7 ᠰᠠᠷ᠎ᠠ ᠵᠢᠨ 13᠎ᠤ ᠡᠳᠦᠷ᠂ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠪᠣᠯᠤᠨ ᠮᠸᠩ ᠼᠤᠤ ᠠᠮᠢ ᠠᠬᠤᠢ ᠣᠷᠴᠢᠨ ᠲᠣᠭᠣᠷᠢᠨ (ᠪᠦᠯᠦᠭᠯᠡᠯ)᠎ᠤ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠬᠠᠮᠲᠤᠷᠠᠨ ᠡᠷᠬᠢᠯᠡᠭᠰᠡᠨ 《ᠴᠡᠯᠡᠭᠡᠷ ᠲᠠᠯ᠎ᠠ ᠤᠯᠠᠨ ᠤᠯᠤᠰ᠎ᠤᠨ ᠡᠪᠡᠰᠦᠨ᠎ᠤ ᠦᠢ᠍ᠯᠡᠰ᠎ᠤᠨ ᠶᠡᠬᠡ ᠬᠤᠷᠠᠯ》 ᠬᠥᠬᠡᠬᠣᠲᠠ᠎ᠳᠤ ᠬᠤᠷᠠᠯᠳᠤᠪᠠ᠃
![]()
ᠲᠤᠰ ᠤᠳᠠᠭ᠎ᠠ ᠵᠢᠨ ᠶᠡᠬᠡ ᠬᠤᠷᠠᠯ᠎ᠨᠢ 《ᠪᠦᠬᠦ ᠪᠥᠮᠪᠥᠷᠴᠡᠭ᠎ᠤᠨ ᠤᠶᠤᠨ ᠤᠬᠠᠭ᠋ᠠᠨ᠎ᠢ ᠨᠢᠭᠲᠠᠷᠠᠭᠤᠯᠵᠤ᠂ ᠡᠪᠡᠰᠦᠨ᠎ᠤ ᠦᠢ᠍ᠯᠡᠰ᠎ᠤᠨ ᠢᠷᠡᠭᠡᠳᠦᠢ ᠵᠢ ᠬᠠᠮᠲᠤ᠎ᠪᠠᠷ ᠴᠣᠭᠴᠠᠯᠠᠶ᠎ᠠ》᠎ᠪᠠᠷ ᠭᠣᠣᠯ ᠰᠡᠳᠦᠪ ᠪᠣᠯᠭ᠋ᠠᠵᠤ᠂ ᠡᠬᠢᠯᠡᠯᠲᠡ ᠵᠢᠨ ᠶᠣᠰᠣᠯᠠᠯ ᠪᠣᠯᠤᠨ ᠲᠦᠷᠪᠡᠨ ᠲᠠᠯᠠᠪᠤᠷ ᠵᠡᠷᠭᠡᠴᠡᠭᠡ ᠰᠣᠯᠢᠯᠴᠠᠭ᠋ᠠᠨ᠎ᠤ ᠬᠤᠷᠠᠯ ᠵᠢᠴᠢ ᠡᠪᠡᠰᠦᠨ᠎ᠤ ᠦᠢ᠍ᠯᠡᠰ᠎ᠤᠨ ᠪᠦᠬᠦ ᠠᠵᠤ ᠦᠢ᠍ᠯᠡᠰ᠎ᠤᠨ ᠬᠡᠯᠬᠢᠢ᠎ᠡ ᠵᠢᠨ ᠦᠷ᠎ᠡ ᠪᠦᠲᠦᠭᠡᠯ᠎ᠤᠨ ᠰᠣᠯᠢᠯᠴᠠᠭ᠋ᠠᠨ᠎ᠤ ᠦᠵᠡᠰᠬᠦᠯᠡᠩ ᠵᠡᠷᠭᠡ ᠭᠤᠷᠪᠠᠨ ᠵᠦᠢ᠍ᠯ᠎ᠤᠨ ᠠᠵᠢᠯᠯᠠᠭ᠎ᠠ ᠵᠢᠨ ᠠᠭᠤᠯᠭ᠎ᠠ ᠵᠢ ᠲᠤᠬᠢᠷᠠᠭᠤᠯᠪᠠ᠃
![]()
ᠶᠡᠬᠡ ᠬᠤᠷᠠᠯ᠎ᠠᠴᠠ 120 ᠭᠠᠷᠤᠢ ᠬᠣᠯᠪᠣᠭᠳᠠᠯ ᠪᠦᠬᠦᠢ ᠪᠠᠢ᠌ᠭᠤᠯᠤᠮᠵᠢ᠂ ᠵᠣᠬᠢᠶᠠᠨ ᠪᠠᠢ᠌ᠭᠤᠯᠤᠯᠲᠠ᠂ ᠠᠵᠤ ᠠᠬᠤᠢ᠌ᠯᠠᠯ᠎ᠢ ᠤᠷᠢᠵᠤ ᠬᠤᠷᠠᠯ᠎ᠳᠤ ᠣᠷᠣᠯᠴᠠᠭᠤᠯᠤᠨ᠂ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠬᠠᠮᠲᠤ᠎ᠪᠠᠷ ᠬᠤᠪᠢᠶᠠᠯᠴᠠᠨ ᠰᠣᠯᠢᠯᠴᠠᠬᠤ ᠵᠢᠨ ᠬᠠᠮᠲᠤ ᠠᠯᠢ ᠤᠯᠠᠨ ᠴᠢᠬᠤᠯᠠ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠤᠬᠢᠷᠠᠯᠴᠠᠪᠠ᠂ ᠬᠤᠷᠠᠯ᠎ᠠᠴᠠ ᠪᠠᠰᠠ ᠤᠯᠤᠰ᠎ᠤᠨ ᠡᠪᠡᠰᠦᠨ᠎ᠤ ᠠᠵᠤ ᠦᠢ᠍ᠯᠡᠰ᠎ᠤᠨ ᠮᠡᠳᠡᠯᠭᠡ ᠵᠢᠨ ᠦᠮᠴᠢᠯᠡᠬᠦ ᠡᠷᠬᠡ ᠵᠢᠨ ᠲᠤᠮᠤ ᠳ᠋ᠠᠢ᠌ᠲ᠋ᠠ ᠵᠢᠨ ᠲᠠᠪᠴᠠᠩ᠎ᠢ ᠵᠡᠷᠭᠡ᠎ᠪᠠᠷ ᠡᠬᠢᠯᠡᠭᠦᠯᠬᠦ ᠪᠣᠯᠪᠠ᠃
![]()
ᠥᠪᠥᠷ ᠮᠣᠩᠭᠣᠯ᠎ᠤᠨ ᠡᠪᠡᠰᠦᠨ᠎ᠤ ᠠᠵᠤ ᠦᠢᠯᠡᠰ᠎ᠤᠨ ᠭᠠᠷᠤᠯᠲᠠ ᠵᠢᠨ ᠦᠢᠯᠡᠳᠬᠦᠨ᠎ᠤ ᠥᠷᠲᠡᠭ ᠴᠥᠮ ᠪᠥᠬᠥ ᠤᠯᠤᠰ᠎ᠤᠨ ᠲᠡᠷᠢᠭᠦᠨ᠎ᠳᠤ ᠣᠷᠣᠪᠠ᠃ 2023 ᠣᠨ᠎ᠳᠤ᠂ ᠡᠯ᠎ᠡ ᠲᠥᠷᠥᠯ᠎ᠤᠨ ᠡᠪᠡᠰᠦ ᠪᠣᠷᠳᠣᠭ᠋ᠠᠨ᠎ᠤ ᠭᠠᠷᠤᠯᠲᠠ 7543 ᠲᠦᠮᠡᠨ ᠲᠣᠨ᠎ᠳᠤ ᠬᠦᠷᠴᠦ᠂ ᠡᠪᠡᠰᠦᠨ᠎ᠤ ᠠᠵᠤ ᠦᠢᠯᠡᠰ᠎ᠤᠨ ᠬᠡᠯᠬᠢᠶ᠎ᠡ ᠵᠢᠨ ᠦᠢᠯᠡᠳᠬᠦᠨ᠎ᠤ ᠥᠷᠲᠡᠭ 802.1 ᠳ᠋ᠦᠩᠰᠢᠭᠤᠷ ᠲᠥᠭᠥᠷᠢᠭ᠎ᠲᠤ ᠬᠥᠷᠪᠡ᠃ ᠬᠥᠬᠡᠬᠣᠲᠠ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠪᠠ ᠬᠠᠳᠠᠭ᠋ᠠᠯᠠᠬᠤ᠎ᠠᠴᠠ ᠠᠪᠤᠭ᠋ᠠᠳ ᠰᠢᠨ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ ᠪᠠ ᠳᠡᠯᠭᠡᠷᠡᠭᠦᠯᠬᠦ ᠬᠦᠷᠲᠡᠯ᠎ᠡ᠂ ᠳᠠᠬᠢᠭ᠋ᠠᠳ ᠡᠪᠡᠰᠦ ᠪᠣᠷᠳᠣᠭ᠎ᠠ ᠳᠠᠷᠢᠬᠤ᠂ ᠡᠳ᠋ᠰᠢᠭᠦᠯᠬᠦ ᠪᠠ ᠪᠣᠷᠣᠯᠠᠭᠤᠯᠬᠤ ᠬᠦᠷᠲᠡᠯ᠎ᠡ ᠨᠢᠭᠡᠨᠲᠡ ᠪᠦᠷᠢᠨ ᠪᠦᠲᠦᠨ᠂ ᠥᠨᠳᠥᠷ ᠪᠦᠲᠦᠮᠵᠢᠲᠡᠶ ᠠᠵᠤ ᠦᠢᠯᠡᠰ᠎ᠤᠨ ᠬᠡᠯᠬᠢᠶ᠎ᠡ ᠵᠢ ᠪᠦᠷᠢᠯᠳᠦᠭᠦᠯᠵᠡᠶ᠃
![]()
ᠲᠤᠰ ᠤᠳᠠᠭ᠎ᠠ ᠵᠢᠨ ᠴᠡᠯᠡᠭᠡᠷ ᠲᠠᠯ᠎ᠠ ᠵᠢᠨ ᠤᠯᠠᠨ ᠤᠯᠤᠰ᠎ᠤᠨ ᠡᠪᠡᠰᠦᠨ᠎ᠤ ᠦᠢ᠍ᠯᠡᠰ᠎ᠤᠨ ᠶᠡᠬᠡ ᠬᠤᠷᠠᠯ ᠬᠤᠷᠠᠯᠳᠤᠭᠰᠠᠨ᠎ᠨᠢ ᠬᠣᠯᠪᠣᠭᠳᠠᠯ ᠪᠦᠬᠦᠢ ᠤᠯᠠᠨ ᠤᠯᠤᠰ᠎ᠤᠨ ᠵᠣᠬᠢᠶᠠᠨ ᠪᠠᠢ᠌ᠭᠤᠯᠤᠯᠲᠠ᠂ ᠤᠯᠤᠰ ᠪᠠ ᠭᠠᠵᠠᠷ ᠣᠷᠣᠨ᠎ᠤ ᠰᠣᠯᠢᠯᠴᠠᠭ᠎ᠠ ᠬᠠᠮᠲᠤᠷᠠᠯᠴᠠᠭ᠎ᠠ᠎ᠳᠤ ᠡᠷᠬᠢᠮ ᠨᠠᠨᠳᠢᠨ ᠠᠵᠠ ᠲᠣᠬᠢᠶᠠᠯ ᠬᠠᠩᠭ᠋ᠠᠬᠤ ᠪᠣᠯᠤᠨ᠎ᠠ᠃ ᠠᠵᠤ ᠠᠬᠤᠢ᠌ᠯᠠᠯ ᠵᠶ᠋ᠠᠷ ᠭᠣᠤᠯ ᠴᠣᠭᠴᠠ ᠪᠣᠯᠭ᠋ᠠᠭᠰᠠᠨ᠂ ᠵᠠᠬ᠎ᠠ ᠳᠡᠯᠭᠡᠭᠦᠷ ᠵᠶ᠋ᠡᠷ ᠤᠳᠤᠷᠢᠳᠤᠮᠵᠢ ᠪᠣᠯᠭ᠋ᠠᠭᠰᠠᠨ᠂ ᠴᠢᠳᠠᠪᠤᠷᠢᠲᠠᠨ ᠵᠶ᠋ᠠᠷ ᠦᠨᠳᠦᠰᠦ ᠪᠣᠯᠭ᠋ᠠᠭᠰᠠᠨ᠂ ᠦᠢᠯᠡᠳᠪᠦᠷᠢᠯᠡᠬᠦ ᠵᠢᠭ᠋ᠠᠬᠤ ᠰᠤᠳᠤᠯᠬᠤ ᠵᠢ ᠭᠦᠨᠵᠡᠭᠡᠶ ᠠᠭᠤᠰᠤᠯᠴᠠᠭᠤᠯᠤᠭᠰᠠᠨ᠂ ᠪᠣᠢ᠌ᠵᠢᠭᠤᠯᠬᠤ ᠦᠷᠡᠵᠢᠭᠦᠯᠬᠦ ᠳᠡᠯᠭᠡᠷᠡᠭᠦᠯᠬᠦ ᠵᠢ ᠨᠢᠭᠡ ᠴᠣᠭᠴᠠᠵᠢᠭᠤᠯᠤᠭᠰᠠᠨ ᠬᠥᠭᠵᠢᠯᠲᠡ ᠵᠢᠨ ᠣᠲᠣ ᠦᠶ᠎ᠡ ᠵᠢᠨ ᠡᠪᠡᠰᠦᠨ᠎ᠤ ᠦᠢᠯᠡᠰ᠎ᠤᠨ ᠰᠢᠰᠲ᠋ᠧᠮᠵᠢ ᠵᠢ ᠬᠠᠮᠲᠤ᠎ᠪᠠᠷ ᠪᠠᠢ᠌ᠭᠤᠯᠵᠤ᠂ ᠡᠪᠡᠰᠦᠨ᠎ᠤ ᠦᠢᠯᠡᠰ᠎ᠤᠨ ᠲᠦᠷᠭᠡᠨ ᠬᠥᠭᠵᠢᠯᠲᠡ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠨ᠎ᠡ᠃