ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠯ᠎ᠡ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠡᠯ᠎ᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠡᠯ᠎ᠡ ᠬᠣᠯᠪᠣᠭᠳᠠᠯ ᠪᠦᠬᠦᠢ ᠨᠢᠭᠡᠴᠡ᠄
《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠬᠦ ᠵᠢᠨ ᠲᠥᠯᠥᠭᠡ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠮᠡᠷᠭᠡᠵᠢᠯ᠎ᠤᠨ ᠠᠷᠠᠯᠵᠢᠶ᠎ᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠠᠵᠢᠯᠯᠠᠭ᠎ᠠ ᠥᠷᠨᠢᠭᠦᠯᠬᠦ ᠵᠢ ᠬᠥᠲᠥᠯᠥᠨ ᠵᠢᠯᠣᠭᠣᠳᠴᠤ ᠵᠣᠷᠢᠭᠵᠢᠭᠤᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ᠎ᠳᠤ ᠦᠢᠯᠡᠴᠢᠯᠡᠨ᠎ᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠬᠤ ᠲᠦᠷᠢᠮ》 (《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢ ᠠᠬᠢᠭᠤᠯᠬᠤ ᠨᠠᠢᠮᠠᠨ ᠠᠷᠭ᠎ᠠ ᠬᠡᠮᠵᠢᠶ᠎ᠡ》 (ᠥᠪᠥᠷ ᠵᠠᠰᠠᠭ ᠲᠠᠷᠬᠠᠭ᠋ᠠᠭᠰᠠᠨ 20172 ᠳ᠋ᠤᠭ᠋ᠠᠷ ᠲᠣᠭ᠋ᠠᠲᠤ)᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠤᠰᠬᠠᠶ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠡᠳ᠋ ᠰᠢᠨᠵᠢᠯᠡᠬᠦ ᠲᠣᠭᠲᠠᠭ᠋ᠠᠯ 201811 ᠳ᠋ᠦ᠍ᠭᠡᠷ ᠲᠣᠭ᠋ᠠᠲᠤ) ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠠᠷᠠᠯᠵᠢᠶ᠎ᠠ ᠵᠢᠨ ᠳᠠᠷᠠᠭ᠋ᠠᠬᠢ ᠨᠥᠬᠥᠪᠥᠷᠢ ᠵᠢᠨ ᠬᠡᠷᠡᠭᠵᠢᠭᠦᠯᠬᠦ ᠨᠠᠷᠢᠨ ᠲᠦᠷᠢᠮ》 (ᠥᠪᠥᠷ ᠰᠢᠨᠵᠢᠯᠡᠬᠦ ᠲᠠᠷᠬᠠᠭ᠋ᠠᠭᠰᠠᠨ ᠥᠰᠥᠭ 202112 ᠳ᠋ᠤᠭ᠋ᠠᠷ ᠲᠣᠭ᠋ᠠᠲᠤ)᠂ ᠡᠳᠦᠭᠡ ᠪᠥᠬᠥ ᠣᠷᠣᠨ᠎ᠠᠴᠠ 2024 ᠣᠨ᠎ᠤ ᠮᠡᠷᠭᠡᠵᠢᠯ᠎ᠤᠨ ᠠᠷᠠᠯᠵᠢᠶ᠎ᠠ ᠵᠢᠨ ᠳᠠᠷᠠᠭ᠋ᠠᠬᠢ ᠨᠥᠬᠥᠪᠥᠷᠢ ᠵᠢᠨ ᠲᠥᠷᠥᠯ ᠵᠦᠢᠯ᠎ᠢ ᠡᠯᠰᠡᠨ᠎ᠡ ᠃
ᠨᠢᠭᠡ᠂ ᠭᠤᠶᠤᠴᠢᠯᠠᠨ ᠮᠡᠳᠡᠭᠦᠯᠬᠦ ᠱᠠᠭ᠋ᠠᠷᠳᠠᠯᠭ᠎ᠠ
(ᠨᠢᠭᠡ) ᠮᠡᠷᠭᠡᠵᠢᠯ᠎ᠤᠨ ᠠᠷᠠᠯᠵᠢᠶ᠎ᠠ ᠵᠢᠨ ᠳᠠᠷᠠᠭ᠋ᠠᠬᠢ ᠲᠤᠰᠠᠯᠠᠮᠵᠢ ᠵᠢᠨ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠠᠷᠠᠯᠵᠢᠶ᠎ᠠ ᠵᠢᠨ ᠳᠠᠷᠠᠭ᠋ᠠᠬᠢ ᠲᠤᠰᠠᠯᠠᠮᠵᠢ ᠵᠢᠨ ᠬᠡᠷᠡᠭᠵᠢᠭᠦᠯᠬᠦ ᠨᠠᠷᠢᠨ ᠳᠦᠷᠢᠮ》᠎ᠳᠤ ᠲᠣᠭᠲᠠᠭ᠋ᠠᠭᠰᠠᠨ ᠭᠤᠶᠤᠴᠢᠯᠠᠨ ᠮᠡᠳᠡᠭᠦᠯᠬᠦ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ ᠃
(ᠬᠣᠶᠠᠷ) ᠠᠩᠬ᠎ᠠ ᠤᠳᠠᠭ᠎ᠠ ᠮᠡᠳᠡᠭᠦᠯᠦᠭᠰᠡᠨ ᠠᠷᠠᠯᠵᠢᠶᠠᠨ᠎ᠤ ᠲᠠᠯ᠎ᠠ ᠵᠢᠨ ᠳᠠᠷᠠᠭ᠎ᠠ ᠨᠥᠬᠥᠪᠥᠷᠢ ᠥᠭᠬᠦ ᠲᠥᠷᠥᠯ ᠵᠦᠢᠯ᠎ᠳᠤ ᠨᠢᠭᠡᠨᠲᠡ ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠬᠤ ᠵᠢ ᠭᠦᠢᠴᠡᠳᠬᠡᠵᠦ᠂ ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠭᠰᠠᠨ ᠡᠳᠦᠷ ᠬᠤᠭᠤᠴᠠᠭ᠎ᠠ ᠪᠤᠶᠤ ᠪᠣᠳᠠᠲᠠᠶ ᠠᠷᠠᠯᠵᠢᠶᠠᠯᠠᠭᠰᠠᠨ ᠡᠳᠦᠷ ᠬᠤᠭᠤᠴᠠᠭ᠎ᠠ᠎ᠨᠢ 2022 ᠣᠨ᠎ᠤ 11 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 2023 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ ᠬᠦᠷᠲᠡᠯ᠎ᠡ ᠪᠣᠯᠤᠨ᠎ᠠ ᠃
(ᠭᠤᠷᠪᠠ) ᠦᠷᠭᠦᠯᠵᠢᠯᠡᠨ ᠭᠤᠶᠤᠴᠢᠯᠠᠨ ᠮᠡᠳᠡᠭᠦᠯᠦᠭᠰᠡᠨ ᠠᠷᠠᠯᠵᠢᠶᠠᠨ᠎ᠤ ᠲᠠᠯ᠎ᠠ ᠵᠢᠨ ᠳᠠᠷᠠᠭ᠎ᠠ ᠨᠥᠬᠥᠪᠥᠷᠢ ᠥᠭᠬᠦ ᠲᠥᠷᠥᠯ ᠵᠦᠢᠯ᠎ᠨᠢ 2022 ᠣᠨ᠎ᠤ 11 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 2023 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯᠠᠬᠢ ᠠᠷᠠᠯᠵᠢᠶᠠᠨ᠎ᠤ ᠭᠡᠷᠡᠴᠢ ᠪᠠᠷᠢᠮᠲᠠ ᠵᠢ ᠬᠠᠩᠭ᠋ᠠᠬᠤ ᠬᠡᠷᠡᠭᠲᠡᠶ ᠃
(ᠳᠥᠷᠪᠡ) ᠮᠡᠳᠡᠭᠦᠯᠦᠭᠰᠡᠨ ᠨᠢᠭᠡᠴᠡ ᠵᠢ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠎ᠠᠴᠠ ᠪᠢᠴᠢᠭ ᠮᠠᠲ᠋ᠧᠷᠢᠶᠠᠯ ᠶᠠᠪᠤᠭᠤᠯᠵᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠪᠠᠲᠤᠯᠠᠨ ᠲᠠᠨᠢᠯᠴᠠᠭᠤᠯᠵᠤ᠂ ᠣᠷᠣᠨ᠎ᠤ ᠰᠢᠭᠤᠳ ᠬᠠᠷᠢᠶ᠎ᠠ ᠨᠢᠭᠡᠴᠡ ᠵᠢ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠢᠴᠢᠭ ᠮᠠᠲ᠋ᠧᠷᠢᠶᠠᠯ ᠶᠠᠪᠤᠭᠤᠯᠵᠤ ᠪᠠᠲᠤᠯᠠᠨ ᠲᠠᠨᠢᠯᠴᠠᠭᠤᠯᠤᠨ᠎ᠠ ᠃
ᠬᠣᠶᠠᠷ᠂ ᠮᠡᠳᠡᠭᠦᠯᠬᠦ ᠳᠡᠰ ᠳᠠᠷᠠᠭ᠋ᠠᠯᠠᠯ
(ᠨᠢᠭᠡ) ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ
ᠮᠡᠷᠭᠡᠵᠢᠯ᠎ᠤᠨ ᠰᠣᠯᠢᠯᠴᠠᠭ᠋ᠠᠨ᠎ᠤ ᠳᠠᠷᠠᠭ᠎ᠠ ᠨᠥᠬᠥᠪᠥᠷᠢ ᠵᠢ ᠰᠦᠯᠵᠢᠶᠡᠨ ᠳᠡᠭᠡᠷ᠎ᠡ ᠭᠤᠶᠤᠴᠢᠯᠠᠨ᠎ᠠ ᠃ ᠭᠤᠶᠤᠴᠢᠯᠠᠨ ᠮᠡᠳᠡᠭᠦᠯᠬᠦ ᠨᠥᠬᠥᠴᠡᠯ ᠪᠠ ᠱᠠᠭ᠋ᠠᠷᠳᠠᠯᠭ᠎ᠠ᠎ᠳᠤ ᠨᠡᠢ᠌ᠴᠡᠭᠰᠡᠨ ᠨᠢᠭᠡᠴᠡ᠎ᠨᠢ ᠮᠧᠩ ᠺᠧ ᠵᠢᠦᠢ ᠵᠢᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ (ᠰᠦᠯᠵᠢᠶᠡᠨ ᠬᠠᠶᠢᠭ https᠄ / / www . mengkeju . com /) ᠵᠶ᠋ᠠᠷ ᠳᠡᠮᠵᠢᠨ ᠮᠡᠷᠭᠡᠵᠢᠯ᠎ᠤᠨ ᠠᠷᠠᠯᠵᠢᠶ᠎ᠠ ᠵᠢᠨ ᠳᠠᠷᠠᠭ᠋ᠠᠬᠢ ᠨᠥᠬᠥᠪᠥᠷᠢ ᠵᠢᠨ ᠰᠢᠰᠲ᠋ᠧᠮ᠎ᠳᠤ ᠣᠷᠣᠵᠤ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠵᠤ᠂ ᠭᠤᠶᠤᠴᠢᠯᠠᠨ ᠮᠡᠳᠡᠭᠦᠯᠬᠦ ᠵᠦᠢᠯᠡᠰ᠎ᠢ ᠭᠦᠢᠴᠡᠳᠬᠡᠨ᠎ᠡ ᠃ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ ᠴᠠᠭ᠎ᠢ ᠮᠡᠳᠡᠭᠳᠡᠯ ᠪᠠᠭᠤᠯᠭ᠋ᠠᠭᠰᠠᠨ ᠡᠳᠦᠷ᠎ᠠᠴᠠ ᠡᠬᠢᠯᠡᠨ᠂ 2023 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠤᠨ 18᠄ 00 ᠴᠠᠭ ᠪᠣᠯᠲᠠᠯ᠎ᠠ᠂ ᠲᠣᠭᠲᠠᠭᠰᠠᠨ ᠴᠠᠭ᠎ᠤᠨ ᠳᠣᠲᠣᠷ᠎ᠠ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ᠎ᠳᠤ ᠬᠢᠷᠢ ᠲᠡᠩᠴᠡᠭᠰᠡᠨ ᠥᠬᠡᠶ ᠪᠣᠯ ᠬᠤᠭᠤᠴᠠᠭ᠎ᠠ ᠬᠡᠲᠦᠷᠡᠭᠦᠯᠦᠨ ᠭᠦᠢᠴᠡᠳᠬᠡᠨ᠎ᠡ ᠃
(ᠬᠣᠶᠠᠷ) ᠮᠠᠲ᠋ᠧᠷᠢᠶᠠᠯ᠎ᠢ ᠮᠡᠳᠡᠭᠦᠯᠦᠨ ᠬᠦᠷᠭᠡᠬᠦ
ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ ᠪᠠᠲᠤᠯᠠᠭᠰᠠᠨ ᠲᠥᠷᠥᠯ ᠵᠦᠢᠯ᠎ᠢ ᠮᠡᠳᠡᠭᠦᠯᠦᠭᠰᠡᠨ ᠲᠠᠯ᠎ᠠ᠎ᠨᠢ ᠥᠪᠡᠰᠦᠪᠡᠨ ᠪᠠᠭᠤᠯᠭ᠋ᠠᠵᠤ ᠳᠠᠷᠤᠮᠠᠯᠯᠠᠭᠰᠠᠨ᠎ᠤ ᠳᠠᠷᠠᠭ᠎ᠠ ᠨᠥᠬᠥᠪᠥᠷᠢ ᠵᠢᠨ ᠲᠥᠷᠥᠯ ᠵᠦᠢᠯ᠎ᠢ ᠨᠤᠲᠠᠯᠠᠨ ᠵᠥᠪᠰᠢᠶᠡᠷᠡᠭᠰᠡᠨ ᠪᠢᠴᠢᠭ᠎ᠢ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠪᠤᠶᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠲᠠᠮᠠᠭ᠎ᠠ ᠳᠠᠷᠤᠭᠤᠯᠤᠭᠰᠠᠨᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠥᠪ᠎ᠲᠤ ᠨᠢᠭᠡ ᠶᠠᠩᠵᠤ ᠵᠢᠨ 4 ᠬᠤᠪᠢ ᠮᠡᠳᠡᠭᠦᠯᠦᠨ ᠬᠦᠷᠭᠡᠨ᠎ᠡ ᠃
ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠣᠷᠣᠨ᠎ᠤ ᠰᠢᠭᠤᠳ ᠬᠠᠷᠢᠶ᠎ᠠ ᠨᠢᠭᠡᠴᠡ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠷᠬᠡᠪᠰᠢ 2024 ᠣᠨ᠎ᠤ 1 ᠳ᠋ᠦ᠍ᠭᠡᠷ ᠰᠠᠷ᠎ᠠ ᠵᠢᠨ 15᠎ᠤ ᠡᠳᠦᠷ᠎ᠠᠴᠠ ᠡᠮᠦᠨ᠎ᠡ ᠮᠡᠷᠭᠡᠵᠢᠯ᠎ᠤᠨ ᠠᠷᠠᠯᠵᠢᠶ᠎ᠠ ᠵᠢ ᠲᠠᠨᠢᠯᠴᠠᠭᠤᠯᠤᠭᠰᠠᠨᠤ ᠳᠠᠷᠠᠭ᠋ᠠᠬᠢ ᠨᠥᠬᠥᠪᠥᠷᠢ ᠵᠢᠨ ᠲᠥᠷᠥᠯ ᠵᠦᠢᠯ᠎ᠤᠨ ᠲᠠᠨᠢᠯᠴᠠᠭᠤᠯᠤᠭᠰᠠᠨ ᠪᠢᠴᠢᠭ ᠮᠠᠲ᠋ᠧᠷᠢᠶᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠦᠷ᠎ᠡ ᠪᠦᠲᠦᠭᠡᠯ᠎ᠤᠨ ᠬᠠᠮᠢᠶᠠᠷᠤᠯᠲᠠ ᠬᠢᠭᠡᠳ ᠤᠯᠠᠷᠢᠭᠤᠯᠬᠤ ᠭᠠᠵᠠᠷ᠎ᠲᠤ ᠮᠡᠳᠡᠭᠦᠯᠦᠨ ᠬᠦᠷᠭᠡᠬᠦ ᠬᠡᠷᠡᠭᠲᠡᠶ ᠃
(ᠭᠤᠷᠪᠠ) ᠲᠥᠷᠥᠯ ᠵᠦᠢᠯ ᠮᠡᠳᠡᠭᠦᠯᠬᠦ ᠵᠢᠴᠢ ᠮᠡᠷᠭᠡᠵᠢᠯ᠎ᠤᠨ ᠳᠡᠮᠵᠢᠯᠭᠡ ᠦᠵᠡᠭᠦᠯᠬᠦ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ ᠃
ᠭᠤᠷᠪᠠ᠂ ᠬᠠᠷᠢᠯᠴᠠᠬᠤ ᠬᠡᠯᠪᠡᠷᠢ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠥᠪ᠄ ᠹᠠᠨ ᠡᠯ ᠶᠦᠩ 0471 - 6328567
ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠦᠷ᠎ᠡ ᠪᠦᠲᠦᠭᠡᠯ᠎ᠤᠨ ᠬᠠᠮᠢᠶᠠᠷᠤᠯᠲᠠ ᠬᠢᠭᠡᠳ ᠬᠤᠪᠢᠷᠠᠭᠤᠯᠤᠯᠲᠠ ᠵᠢᠨ ᠭᠠᠵᠠᠷ᠄ ᠵᠢᠨ ᠯᠦᠩ 0471 - 6328612
ᠳᠠᠭ᠋ᠠᠯᠳᠤᠭᠤᠯᠤᠯ᠄ ᠲᠠᠨᠢᠯᠴᠠᠭᠤᠯᠤᠭᠰᠠᠨ ᠪᠢᠴᠢᠭ ᠮᠠᠲ᠋ᠧᠷᠢᠶᠠᠯ᠎ᠤᠨ ᠯᠠᠪᠯᠠᠬᠤ ᠵᠠᠭᠪᠤᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
2023 ᠣᠨ᠎ᠤ 11 ᠳ᠋ᠦ᠍ᠭᠡᠷ ᠰᠠᠷ᠎ᠠ ᠵᠢᠨ 29᠎ᠤ ᠡᠳᠦᠷ ᠃