ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
2022 ᠣᠨ᠎ᠳᠤ ᠣᠷᠳᠣᠰ ᠬᠣᠲᠠ ᠵᠢᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ 80 ᠳ᠋ᠦᠩᠰᠢᠭᠤᠷ ᠰᠢᠬᠠᠮ ᠲᠥᠭᠥᠷᠢᠭ ᠬᠦᠷᠴᠡᠶ
ᠨᠡᠶ᠋ᠢᠲᠡᠯᠡᠭᠰᠡᠨ ᠴᠠᠭ᠄ 2023-02-20


    2022 ᠣᠨ᠎ᠳᠤ᠂ ᠣᠷᠳᠣᠰ ᠬᠣᠲᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠥᠯᠥᠪᠵᠢᠭᠦᠯᠭᠡ ᠵᠢ ᠭᠦᠨᠵᠡᠭᠡᠶ ᠬᠡᠷᠡᠭᠵᠢᠭᠦᠯᠵᠦ᠂ 《ᠪᠥᠬᠥ ᠤᠯᠤᠰ᠎ᠤᠨ ᠲᠡᠷᠢᠭᠦᠨ᠎ᠤ ᠰᠢᠨ᠎ᠡ ᠵᠢ ᠡᠭᠦᠳᠬᠦ ᠠᠮᠢ ᠠᠬᠤᠶ ᠵᠢ ᠪᠥᠲᠥᠭᠡᠨ ᠪᠠᠢ᠌ᠭᠤᠯᠬᠤ ᠬᠡᠷᠡᠭᠵᠢᠭᠦᠯᠬᠦ ᠲᠥᠰᠦᠯ》᠎ᠢ ᠨᠡᠢ᠌ᠲᠡᠯᠡᠵᠦ᠂ ᠣᠯᠠᠨ ᠤᠯᠤᠰ᠎ᠤᠨ ᠬᠠᠷᠠᠭ᠋ᠠᠰᠤ ᠪᠠ ᠬᠠᠷᠠᠴᠠ ᠵᠢ ᠪᠠᠷᠢᠮᠲᠠᠯᠠᠵᠤ᠂ ᠰᠢᠨ᠎ᠡ ᠵᠢ ᠡᠭᠦᠳᠬᠦ ᠠᠮᠢ ᠠᠬᠤᠶ ᠵᠢ ᠰᠢᠯᠢᠳᠡᠭᠵᠢᠭᠦᠯᠵᠦ᠂ ᠬᠣᠰᠢᠭᠤᠷᠠᠯ ᠮᠡᠷᠭᠡᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠯᠠᠪᠳᠠᠭᠤᠨ ᠪᠠᠲᠤᠲᠠᠶ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠳᠡᠭᠡᠳᠦ ᠬᠡᠮᠵᠢᠶ᠎ᠡ᠎ᠪᠠᠷ ᠠᠬᠢᠭᠤᠯᠵᠤ᠂ ᠪᠥᠬᠥ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠲᠦᠪᠰᠢᠨ ᠨᠢᠰᠬᠦ ᠮᠡᠲᠦ ᠲᠦᠷᠭᠡᠨ ᠬᠥᠭᠵᠢᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠳᠠᠬᠢᠨᠲᠠ ᠰᠢᠨ᠎ᠡ ᠲᠡᠮᠳᠡᠭᠯᠡᠯ᠎ᠢ ᠡᠭᠦᠳᠪᠡ  ᠃
    2022 ᠣᠨ᠎ᠳᠤ ᠪᠥᠬᠥ ᠬᠣᠲᠠ ᠵᠢᠨ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠢ᠌ᠯᠠᠯ᠎ᠤᠨ ᠰᠤᠳᠤᠯᠤᠨ ᠨᠡᠭᠡᠭᠡᠭᠰᠡᠨ ᠠᠵᠤ ᠠᠬᠤᠢ᠌ᠯᠠᠯ᠎ᠤᠨ ᠲᠣᠭ᠎ᠠ 200 ᠵᠢ ᠳᠠᠪᠠᠵᠤ᠂ 239 ᠪᠣᠯᠵᠣ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠪᠠ ᠦᠢᠯᠡᠴᠢᠯᠡᠭᠡᠨ᠎ᠤ ᠦᠢᠯᠡᠰ᠎ᠤᠨ ᠠᠵᠤ ᠠᠬᠤᠢ᠌ᠯᠠᠯ᠎ᠤᠨ ᠶᠡᠷᠦᠩᠬᠡᠶ ᠲᠣᠭ᠎ᠠ (801 ᠡᠷᠦᠬᠡ) ᠵᠢᠨ 29 . 8 % ᠵᠢ ᠡᠵᠡᠯᠡᠵᠦ᠂ ᠣᠯᠠᠨ ᠵᠢᠯ᠎ᠤᠨ ᠲᠤᠷᠰᠢᠬᠢ ᠬᠡᠪᠴᠢᠶᠡᠵᠢᠯ᠎ᠠᠴᠠ ᠳᠡᠭᠡᠭᠰᠢᠬᠢ ᠰᠤᠳᠤᠯᠤᠨ ᠨᠡᠭᠡᠭᠡᠭᠰᠡᠨ ᠠᠵᠤ ᠠᠬᠤᠢ᠌ᠯᠠᠯ᠎ᠤᠨ ᠡᠵᠡᠯᠡᠬᠦ ᠬᠠᠷᠢᠴᠠᠯ 20 % ᠬᠥᠷᠬᠥ ᠥᠬᠡᠶ ᠪᠠᠢ᠌ᠳᠠᠯ᠎ᠢ ᠡᠴᠦᠰᠯᠡᠭᠦᠯᠵᠡᠶ  ᠃ ᠡᠭᠦᠨ᠎ᠳᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ᠎ᠳᠤ ᠰᠤᠳᠤᠯᠤᠨ ᠨᠡᠭᠡᠭᠡᠭᠰᠡᠨ ᠠᠵᠤ ᠠᠬᠤᠢ᠌ᠯᠠᠯ᠎ᠤᠨ ᠲᠣᠭ᠎ᠠ 222 ᠡᠷᠦᠬᠡ ᠪᠠᠢ᠌ᠵᠤ᠂ ᠠᠳᠠᠯᠢ ᠬᠤᠭᠤᠴᠠᠭ᠋ᠠᠨ᠎ᠤ (138 ᠡᠷᠦᠬᠡ)᠎ᠠᠴᠠ 84 ᠡᠷᠦᠬᠡ ᠨᠡᠮᠡᠭᠳᠡᠨ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠠᠵᠤ ᠠᠬᠤᠢ᠌ᠯᠠᠯ᠎ᠤᠨ ᠶᠡᠷᠦᠩᠬᠡᠶ ᠲᠣᠭ᠎ᠠ (535 ᠡᠷᠦᠬᠡ) ᠵᠢᠨ 41 . 5 % ᠵᠢ ᠡᠵᠡᠯᠡᠵᠦ᠂ ᠠᠳᠠᠯᠢ ᠬᠤᠭᠤᠴᠠᠭ᠋ᠠᠨ᠎ᠤ ᠬᠤᠪᠢ ᠵᠢᠨ ᠵᠢᠩ (25 . 8 %)᠎ᠠᠴᠠ 15 . 7 ᠵᠠᠭᠤᠨ᠎ᠤ ᠴᠡᠭ ᠳᠡᠭᠡᠭᠰᠢᠯᠡᠵᠦ᠂ ᠣᠮᠣᠭ ᠲᠡᠭᠦᠯᠳᠡᠷ ᠵᠶ᠋ᠡᠷ ᠤᠷᠤᠭᠰᠢᠯᠠᠬᠤ ᠪᠠᠢ᠌ᠳᠠᠯ ᠢᠯᠡᠷᠡᠪᠡ; ᠬᠡᠪᠴᠢᠶᠡᠵᠢᠯ᠎ᠠᠴᠠ ᠳᠡᠭᠡᠭᠰᠢᠬᠢ ᠦᠢᠯᠡᠴᠢᠯᠡᠭᠡᠨ᠎ᠤ ᠦᠢᠯᠡᠰ᠎ᠲᠤ ᠰᠤᠳᠤᠯᠤᠨ ᠨᠡᠭᠡᠭᠡᠭᠰᠡᠨ ᠠᠵᠤ ᠠᠬᠤᠢ᠌ᠯᠠᠯ᠎ᠤᠨ ᠲᠣᠭ᠎ᠠ 17 ᠡᠷᠦᠬᠡ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 4 ᠡᠷᠦᠬᠡ ᠨᠡᠮᠡᠭᠳᠡᠨ᠂ ᠬᠡᠪᠴᠢᠶᠡᠵᠢᠯ᠎ᠠᠴᠠ ᠳᠡᠭᠡᠭᠰᠢᠬᠢ ᠦᠢᠯᠡᠴᠢᠯᠡᠭᠡᠨ᠎ᠤ ᠠᠵᠤ ᠠᠬᠤᠢ᠌ᠯᠠᠯ᠎ᠤᠨ ᠶᠡᠷᠦᠩᠬᠡᠶ ᠲᠣᠭ᠎ᠠ (266 ᠡᠷᠦᠬᠡ) ᠵᠢᠨ 6 . 4 % ᠵᠢ ᠡᠵᠡᠯᠡᠵᠦ᠂ ᠠᠳᠠᠯᠢ ᠬᠤᠭᠤᠴᠠᠭ᠋ᠠᠨ᠎ᠤ ᠬᠤᠪᠢ ᠵᠢᠨ ᠵᠢᠩ (4 . 9 %)᠎ᠠᠴᠠ 1 . 5 ᠵᠠᠭᠤᠨ᠎ᠤ ᠴᠡᠭ ᠳᠡᠭᠡᠭᠰᠢᠯᠡᠪᠡ  ᠃
      ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ 70 ᠳ᠋ᠦᠩᠰᠢᠭᠤᠷ ᠲᠥᠭᠥᠷᠢᠭ᠎ᠢ ᠳᠠᠪᠠᠵᠤ᠂ 79 . 1 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 19 . 9 ᠳ᠋ᠦᠩᠰᠢᠭᠤᠷ ᠲᠥᠭᠥᠷᠢᠭ ᠨᠡᠮᠡᠭᠳᠡᠵᠦ᠂ 33 . 6 %᠎ᠪᠠᠷ ᠨᠡᠮᠡᠭᠳᠡᠪᠡ  ᠃ ᠡᠭᠦᠨ᠎ᠳᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠰᠤᠳᠤᠯᠤᠨ ᠨᠡᠭᠡᠭᠡᠬᠦ ᠵᠠᠷᠤᠳᠠᠯ 77 . 2 ᠳ᠋ᠦᠩᠰᠢᠭᠤᠷ ᠲᠥᠭᠥᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 34 . 6 %᠎ᠪᠠᠷ ᠨᠡᠮᠡᠭᠳᠡᠵᠦ᠂ ᠪᠤᠭᠤᠲᠤ ᠬᠣᠲᠠ (49 . 9 ᠳ᠋ᠦᠩᠰᠢᠭᠤᠷ ᠲᠥᠭᠥᠷᠢᠭ)᠎ᠠᠴᠠ 27 . 3 ᠳ᠋ᠦᠩᠰᠢᠭᠤᠷ ᠲᠥᠭᠥᠷᠢᠭ ᠥᠨᠳᠥᠷ ᠪᠣᠯᠵᠣ᠂ ᠬᠥᠬᠡᠬᠣᠲᠠ (36 . 2 ᠳ᠋ᠦᠩᠰᠢᠭᠤᠷ ᠲᠥᠭᠥᠷᠢᠭ)᠎ᠠᠴᠠ 41 ᠳ᠋ᠦᠩᠰᠢᠭᠤᠷ ᠲᠥᠭᠥᠷᠢᠭ ᠥᠨᠳᠥᠷ ᠪᠣᠯᠵᠣ᠂ ᠪᠥᠬᠥ ᠣᠷᠣᠨ᠎ᠤ ᠰᠤᠳᠤᠯᠤᠨ ᠨᠡᠭᠡᠭᠡᠬᠦ ᠵᠠᠷᠤᠳᠠᠯ᠎ᠤᠨ ᠶᠡᠷᠦᠩᠬᠡᠶ ᠲᠣᠭ᠎ᠠ (238 . 8 ᠳ᠋ᠦᠩᠰᠢᠭᠤᠷ ᠲᠥᠭᠥᠷᠢᠭ) ᠵᠢᠨ 32 . 4 % ᠵᠢ ᠡᠵᠡᠯᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠰᠤᠳᠤᠯᠤᠨ ᠨᠡᠭᠡᠭᠡᠬᠦ ᠵᠠᠷᠤᠳᠠᠯ᠎ᠤᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ 31 . 3 %᠎ᠳᠤ ᠬᠦᠷᠴᠦ᠂ ᠰᠤᠳᠤᠯᠤᠨ ᠨᠡᠭᠡᠭᠡᠬᠦ ᠵᠠᠷᠤᠳᠠᠯ᠎ᠤᠨ ᠶᠡᠷᠦᠩᠬᠡᠶ ᠬᠡᠮᠵᠢᠶ᠎ᠡ ᠪᠠ ᠬᠤᠪᠢ ᠨᠡᠮᠡᠷᠢ᠎ᠨᠢ ᠪᠥᠬᠥ  ᠃ ᠰᠤᠳᠤᠯᠤᠨ ᠨᠡᠭᠡᠭᠡᠬᠦ ᠵᠠᠷᠤᠳᠠᠯ᠎ᠤᠨ ᠡᠵᠡᠩᠨᠡᠯᠲᠡ ᠵᠢᠨ ᠣᠷᠣᠯᠭ᠎ᠠ (8002 . 6 ᠳ᠋ᠦᠩᠰᠢᠭᠤᠷ ᠲᠥᠭᠥᠷᠢᠭ)᠎ᠳᠤ ᠡᠵᠡᠯᠡᠬᠦ ᠬᠤᠪᠢ ᠵᠢᠨ ᠵᠢᠩ᠎ᠨᠢ ᠠᠳᠠᠯᠢ ᠬᠤᠭᠤᠴᠠᠭ᠋ᠠᠨ᠎ᠤ 0 . 83 %᠎ᠠᠴᠠ ᠳᠡᠭᠡᠭᠰᠢᠯᠡᠭᠡᠳ 0 . 97 %᠎ᠳᠤ ᠬᠦᠷᠴᠦ᠂ 0 . 13 ᠵᠠᠭᠤᠨ᠎ᠤ ᠴᠡᠭ ᠨᠡᠮᠡᠭᠳᠡᠨ᠂ ᠪᠥᠬᠥ ᠣᠷᠣᠨ᠎ᠤ ᠳᠤᠮᠳᠠᠴᠢ ᠬᠢᠷᠢ ᠲᠦᠪᠰᠢᠨ (0 . 85 %)᠎ᠠᠴᠠ 0 . 12 ᠵᠠᠭᠤᠨ᠎ᠤ ᠴᠡᠭ ᠥᠨᠳᠥᠷ ᠪᠣᠯᠵᠣ᠂ ᠲᠡᠦᠬᠡ ᠵᠢᠨ ᠬᠠᠮᠤᠭ᠎ᠤᠨ ᠥᠨᠳᠥᠷ ᠬᠡᠮᠵᠢᠭᠳᠡᠯ᠎ᠳᠤ ᠬᠥᠷᠪᠡ  ᠃ ᠬᠡᠪᠴᠢᠶᠡᠵᠢᠯ᠎ᠠᠴᠠ ᠳᠡᠭᠡᠭᠰᠢᠬᠢ ᠦᠢᠯᠡᠴᠢᠯᠡᠭᠡᠨ᠎ᠤ ᠦᠢᠯᠡᠰ᠎ᠤᠨ ᠰᠤᠳᠤᠯᠤᠨ ᠨᠡᠭᠡᠭᠡᠬᠦ ᠵᠠᠷᠤᠳᠠᠯ 1 . 87 ᠳ᠋ᠦᠩᠰᠢᠭᠤᠷ ᠲᠥᠭᠥᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1 . 5 %᠎ᠪᠠᠷ ᠨᠡᠮᠡᠭᠳᠡᠪᠡ  ᠃
      ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠳᠤᠮᠳᠠ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ 97 ᠪᠠᠢ᠌ᠵᠤ᠂ ᠰᠤᠳᠤᠯᠤᠨ ᠨᠡᠭᠡᠭᠡᠬᠦ ᠵᠠᠷᠤᠳᠠᠯ 53 . 1 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 27 . 3 %᠎ᠪᠠᠷ ᠨᠡᠮᠡᠭᠳᠡᠨ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠰᠤᠳᠤᠯᠤᠨ ᠨᠡᠭᠡᠭᠡᠬᠦ ᠵᠠᠷᠤᠳᠠᠯ᠎ᠤᠨ ᠶᠡᠷᠦᠩᠬᠡᠶ ᠲᠣᠭ᠋ᠠᠨ᠎ᠤ 68 . 8 % ᠵᠢ ᠡᠵᠡᠯᠡᠵᠦ᠂ ᠰᠤᠳᠤᠯᠤᠨ ᠨᠡᠭᠡᠭᠡᠬᠦ ᠭᠣᠤᠯ ᠬᠦᠴᠦᠨ᠎ᠤ ᠦᠢᠯᠡᠳᠦᠯ ᠵᠶ᠋ᠡᠨ ᠦᠷᠭᠦᠯᠵᠢᠯᠡᠨ ᠪᠠᠲᠤᠯᠠᠪᠠ  ᠃ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ ᠠᠩᠬ᠎ᠠ ᠤᠳᠠᠭ᠎ᠠ 2000 ᠳ᠋ᠦᠩᠰᠢᠭᠤᠷ ᠲᠥᠭᠥᠷᠢᠭ᠎ᠢ ᠳᠠᠪᠠᠵᠤ᠂ 2205 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7 . 1 %᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠡᠵᠡᠩᠨᠡᠯᠲᠡ ᠵᠢᠨ ᠣᠷᠣᠯᠭ᠎ᠠ ᠵᠢᠨ ᠶᠡᠷᠦᠩᠬᠡᠶ ᠲᠣᠭ᠋ᠠᠨ᠎ᠤ 27 . 6 % ᠵᠢ ᠡᠵᠡᠯᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠡᠵᠡᠩᠨᠡᠯᠲᠡ ᠵᠢᠨ ᠣᠷᠣᠯᠭ᠎ᠠ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 13 . 1 % ᠪᠠᠢ᠌ᠵᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠡᠵᠡᠩᠨᠡᠯᠲᠡ ᠵᠢᠨ ᠣᠷᠣᠯᠭ᠎ᠠ ᠵᠢᠨ 2 . 1 ᠵᠠᠭᠤᠨ᠎ᠤ ᠴᠡᠭ ᠨᠡᠮᠡᠭᠳᠡᠬᠦ ᠵᠢ ᠳᠠᠢ᠌ᠴᠢᠯᠠᠪᠠ  ᠃ ᠰᠤᠳᠤᠯᠤᠨ ᠨᠡᠭᠡᠭᠡᠬᠦ ᠵᠠᠷᠤᠳᠠᠯ ᠳ᠋ᠦᠩᠰᠢᠭᠤᠷ ᠲᠥᠭᠥᠷᠢᠭ᠎ᠢ ᠳᠠᠪᠠᠭᠰᠠᠨ ᠠᠵᠤ ᠠᠬᠤᠢ᠌ᠯᠠᠯ 22 ᠡᠷᠦᠬᠡ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 8 ᠡᠷᠦᠬᠡ ᠨᠡᠮᠡᠭᠳᠡᠵᠦ᠂ 57 . 1 %᠎ᠪᠠᠷ ᠨᠡᠮᠡᠭᠳᠡᠪᠡ ᠣᠷᠳᠣᠰ ᠬᠣᠲᠠ ᠵᠢᠨ ᠶᠤᠸᠠᠨ ᠱᠧᠩ ᠬᠡᠷᠡᠯ ᠴᠠᠬᠢᠯᠭ᠋ᠠᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠣᠷᠳᠣᠰ ᠬᠣᠲᠠ ᠵᠢᠨ ᠰᠢ ᠵᠢᠨ ᠠᠭᠤᠷᠬᠠᠶ ᠵᠢᠨ ᠲᠡᠮᠦᠷᠯᠢᠭ ᠬᠠᠢ᠌ᠯᠤᠭᠤᠯᠬᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠥᠪᠥᠷ ᠮᠣᠩᠭᠣᠯ᠎ᠤᠨ ᠢ᠎ᠲᠠᠢ ᠬᠢᠮᠢ ᠵᠢᠨ ᠠᠵᠤ ᠦᠢᠯᠡᠳᠪᠦᠷᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠰᠤᠳᠤᠯᠤᠨ ᠨᠡᠭᠡᠭᠡᠬᠦ ᠵᠠᠷᠤᠳᠠᠯ ᠲᠣᠰ ᠲᠣᠰ 6 ᠳ᠋ᠦᠩᠰᠢᠭᠤᠷ ᠲᠥᠭᠥᠷᠢᠭ᠂ 4 ᠳ᠋ᠦᠩᠰᠢᠭᠤᠷ ᠲᠥᠭᠥᠷᠢᠭ ᠪᠠ 3 ᠳ᠋ᠦᠩᠰᠢᠭᠤᠷ ᠲᠥᠭᠥᠷᠢᠭ᠎ᠢ ᠳᠠᠪᠠᠵᠤ᠂ ᠪᠥᠬᠥ ᠬᠣᠲᠠ ᠵᠢᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠵᠢᠨ ᠡᠮᠦᠨ᠎ᠡ ᠭᠤᠷᠪᠠ᠎ᠳᠤ ᠵᠢᠭᠰᠠᠭ᠋ᠠᠭᠳᠠᠪᠠ  ᠃

ᠢᠷᠡᠯᠲᠡ᠄ ᠣᠷᠳᠣᠰ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠪᠤᠭᠤᠲᠤ ᠵᠢᠨ ᠪᠣᠯᠣᠳ ᠲᠡᠮᠦᠷ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠳᠠᠬᠢᠨ ᠠᠰᠢᠭᠯᠠᠬᠤ ᠰᠢᠨ᠎ᠡ ᠦᠷ᠎ᠡ ᠪᠦᠲᠦᠭᠡᠯ ᠣᠯᠪᠠ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠴᠢ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ 《ᠮᠡᠷᠭᠡᠵᠢᠯ》᠎ᠢ ᠬᠦᠷᠭᠡᠵᠦ ᠲᠠᠷᠢᠶᠠᠯᠠᠩ᠎ᠤᠨ ᠶᠠᠭ᠋ᠠᠷᠠᠤ ᠠᠵᠢᠯ᠎ᠳᠤ ᠲᠤᠰᠠᠯᠠᠪᠠ
ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠨ ᠤᠯᠤᠰ ᠣᠷᠣᠨ᠎ᠤ ᠰᠢᠨ᠎ᠡ ᠵᠢ ᠡᠭᠦᠳᠬᠦ ᠰᠢᠰᠲ᠋ᠧᠮ᠎ᠢ ᠲᠡᠭᠦᠯᠳᠡᠷᠵᠢᠭᠦᠯᠦᠨ᠎ᠡ
ᠲᠠᠷᠢᠶᠠᠯᠠᠩ᠎ᠤᠨ 《ᠴᠠᠬᠢᠮ》᠎ᠢ ᠬᠦᠴᠦᠷᠬᠡᠭᠵᠢᠭᠦᠯᠦᠨ 《ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ》 ᠵᠢ ᠪᠠᠲᠤ ᠡᠵᠡᠮᠳᠡᠶ᠎ᠡ
ᠤᠯᠤᠰ᠎ᠤᠨ ᠴᠢᠬᠤᠯᠠ ᠡᠨᠧᠷᠭᠢ ᠵᠢᠨ ᠰᠤᠷᠪᠤᠯᠵᠢ ᠪᠠ ᠪᠠᠢ᠌ᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠬᠦᠴᠦᠲᠡᠢ ᠪᠦᠳᠦᠭᠡᠨ ᠪᠠᠢ᠌ᠭᠤᠯᠤᠨ᠎ᠠ —— ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠪᠡᠶᠡᠯᠡᠭᠦᠯᠬᠦ ᠲᠤᠬᠠᠶ ᠭᠤᠷᠪᠠᠨᠲᠠ ᠥᠭᠦᠯᠡᠬᠦ᠎ᠨᠢ
 
            
Baidu
map