠ᠎ᠪᠠᠨ ᠭᠣᠤᠯ ᠬᠦᠴᠦᠨ ᠴᠡᠷᠢᠭ ᠪᠣᠯᠵᠣ ᠬᠤᠪᠢᠷᠠᠨ᠂ ᠬᠥᠭᠵᠢᠯᠲᠡ ᠵᠢᠨ ᠴᠢᠬᠤᠯᠠ ᠲᠡᠦᠬᠡᠨ ᠠᠵᠠ ᠲᠣᠬᠢᠶᠠᠯᠳᠤ ᠬᠤᠭᠤᠴᠠᠭ᠎ᠠ ᠵᠢ ᠤᠭᠲᠤᠨ ᠠᠪᠴᠢᠷᠠᠪᠠ  ᠃ ᠪᠢᠳᠡ ᠴᠤᠩᠬᠤᠪᠴᠢ ᠵᠢᠨ ᠬᠤᠭᠤᠴᠠᠭ᠎ᠠ ᠵᠢ ᠠᠮᠵᠢᠵᠤ᠂ 《ᠨᠢᠭᠡ ᠬᠥᠯᠭᠡ ᠰᠢᠳᠠᠷ᠎ᠠ》 ᠵᠢ ᠰᠠᠢ᠌ᠲᠤᠷ ᠲᠠᠯᠪᠢᠵᠤ᠂ 《ᠬᠠᠮ ᠠᠷᠭ᠎ᠠ ᠬᠡᠮᠵᠢᠢ᠎ᠡ》 ᠵᠢ ᠬᠡᠷᠡᠭᠵᠢᠭᠦᠯᠵᠦ᠂ ᠬᠥᠭᠵᠢᠯᠲᠡ ᠵᠢᠨ ᠲᠥᠯᠥᠪᠵᠢᠭᠦᠯᠭᠡ ᠳᠡᠭᠡᠷ᠎ᠡ ᠶᠡᠬᠡ ᠠᠷᠭ᠎ᠠ ᠬᠡᠮᠵᠢᠢ᠎ᠡ ᠠᠪᠴᠤ᠂ ᠲᠤᠮᠤ ᠬᠡᠯᠪᠡᠷᠢ ᠵᠢᠨ ᠦᠵᠡᠮᠵᠢ ᠵᠢᠨ ᠰᠠᠭᠤᠷᠢᠨ᠎ᠤ ᠪᠦᠳᠦᠭᠡᠨ ᠪᠠᠢ᠌ᠭᠤᠯᠤᠯᠲᠠ ᠳᠡᠭᠡᠷ᠎ᠡ ᠶᠡᠬᠡ ᠠᠵᠢᠯᠯᠠᠭ᠎ᠠ ᠠᠪᠴᠤ᠂ ᠰᠢᠨ᠎ᠡ ᠡᠨᠧᠷᠭᠢ ᠵᠢᠨ ᠬᠦᠷᠢᠶᠡᠨ᠎ᠳᠤ 《ᠨᠢᠭᠡ ᠥᠪᠥᠷ ᠮᠣᠩᠭᠣᠯ᠎ᠢ ᠪᠠᠢ᠌ᠭᠤᠯᠬᠤ》᠎ᠪᠠᠷ ᠴᠢᠷᠮᠠᠢ᠌ᠵᠤ᠂ ᠪᠦᠬᠦ ᠤᠯᠤᠰ᠎ᠲᠤ ᠰᠢᠨ᠎ᠡ ᠡᠨᠧᠷᠭᠢ᠎ᠪᠠᠷ ᠭᠣᠣᠯ ᠴᠣᠭᠴᠠ ᠪᠣᠯᠭ᠋ᠠᠭᠰᠠᠨ ᠡᠨᠧᠷᠭᠢ ᠵᠢᠨ ᠬᠠᠩᠭ᠋ᠠᠯᠭ᠎ᠠ ᠵᠢᠨ ᠰᠢᠰᠳ᠋ᠸᠮ᠎ᠢ ᠲᠦᠷᠦᠭᠦᠯᠡᠨ ᠪᠠᠢ᠌ᠭᠤᠯᠵᠤ᠂ ᠰᠢᠨ᠎ᠡ ᠡᠨᠧᠷᠭᠢ᠎ᠪᠠᠷ ᠭᠣᠣᠯ ᠴᠣᠭᠴᠠ ᠪᠣᠯᠭ᠋ᠠᠭᠰᠠᠨ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠢ ᠪᠠᠢ᠌ᠭᠤᠯᠬᠤ ᠬᠡᠷᠡᠭᠲᠡᠢ  ᠃ ᠰᠢᠨ᠎ᠡ ᠡᠨᠧᠷᠭᠢ ᠵᠢᠨ ᠰᠤᠷᠪᠤᠯᠵᠢ ᠵᠢ ᠬᠥᠭᠵᠢᠭᠦᠯᠬᠦ᠎ᠳᠤ ᠠᠵᠤ ᠠᠬᠤᠢ ᠵᠢᠨ ᠦᠷ᠎ᠡ ᠠᠰᠢᠭ᠎ᠢ ᠡᠷᠬᠢᠮᠯᠡᠨ᠂ ᠨᠡᠭᠡᠭᠡᠨ ᠬᠥᠭᠵᠢᠭᠦᠯᠬᠦ ᠠᠷᠭ᠎ᠠ ᠮᠠᠶᠢᠭ ᠵᠶ᠋ᠠᠨ ᠬᠤᠪᠢᠷᠠᠭᠤᠯᠵᠤ᠂ ᠬᠠᠮᠲᠤᠷᠠᠨ ᠠᠵᠢᠯᠯᠠᠬᠤ ᠵᠠᠭᠪᠤᠷ᠎ᠤᠨ ᠲᠠᠯ᠎ᠠ᠎ᠪᠠᠷ ᠰᠢᠨ᠎ᠡ ᠵᠢ ᠡᠭᠦᠳᠬᠦ ᠬᠡᠷᠡᠭᠲᠡᠢ᠂ 《ᠭᠤᠷᠪᠠᠨ ᠭᠤᠸᠠ ᠬᠣᠶᠠᠷ ᠴᠢᠪᠠᠭ᠎ᠠ》 ᠵᠢᠨ ᠲᠥᠯᠥᠭᠡ ᠠᠯᠤᠰ ᠭᠡᠳᠤ ᠵᠢᠨ ᠠᠰᠢᠭ ᠲᠤᠰᠠ᠎ᠪᠠᠨ ᠠᠯᠳᠠᠵᠤ ᠪᠣᠯᠬᠤ ᠦᠭᠡᠢ  ᠃ ᠰᠢᠰᠲ᠋ᠧᠮ᠎ᠤᠨ ᠦᠵᠡᠯᠲᠡ᠂ ᠬᠡᠯᠬᠢᠶᠡᠲᠦ ᠰᠡᠳᠬᠢᠬᠦᠶ᠎ᠪᠠᠨ ᠴᠢᠩᠭ᠋ᠠᠳᠬᠠᠵᠤ᠂ 《ᠰᠠᠯᠬᠢ ᠬᠡᠷᠡᠯ᠎ᠤᠨ ᠡᠬᠢ ᠪᠠᠶᠠᠯᠢᠭ》᠎ᠢ ᠨᠡᠭᠡᠭᠡᠨ ᠬᠥᠭᠵᠢᠭᠦᠯᠬᠦ᠂ ᠠᠵᠤ ᠦᠢᠯᠡᠰ᠎ᠤᠨ ᠬᠡᠯᠬᠢᠶ᠎ᠡ ᠵᠢ ᠤᠷᠲᠤᠳᠬᠠᠨ ᠢᠵᠢ ᠪᠦᠷᠢᠳᠦᠭᠦᠯᠬᠦ ᠪᠠ ᠠᠬᠤᠶ ᠲᠠᠯᠠᠪᠠᠶ ᠵᠢᠨ ᠬᠡᠷᠡᠭᠯᠡᠯᠲᠡ ᠵᠢ ᠥᠷᠭᠡᠳᠬᠡᠬᠦ ᠵᠢ ᠨᠢᠭᠡ ᠴᠣᠭᠴᠠᠵᠢᠭᠤᠯᠤᠨ ᠠᠬᠢᠭᠤᠯᠵᠤ᠂ ᠣᠷᠭᠢᠯ᠎ᠤᠨ ᠴᠠᠬᠢᠯᠭ᠋ᠠᠨ ᠡᠭᠦᠰᠭᠡᠭᠴᠢ᠂ ᠴᠠᠬᠢᠯᠭ᠋ᠠᠨ᠎ᠤ ᠲᠣᠤᠷ᠎ᠤᠨ ᠲᠥᠬᠥᠭᠡᠷᠦᠮᠵᠢ᠂ ᠡᠨᠧᠷᠭᠢ ᠬᠠᠳᠠᠭ᠋ᠠᠯᠠᠬᠤ ᠲᠣᠨᠣᠭᠯᠠᠯ᠂ ᠤᠰᠤᠲᠥ᠋ᠷᠥᠭᠴᠢ ᠡᠨᠧᠷᠭᠢ ᠵᠢᠨ ᠲᠥᠷᠥᠯ ᠵᠦᠢᠯ᠎ᠢ ᠨᠢᠭᠡᠳᠦᠯᠲᠡᠶ ᠲᠥᠯᠥᠪᠵᠢᠭᠦᠯᠦᠨ ᠪᠠᠢ᠌ᠷᠢᠰᠢᠭᠤᠯᠵᠤ᠂ ᠰᠢᠨ᠎ᠡ ᠡᠨᠧᠷᠭᠢ ᠵᠢᠨ ᠲᠣᠨᠣᠭᠯᠠᠯ ᠦᠢᠯᠡᠳᠬᠦ ᠦᠢᠯᠡᠰ ᠪᠣᠯᠤᠨ ᠠᠵᠢᠯᠯᠠᠭᠤᠯᠵᠤ ᠬᠠᠮᠠᠭ᠋ᠠᠯᠠᠬᠤ ᠦᠢᠯᠡᠴᠢᠯᠡᠭᠡᠨ᠎ᠤ ᠦᠢᠯᠡᠰ᠎ᠢ ᠶᠡᠬᠡ᠎ᠪᠠᠷ ᠬᠥᠭᠵᠢᠭᠦᠯᠵᠦ᠂ 《ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ》᠂ 《ᠴᠠᠬᠢᠯᠭ᠋ᠠᠨ ᠭᠠᠷᠭ᠋ᠠᠵᠤ ᠴᠠᠬᠢᠯᠭ᠋ᠠᠨ ᠬᠤᠳᠠᠯᠳᠤᠬᠤ》 ᠬᠠᠭᠤᠴᠢᠨ ᠵᠠᠮ ᠵᠶ᠋ᠠᠷ ᠳᠠᠭᠢᠵᠤ ᠶᠠᠪᠤᠵᠤ ᠪᠣᠯᠬᠤ ᠥᠬᠡᠶ  ᠃

      ᠴᠠᠭ ᠦᠶ᠎ᠡ ᠵᠢᠨ ᠤᠷᠤᠰᠬᠠᠯ ᠳᠣᠯᠭᠢᠶᠠᠯᠠᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠬᠥᠮᠦᠰ᠎ᠢ ᠤᠷᠮᠠᠰᠢᠭᠤᠯᠤᠨ᠎ᠠ  ᠃ ᠪᠢᠳᠡ ᠭᠠᠵᠠᠷ ᠣᠷᠣᠨ᠎ᠤ ᠬᠠᠷᠢᠴᠠᠭᠤᠯᠤᠭᠰᠠᠨ ᠳᠠᠪᠠᠭᠤᠯᠢᠭ᠎ᠢ ᠪᠠᠳᠠᠷᠠᠭᠤᠯᠬᠤ ᠵᠢ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠦᠢ᠍ᠯᠡᠴᠢᠯᠡᠬᠦ ᠪᠠ ᠪᠠᠲᠤᠯᠠᠭ᠎ᠠ ᠬᠠᠩᠭ᠋ᠠᠬᠤ᠎ᠲᠠᠢ ᠨᠢᠭᠲᠠ ᠤᠶᠠᠯᠳᠤᠭᠤᠯᠵᠤ᠂ ᠡᠨᠧᠷᠭᠢ ᠵᠢᠨ ᠠᠵᠤ ᠠᠬᠤᠢ ᠵᠢᠨ 《ᠪᠣᠬᠢᠷᠲᠤᠯ ᠦᠭᠡᠢ》 ᠪᠠᠢ᠌ᠳᠠᠯ ᠲᠡᠢ᠌ᠰᠢ ᠤᠷᠤᠭᠰᠢᠯᠠᠬᠤ᠂ 《ᠰᠢᠨ᠎ᠡ》 ᠲᠡᠢ᠌ᠰᠢ ᠤᠷᠤᠭᠰᠢᠯᠠᠬᠤ ᠵᠢ ᠠᠬᠢᠭᠤᠯᠵᠤ᠂ ᠡᠨᠧᠷᠭᠢ ᠵᠢᠨ ᠰᠤᠷᠪᠤᠯᠵᠢ ᠡᠬᠢ ᠪᠠᠶᠠᠯᠢᠭ᠎ᠤᠨ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠮᠠᠨ᠎ᠤ ᠤᠯᠤᠰ᠎ᠤᠨ 《ᠡᠨᠧᠷᠭᠢ ᠵᠢᠨ ᠰᠤᠷᠪᠤᠯᠵᠢ ᠪᠠ ᠪᠤᠳᠠᠭ᠋ᠠᠨ ᠠᠶᠠᠭ᠎ᠠ》᠎ᠪᠠᠨ ᠲᠣᠭᠲᠠᠭᠤᠨ ᠪᠠᠢ᠌ᠯᠭ᠋ᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ  ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠲᠠᠷᠢᠶᠠᠯᠠᠩ᠎ᠤᠨ 《ᠴᠠᠬᠢᠮ》᠎ᠢ ᠬᠦᠴᠦᠷᠬᠡᠭᠵᠢᠭᠦᠯᠦᠨ 《ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ》 ᠵᠢ ᠪᠠᠲᠤ ᠡᠵᠡᠮᠳᠡᠶ᠎ᠡ
ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠨ ᠤᠯᠤᠰ ᠣᠷᠣᠨ᠎ᠤ ᠰᠢᠨ᠎ᠡ ᠵᠢ ᠡᠭᠦᠳᠬᠦ ᠰᠢᠰᠲ᠋ᠧᠮ᠎ᠢ ᠲᠡᠭᠦᠯᠳᠡᠷᠵᠢᠭᠦᠯᠦᠨ᠎ᠡ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠴᠢ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ 《ᠮᠡᠷᠭᠡᠵᠢᠯ》᠎ᠢ ᠬᠦᠷᠭᠡᠵᠦ ᠲᠠᠷᠢᠶᠠᠯᠠᠩ᠎ᠤᠨ ᠶᠠᠭ᠋ᠠᠷᠠᠤ ᠠᠵᠢᠯ᠎ᠳᠤ ᠲᠤᠰᠠᠯᠠᠪᠠ
ᠪᠤᠭᠤᠲᠤ ᠵᠢᠨ ᠪᠣᠯᠣᠳ ᠲᠡᠮᠦᠷ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠳᠠᠬᠢᠨ ᠠᠰᠢᠭᠯᠠᠬᠤ ᠰᠢᠨ᠎ᠡ ᠦᠷ᠎ᠡ ᠪᠦᠲᠦᠭᠡᠯ ᠣᠯᠪᠠ
2022 ᠣᠨ᠎ᠳᠤ ᠣᠷᠳᠣᠰ ᠬᠣᠲᠠ ᠵᠢᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ 80 ᠳ᠋ᠦᠩᠰᠢᠭᠤᠷ ᠰᠢᠬᠠᠮ ᠲᠥᠭᠥᠷᠢᠭ ᠬᠦᠷᠴᠡᠶ
 
            
Baidu
map