ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠲᠠᠷᠢᠶᠠᠯᠠᠩ ᠮᠠᠯ ᠠᠵᠤ ᠠᠬᠤᠶ᠂ ᠡᠨᠧᠷᠭᠢ ᠵᠢᠨ ᠬᠦᠷᠢᠶ᠎ᠡ ᠴᠠᠷᠠᠭ᠎ᠠ ᠵᠢᠨ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠰᠢᠯᠢᠳᠡᠭᠵᠢᠭᠦᠯᠦᠨ ᠳᠠᠬᠢᠨ ᠪᠠᠢ᠌ᠭᠤᠯᠤᠭᠰᠠᠨ ᠦᠷ᠎ᠡ ᠳ᠋ᠦᠩ᠎ᠢ ᠨᠡᠢ᠌ᠲᠡᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-02-28


      ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠲᠦᠰᠢᠭᠯᠡᠬᠦ ᠨᠢᠭᠡᠴᠡ᠂ ᠡᠯ᠎ᠡ ᠬᠣᠯᠪᠣᠭᠳᠠᠯ ᠪᠥᠬᠥᠶ ᠨᠢᠭᠡᠴᠡ᠄
        ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠵᠤ᠂ 《ᠪᠠᠢ᠌ᠷᠢ ᠲᠣᠭᠲᠠᠭ᠋ᠠᠯᠲᠠ᠎ᠨᠢ ᠲᠣᠳᠣᠷᠬᠠᠶ᠂ ᠪᠠᠢ᠌ᠷᠢᠰᠢᠭᠤᠯᠤᠯᠲᠠ᠎ᠨᠢ ᠵᠦᠶ ᠵᠣᠬᠢᠰᠲᠠᠶ᠂ ᠰᠠᠭᠤᠷᠢ᠎ᠨᠢ ᠪᠠᠲᠤ ᠪᠠᠬᠢ᠂ ᠲᠣᠭᠲᠠᠴᠠ᠎ᠨᠢ ᠰᠢᠨ᠎ᠡ ᠵᠢ ᠡᠭᠦᠳᠬᠦ᠂ ᠪᠠᠲᠤᠯᠠᠭ᠎ᠠ᠎ᠨᠢ ᠬᠦᠴᠦᠲᠡᠶ》 ᠪᠠᠢ᠌ᠬᠤ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠰᠢᠰᠲ᠋ᠧᠮᠵᠢ ᠵᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠦᠢᠯᠡᠳᠦᠯ᠎ᠢ ᠨᠠᠩ ᠰᠠᠢ᠌ᠨ ᠪᠠᠳᠠᠷᠠᠭᠤᠯᠬᠤ ᠵᠢᠨ ᠲᠤᠰᠠᠳᠠ᠂ ᠤᠯᠤᠰ᠎ᠤᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠰᠢᠯᠢᠳᠡᠭᠵᠢᠭᠦᠯᠦᠨ ᠳᠠᠬᠢᠨ ᠪᠠᠢ᠌ᠭᠤᠯᠬᠤ ᠱᠠᠭ᠋ᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠲᠠᠷᠢᠶᠠᠯᠠᠩ ᠮᠠᠯ ᠠᠵᠤ ᠠᠬᠤᠶ᠂ ᠡᠨᠧᠷᠭᠢ ᠵᠢᠨ ᠬᠦᠷᠢᠶ᠎ᠡ ᠴᠠᠷᠠᠭ᠎ᠠ᠎ᠳᠤ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠰᠢᠯᠢᠳᠡᠭᠵᠢᠭᠦᠯᠦᠨ ᠳᠠᠬᠢᠨ ᠪᠠᠢ᠌ᠭᠤᠯᠬᠤ ᠠᠵᠢᠯ᠎ᠢ ᠡᠬᠢᠯᠡᠭᠦᠯᠪᠡ  ᠃ ᠥᠪᠡᠷ᠎ᠢ᠎ᠪᠠᠨ ᠦᠨᠡᠯᠡᠨ ᠵᠢᠱ᠌ᠢᠬᠦ᠂ ᠰᠢᠯᠭ᠋ᠠᠷᠠᠭᠤᠯᠬᠤ᠎ᠠᠴᠠ ᠡᠮᠦᠨ᠎ᠡ ᠬᠢᠨᠠᠨ ᠪᠠᠢ᠌ᠴᠠᠭ᠋ᠠᠬᠤ᠂ ᠬᠤᠷᠠᠯ ᠵᠶ᠋ᠠᠷ ᠦᠨᠡᠯᠡᠨ ᠬᠢᠨᠠᠬᠤ ᠵᠡᠷᠭᠡ ᠭᠣᠭᠴᠣᠭ᠎ᠠ᠎ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠶ᠂ ᠡᠨᠧᠷᠭᠢ ᠵᠢᠨ ᠬᠦᠷᠢᠶᠡᠨ᠎ᠤ ᠨᠢᠭᠡᠳᠦᠭᠡᠷ ᠪᠦᠯᠦᠭ᠎ᠤᠨ 20 ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ (ᠳᠠᠭ᠋ᠠᠯᠳᠤᠭᠤᠯᠤᠯ᠎ᠳᠤ ᠦᠵᠡ)᠎ᠢ ᠰᠢᠯᠢᠨ ᠭᠠᠷᠭ᠋ᠠᠨ᠎ᠠ  ᠃
      ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ ᠪᠣᠯ ᠮᠠᠨ᠎ᠤ ᠣᠷᠣᠨ᠎ᠤ ᠰᠠᠭᠤᠷᠢ ᠰᠤᠳᠤᠯᠤᠯ᠂ ᠬᠡᠷᠡᠭᠯᠡᠭᠡᠨ᠎ᠤ ᠰᠠᠭᠤᠷᠢ ᠰᠤᠳᠤᠯᠤᠯ ᠪᠣᠯᠤᠨ ᠬᠣᠰᠢᠭᠤᠷᠠᠯ ᠮᠡᠷᠭᠡᠵᠢᠯ᠎ᠤᠨ ᠰᠤᠳᠤᠯᠤᠯ᠎ᠢ ᠥᠷᠨᠢᠭᠦᠯᠬᠦ ᠴᠢᠬᠤᠯᠠ ᠲᠠᠪᠴᠠᠩ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮᠵᠢ ᠵᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ  ᠃ ᠭᠣᠣᠯ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ᠂ ᠲᠦᠰᠢᠭ ᠨᠢᠭᠡᠴᠡ᠎ᠨᠢ ᠲᠤᠷᠰᠢᠯᠲᠠ ᠵᠢᠨ ᠲᠠᠰᠤᠭ᠎ᠤᠨ ᠪᠥᠲᠥᠭᠡᠨ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠎ᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠪᠥᠲᠥᠭᠡᠨ ᠪᠠᠢ᠌ᠭᠤᠯᠤᠯᠲᠠ ᠬᠢᠭᠡᠳ ᠠᠵᠢᠯᠯᠠᠭ᠋ᠠᠨ᠎ᠤ ᠬᠠᠮᠢᠶᠠᠷᠤᠯᠲᠠ ᠵᠢᠨ ᠠᠷᠭ᠎ᠠ》 (ᠥᠪᠥᠷ ᠰᠠᠯᠠᠭ᠎ᠠ ᠲᠠᠷᠬᠠᠭ᠋ᠠᠭᠰᠠᠨ 2022 . 34 ᠳ᠋ᠦ᠍ᠭᠡᠷ ᠲᠣᠭ᠋ᠠᠲᠤ) ᠵᠢᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠲᠤ ᠬᠢᠨᠠᠨ ᠵᠢᠯᠣᠭᠣᠳᠬᠤ ᠵᠢ ᠴᠢᠩᠭ᠋ᠠᠳᠬᠠᠨ᠎ᠠ᠂ ᠲᠤᠷᠰᠢᠯᠲᠠ ᠵᠢᠨ ᠲᠠᠰᠤᠭ᠎ᠤᠨ ᠡᠭᠦᠷᠭᠡ ᠵᠢᠨ ᠪᠠᠢ᠌ᠷᠢ ᠲᠣᠭᠲᠠᠭ᠋ᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠂ ᠲᠤᠷᠰᠢᠯᠲᠠ ᠵᠢᠨ ᠲᠠᠰᠤᠭ᠎ᠤᠨ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ ᠵᠢ ᠠᠬᠢᠭᠤᠯᠤᠨ᠎ᠠ᠂ ᠲᠤᠷᠰᠢᠯᠲᠠ ᠵᠢᠨ ᠲᠠᠰᠤᠭ᠎ᠤᠨ ᠪᠦᠲᠦᠭᠡᠨ ᠪᠠᠢ᠌ᠭᠤᠯᠤᠯᠲᠠ ᠪᠠ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠂ ᠲᠤᠷᠰᠢᠯᠲᠠ ᠵᠢᠨ ᠲᠠᠰᠤᠭ᠎ᠢ ᠦᠨᠡᠨ ᠬᠦ᠌ ᠥᠨᠳᠥᠷ ᠲᠦᠪᠰᠢᠨ᠎ᠲᠠᠢ ᠰᠠᠭᠤᠷᠢ ᠰᠤᠳᠤᠯᠭ᠋ᠠᠨ ᠪᠣᠯᠭ᠋ᠠᠶ᠎ᠠ᠂ ᠬᠡᠷᠡᠭᠯᠡᠭᠡᠨ᠎ᠤ ᠰᠠᠭᠤᠷᠢ ᠰᠤᠳᠤᠯᠤᠯ ᠪᠣᠯᠤᠨ ᠬᠣᠰᠢᠭᠤᠷᠠᠯ ᠮᠡᠷᠭᠡᠵᠢᠯ᠎ᠤᠨ ᠰᠤᠳᠤᠯᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠠᠩᠬᠠᠨ᠎ᠤ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ ᠬᠡᠷᠡᠭᠲᠡᠶ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠳᠬᠡᠨ ᠪᠡᠶᠡᠯᠡᠭᠦᠯᠵᠦ ᠨᠡᠩ ᠶᠡᠬᠡ ᠦᠢ᠍ᠯᠡᠳᠦᠯ ᠪᠠᠳᠠᠷᠠᠭᠤᠯᠬᠤ ᠬᠡᠷᠡᠭᠲᠡᠢ  ᠃ ᠡᠭᠦᠨ᠎ᠤ ᠬᠠᠮᠲᠤ᠂ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠢᠳᠡᠪᠬᠢᠲᠡᠶ ᠨᠠᠢ᠌ᠳᠠᠪᠤᠷᠢᠵᠢᠭᠤᠯᠤᠨ ᠲᠥᠬᠥᠷᠵᠢᠭᠦᠯᠵᠦ᠂ ᠠᠵᠢᠯᠲᠠᠨ᠎ᠤ ᠣᠷᠣᠨ ᠲᠣᠭ᠎ᠠ᠂ ᠵᠠᠷᠤᠳᠠᠯ᠎ᠤᠨ ᠣᠷᠣᠭᠤᠯᠤᠯᠲᠠ᠂ ᠡᠬᠢ ᠪᠠᠶᠠᠯᠢᠭ᠎ᠤᠨ ᠲᠣᠬᠢᠷᠠᠭᠤᠯᠤᠯᠲᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠠᠯᠠᠪᠤᠷ ᠵᠢᠴᠢ ᠠᠷᠤ ᠲᠠᠯ᠎ᠠ ᠵᠢᠨ ᠦᠢᠯᠡᠴᠢᠯᠡᠭᠡ ᠵᠡᠷᠭᠡ ᠲᠠᠯ᠎ᠠ᠎ᠪᠠᠷ ᠴᠢᠬᠤᠯᠠ ᠪᠥᠬᠥᠶ ᠳᠡᠮᠵᠢᠯᠭᠡ ᠦᠵᠡᠭᠦᠯᠵᠦ᠂ ᠲᠤᠷᠰᠢᠯᠲᠠ ᠵᠢᠨ ᠲᠠᠰᠤᠭ᠎ᠤᠨ ᠪᠥᠲᠥᠭᠡᠨ ᠪᠠᠢ᠌ᠭᠤᠯᠤᠯᠲᠠ ᠠᠵᠢᠯᠯᠠᠭ᠋ᠠᠨ᠎ᠤ ᠲᠤᠯᠭ᠋ᠠᠭᠤᠷᠢᠯᠠᠯ ᠪᠠᠲᠤᠯᠠᠭ᠎ᠠ ᠵᠢ ᠰᠠᠢ᠌ᠲᠤᠷ ᠬᠢᠬᠦ ᠬᠡᠷᠡᠭᠲᠡᠶ  ᠃
      ᠡᠯ᠎ᠡ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠦᠰᠢᠭ ᠨᠢᠭᠡᠴᠡ᠎ᠨᠢ ᠲᠤᠷᠰᠢᠯᠲᠠ ᠵᠢᠨ ᠲᠠᠰᠤᠭ᠎ᠤᠨ ᠪᠥᠲᠥᠭᠡᠨ ᠪᠠᠢ᠌ᠭᠤᠯᠤᠯᠲᠠ ᠵᠢᠨ ᠠᠬᠢᠴᠠ ᠵᠢ ᠨᠢᠭᠲᠠ ᠠᠩᠬᠠᠷᠴᠤ᠂ ᠲᠤᠷᠰᠢᠯᠭ᠎ᠠ᠎ᠪᠠᠨ ᠲᠠᠰᠤᠷᠠᠯᠲᠠ ᠥᠬᠡᠶ ᠳ᠋ᠦᠩᠨᠡᠨ᠂ ᠳᠠᠬᠢᠨ ᠪᠠᠢ᠌ᠭᠤᠯᠤᠭᠰᠠᠨ ᠦᠷ᠎ᠡ ᠪᠦᠲᠦᠭᠡᠯ ᠵᠶ᠋ᠡᠨ ᠪᠡᠬᠢᠵᠢᠭᠦᠯᠵᠦ᠂ ᠴᠢᠬᠤᠯᠠ ᠶᠡᠬᠡ ᠵᠦᠢᠯᠡᠰ᠎ᠢ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ  ᠃
      ᠬᠠᠷᠢᠯᠴᠠᠬᠤ ᠬᠥᠮᠦᠨ ᠵᠢᠴᠢ ᠳ᠋ᠢᠶᠠᠩᠬᠤᠸᠠ᠄ ᠰᠠᠭᠤᠷᠢ ᠰᠤᠳᠤᠯᠬᠤ ᠭᠠᠵᠠᠷ ᠵᠦ᠍ ᠶᠧ ᠳ᠋ᠠᠨ 0471 - 6328736  


                                                              ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
                                                              2023 ᠣᠨ᠎ᠤ 2 ᠳ᠋ᠤᠭ᠋ᠠᠷ ᠰᠠᠷ᠎ᠠ ᠵᠢᠨ 24᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2022 ᠣᠨ᠎ᠤ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠰᠢᠨᠵᠢᠯᠡᠬᠦ ᠤᠬᠠᠭ᠋ᠠᠨ᠎ᠤ ᠠᠵᠢᠭᠯᠠᠯᠲᠠ ᠰᠤᠳᠤᠯᠭ᠋ᠠᠨ᠎ᠤ ᠥᠷᠲᠡᠭᠡ ᠵᠢᠨ ᠪᠦᠷᠢᠳᠬᠡᠨ ᠳᠠᠩᠰᠠᠯᠠᠬᠤ ᠨᠡᠷᠡᠰ᠎ᠢ ᠨᠡᠢ᠌ᠲᠡᠯᠡᠬᠦ ᠲᠤᠬᠠᠶ ᠮᠡᠳᠡᠭᠳᠡᠯ
2024 ᠣᠨ᠎ᠤ ᠮᠡᠷᠭᠡᠵᠢᠯ᠎ᠤᠨ ᠠᠷᠠᠯᠵᠢᠶ᠎ᠠ ᠵᠢᠨ ᠳᠠᠷᠠᠭ᠋ᠠᠬᠢ ᠨᠥᠬᠥᠪᠥᠷᠢ ᠵᠢᠨ ᠲᠥᠷᠥᠯ ᠵᠦᠢᠯ᠎ᠢ ᠴᠤᠭᠯᠠᠭᠤᠯᠬᠤ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠲᠠᠪᠤᠳᠤᠭ᠋ᠠᠷ ᠪᠦᠯᠦᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ ᠨᠡᠢ᠌ᠲᠡᠯᠡᠬᠦ ᠲᠤᠬᠠᠶ ᠮᠡᠳᠡᠭᠳᠡᠯ
2023 ᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠰᠡᠳᠦᠪ ᠲᠣᠭᠲᠠᠭ᠋ᠠᠬᠤ ᠲᠥᠷᠥᠯ ᠵᠦᠢᠯ᠎ᠢ ᠵᠠᠷᠯᠠᠨ ᠨᠡᠢ᠌ᠲᠡᠯᠡᠬᠦ ᠲᠤᠬᠠᠶ ᠮᠡᠳᠡᠭᠳᠡᠯ
2024 ᠣᠨ᠎ᠳᠤ ᠪᠦᠷᠢᠳᠬᠡᠨ ᠳᠠᠩᠰᠠᠯᠠᠭᠤᠯᠬᠤ᠎ᠪᠠᠷ ᠪᠠᠢ᠌ᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠮᠡᠷᠭᠡᠵᠢᠯ᠎ᠤᠨ ᠰᠢᠯᠵᠢᠭᠦᠯᠦᠨ ᠦᠢᠯᠡᠴᠢᠯᠡᠬᠦ ᠪᠠᠢ᠌ᠭᠤᠯᠤᠮᠵᠢ ᠵᠢᠨ ᠨᠡᠷᠡᠰ᠎ᠢ ᠢᠯᠡ ᠨᠡᠢ᠌ᠲᠡᠯᠡᠬᠦ ᠲᠤᠬᠠᠶ ᠮᠡᠳᠡᠭᠳᠡᠯ
 
            
Baidu
map