3 ᠳ᠋ᠤᠭ᠋ᠠᠷ ᠰᠠᠷ᠎ᠠ ᠵᠢᠨ 20ᠤ ᠡᠳᠦᠷ᠂ ᠬᠥᠬᠡᠬᠣᠲᠠ ᠵᠢᠨ ᠵᠠᠰᠠᠭᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯᠤᠨ ᠲᠢᠩᠬᠢᠮ 《ᠲᠢᠩᠬᠢᠮ ᠬᠣᠲᠠ ᠵᠢᠨ ᠠᠵᠢᠯᠤᠨ ᠵᠥᠪᠳᠡᠯᠴᠡᠬᠦ ᠲᠦᠷᠢᠮᠤᠨ ᠵᠥᠪᠯᠡᠨ ᠲᠣᠭᠲᠠᠭ᠋ᠠᠭᠰᠠᠨ ᠪᠢᠴᠢᠭ》ᠲᠤ ᠭᠠᠷᠤᠨ ᠥᠰᠥᠭ ᠵᠢᠷᠤᠪᠠ᠃ ᠡᠨᠡᠨᠢ ᠬᠥᠬᠡᠬᠣᠲᠠ ᠬᠢᠭᠡᠳ ᠥᠪᠡᠷᠲᠡᠭᠡᠨ ᠵᠠᠰᠠᠬᠤ ᠣᠷᠣᠨᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯᠤᠨ ᠲᠢᠩᠬᠢᠮ ᠨᠠᠩ ᠰᠢᠭᠤᠳ ᠰᠢᠯᠤᠭᠤᠨ᠂ ᠨᠠᠩ ᠨᠢᠭᠲᠠ ᠳᠦᠷᠢᠮᠵᠢᠭᠰᠡᠨ ᠬᠠᠷᠢᠯᠴᠠᠬᠤ ᠲᠣᠭᠲᠠᠴᠠ ᠪᠠᠢ᠌ᠭᠤᠯᠤᠭᠰᠠᠨᠢ ᠬᠠᠷᠠᠭᠤᠯᠵᠤ ᠪᠣᠶ᠃
ᠥᠪᠡᠷᠲᠡᠭᠡᠨ ᠵᠠᠰᠠᠬᠤ ᠣᠷᠣᠨᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯᠤᠨ ᠲᠢᠩᠬᠢᠮᠤᠨ ᠨᠠᠮᠤᠨ ᠤᠳᠤᠷᠢᠳᠬᠤ ᠳᠤᠭᠤᠢ᠌ᠯᠠᠩᠤᠨ ᠱᠦᠵᠢ᠂ ᠲᠢᠩᠬᠢᠮᠤᠨ ᠳᠠᠷᠤᠭ᠎ᠠ ᠵᠠᠩ ᠸᠸᠨ ᠲᠤᠤ᠂ ᠬᠥᠬᠡᠬᠣᠲᠠ ᠵᠢᠨ ᠨᠠᠮᠤᠨ ᠬᠣᠷᠢᠶᠠᠨᠤ ᠳᠡᠳ᠋ ᠱᠦᠵᠢ᠂ ᠬᠣᠲᠠ ᠵᠢᠨ ᠳᠠᠷᠤᠭ᠎ᠠ ᠾᠧ ᠬᠠᠶ ᠳ᠋ᠦᠩ ᠭᠠᠷᠤᠨ ᠥᠰᠥᠭ ᠵᠢᠷᠤᠬᠤ ᠵᠢ ᠭᠡᠷᠡᠴᠢᠯᠡᠵᠡᠶ᠃
ᠵᠥᠪᠳᠡᠯᠴᠡᠬᠦ ᠠᠭᠤᠯᠭ᠎ᠠ ᠵᠢ ᠦᠨᠳᠦᠰᠦᠯᠡᠪᠡᠯ᠂ ᠬᠣᠶᠠᠷ ᠲᠠᠯᠠᠪᠠᠷ ᠵᠶ᠋ᠠᠨ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯᠤᠨ ᠬᠦᠴᠦᠷᠬᠡᠭ ᠬᠣᠲᠠ ᠪᠠ ᠪᠥᠬᠥ ᠣᠷᠣᠨᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯᠤᠨ ᠰᠢᠨ᠎ᠡ ᠵᠢ ᠡᠭᠦᠳᠬᠦ ᠲᠥᠪ ᠪᠠᠢ᠌ᠭᠤᠯᠬᠤ ᠵᠢ ᠬᠠᠮᠲᠤᠪᠠᠷ ᠠᠬᠢᠭᠤᠯᠵᠤ᠂ ᠬᠥᠬᠡᠬᠣᠲᠠ ᠵᠢᠨ 《ᠨᠢᠭᠡ ᠲᠣᠭᠣᠷᠢᠭ ᠨᠢᠭᠡ ᠬᠦᠷᠢᠶᠡᠯᠡᠩ ᠣᠯᠠᠨ ᠲᠠᠪᠴᠠᠩ》ᠤᠨ ᠰᠢᠨ᠎ᠡ ᠵᠢ ᠡᠭᠦᠳᠬᠦ ᠴᠢᠳᠠᠪᠤᠷᠢ ᠵᠢᠨ ᠲᠠᠰᠢ ᠬᠠᠮᠵᠢᠯᠴᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯᠤᠨ 《ᠪᠦᠰᠡᠯᠡᠯᠲᠡ ᠰᠢᠪᠲᠤᠯᠬᠤ》ᠢᠨᠵᠧᠨᠧᠷᠢᠩᠢ ᠦᠷᠭᠦᠯᠵᠢᠯᠡᠨ ᠠᠬᠢᠭᠤᠯᠤᠨ ᠬᠡᠷᠡᠭᠵᠢᠭᠦᠯᠵᠦ᠂ ᠣᠷᠣᠨ ᠪᠦᠰᠡ ᠵᠢᠨ ᠰᠢᠨ᠎ᠡ ᠵᠢ ᠡᠭᠦᠳᠬᠦ ᠬᠠᠮᠲᠤᠷᠠᠯᠴᠠᠭ᠎ᠠ ᠵᠢ ᠭᠠᠷ ᠬᠣᠯᠪᠣᠨ ᠭᠦᠨᠵᠡᠭᠡᠢ᠌ᠷᠡᠭᠦᠯᠵᠦ᠂ ᠮᠸᠩ ᠺᠧ ᠵᠢᠦᠢ ᠰᠢᠨ᠎ᠡ ᠵᠢ ᠡᠭᠦᠳᠬᠦᠪᠠᠷ ᠬᠥᠳᠡᠯᠭᠡᠭᠦᠷ ᠪᠣᠯᠭ᠋ᠠᠬᠤ ᠲᠠᠪᠴᠠᠩᠤᠨ ᠲᠠᠰ ᠳᠡᠪᠰᠢᠭᠰᠡᠨ ᠬᠡᠪᠢ ᠬᠣᠯᠪᠣᠭ᠋ᠠᠯᠠᠨ ᠪᠠᠢ᠌ᠭᠤᠯᠵᠤ᠂ ᠪᠥᠬᠥ ᠨᠡᠢ᠌ᠭᠡᠮᠤᠨᠬᠢᠨᠤ ᠰᠤᠳᠤᠯᠤᠨ ᠨᠡᠭᠡᠭᠡᠬᠦ ᠣᠷᠣᠭᠤᠯᠤᠯᠲᠠᠪᠠᠨ ᠦᠷᠭᠦᠯᠵᠢᠯᠡᠨ ᠨᠡᠮᠡᠭᠳᠡᠭᠦᠯᠬᠦ ᠵᠢ ᠬᠠᠮᠲᠤᠪᠠᠷ ᠬᠥᠲᠥᠯᠥᠨ ᠵᠢᠯᠣᠭᠣᠳᠤᠨ᠎ᠠ᠃
ᠥᠪᠡᠷᠲᠡᠭᠡᠨ ᠵᠠᠰᠠᠬᠤ ᠣᠷᠣᠨᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯᠤᠨ ᠲᠢᠩᠬᠢᠮᠤᠨ ᠳᠡᠳ᠋ ᠳᠠᠷᠤᠭ᠎ᠠ ᠬᠤᠤ ᠰᠢ ᠬᠣᠩ᠂ ᠢᠦᠢ ᠸᠧᠢ᠂ ᠬᠥᠬᠡᠬᠣᠲᠠ ᠵᠢᠨ ᠳᠡᠳ᠋ ᠳᠠᠷᠤᠭ᠎ᠠ ᠵᠢᠶᠤᠤ ᠬᠣᠩ ᠣᠷᠣᠯᠴᠠᠵᠠᠢ᠃