ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠯᠪᠠᠨ ᠨᠡᠶ᠋ᠢᠲᠡᠯᠡᠯ
2024 ᠣᠨ᠎ᠤ ᠭᠤᠷᠪᠠᠳᠤᠭ᠋ᠠᠷ ᠪᠦᠯᠦᠭ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢᠨ ᠳᠠᠩᠰᠠᠯᠠᠭᠤᠯᠬᠤ᠎ᠪᠠᠷ ᠪᠠᠢ᠌ᠭ᠎ᠠ ᠨᠡᠷᠡᠰ᠎ᠢ ᠢᠯᠡ ᠨᠡᠢ᠌ᠲᠡᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2024-08-13


    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠮᠠᠯᠯᠠᠨ ᠶᠠᠪᠤᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》ᠵᠢᠨ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ᠂ ᠡᠳᠦᠭᠡ 2024 ᠣᠨ᠎ᠤ ᠭᠤᠷᠪᠠᠳᠠᠬᠢ ᠪᠦᠯᠦᠭ ᠪᠦᠷᠢᠳᠬᠡᠨ ᠳᠠᠩᠰᠠᠯᠠᠭᠤᠯᠬᠤ᠎ᠪᠠᠷ ᠪᠠᠢ᠌ᠭ᠎ᠠ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠵᠠᠷᠯᠠᠨ ᠨᠡᠢ᠌ᠲᠡᠯᠡᠵᠦ᠂ ᠵᠠᠷᠯᠠᠨ ᠨᠡᠢ᠌ᠲᠡᠯᠡᠬᠦ ᠴᠠᠭ᠎ᠨᠢ 8 ᠳ᠋ᠤᠭ᠋ᠠᠷ ᠰᠠᠷ᠎ᠠ ᠵᠢᠨ 12᠎ᠤᠨ ᠡᠳᠦᠷ᠎ᠠᠴᠠ 8 ᠳ᠋ᠤᠭ᠋ᠠᠷ ᠰᠠᠷ᠎ᠠ ᠵᠢᠨ 16᠎ᠤ ᠡᠳᠦᠷ ᠪᠣᠯᠲᠠᠯ᠎ᠠ᠃ ᠣᠨᠳᠣᠤ ᠰᠠᠨᠠᠯ᠎ᠲᠠᠢ ᠬᠥᠮᠦᠨ ᠪᠠᠢ᠌ᠪᠠᠯ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠪᠢᠴᠢᠭ᠎ᠤᠨ ᠮᠠᠲ᠋ᠧᠷᠢᠶᠠᠯ ᠵᠶ᠋ᠠᠨ ᠲᠤᠰᠢᠶᠠᠭ᠋ᠠᠷᠠᠶ᠂ ᠬᠤᠭᠤᠴᠠᠭ᠎ᠠ ᠬᠡᠲᠦᠷᠡᠪᠡᠯ ᠭᠥᠯᠢᠶᠡᠨ ᠠᠪᠴᠤ ᠰᠢᠢᠳᠪᠦᠷᠢᠯᠡᠬᠦ ᠥᠬᠡᠶ᠃ ᠬᠤᠪᠢ ᠬᠥᠮᠦᠨ᠎ᠤ ᠲᠤᠰᠢᠶᠠᠭᠰᠠᠨ ᠮᠠᠲ᠋ᠧᠷᠢᠶᠠᠯ᠎ᠳᠤ ᠦᠨᠡᠨ ᠪᠣᠳᠠᠲᠠᠶ ᠣᠪᠣᠭ ᠨᠡᠷ᠎ᠡ ᠪᠠ ᠬᠠᠷᠢᠯᠴᠠᠬᠤ ᠠᠷᠭ᠎ᠠ ᠮᠠᠶᠢᠭ ᠵᠶ᠋ᠠᠨ ᠲᠣᠳᠣᠷᠬᠠᠶ ᠪᠢᠴᠢᠬᠦ ᠬᠡᠷᠡᠭᠲᠡᠶ᠂ ᠨᠢᠭᠡᠴᠢ ᠵᠢᠨ ᠲᠤᠰᠢᠶᠠᠭᠰᠠᠨ ᠮᠠᠲ᠋ᠧᠷᠢᠶᠠᠯ᠎ᠳᠤ ᠨᠢᠭᠡᠴᠢ ᠵᠢᠨ ᠵᠶ᠋ᠡᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠶ᠂ ᠨᠡᠷ᠎ᠡ ᠪᠤᠷᠤᠭᠤᠯᠠᠭᠰᠠᠨ ᠮᠠᠲ᠋ᠧᠷᠢᠶᠠᠯ᠎ᠢ ᠭᠥᠯᠢᠶᠡᠨ ᠠᠪᠴᠤ ᠰᠢᠢᠳᠪᠦᠷᠢᠯᠡᠬᠦ ᠥᠬᠡᠶ᠃
      ᠬᠠᠷᠢᠯᠴᠠᠬᠤ ᠤᠲᠠᠰᠤ᠄ 0471 - 6328593
      ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠹᠸᠩ ᠵᠧᠦ ᠡᠮᠦᠨ᠎ᠡ ᠵᠠᠮ᠎ᠤᠨ 78 ᠳ᠋ᠤᠭ᠋ᠠᠷ ᠨᠣᠮᠧᠷ᠎ᠲᠠᠬᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 407
      ᠰᠢᠦᠳᠠᠨ ᠳ᠋ᠤᠭ᠋ᠠᠷ᠄ 010010
      ᠳᠠᠭ᠋ᠠᠯᠳᠤᠭᠤᠯᠤᠯ᠄ 2024 ᠣᠨ᠎ᠤ ᠭᠤᠷᠪᠠᠳᠤᠭ᠋ᠠᠷ ᠪᠦᠯᠦᠭ ᠳᠠᠩᠰᠠᠯᠠᠭᠤᠯᠬᠤ᠎ᠪᠠᠷ ᠪᠠᠢ᠌ᠭ᠎ᠠ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢᠨ ᠨᠡᠷᠡᠰ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
     2024 ᠣᠨ᠎ᠤ 8 ᠳ᠋ᠤᠭ᠋ᠠᠷ ᠰᠠᠷ᠎ᠠ ᠵᠢᠨ 12᠎ᠤᠨ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠠᠵᠢᠯ᠎ᠢ ᠢᠯᠡ᠎ᠪᠠᠷ ᠰᠢᠯᠢᠨ ᠥᠷᠨᠢᠭᠦᠯᠬᠦ ᠬᠠᠮᠢᠶ᠎ᠠ ᠪᠥᠬᠥᠶ ᠪᠠᠢ᠌ᠭᠤᠯᠤᠮᠵᠢ ᠵᠢᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
2024 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠨᠡᠷ᠎ᠡ ᠳᠤᠷᠠᠳᠬᠤ ᠠᠵᠢᠯ (ᠪᠠᠷᠠᠭᠤᠨ ᠣᠷᠣᠨ)᠎ᠤᠨ ᠪᠣᠯᠪᠠᠰᠤᠷᠠᠯ᠎ᠤᠨ ᠬᠤᠷᠠᠯ᠎ᠢ ᠡᠷᠭᠢᠯᠡᠬᠦ ᠲᠤᠬᠠᠶ ᠨᠥᠬᠥᠪᠥᠷᠢ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠭᠣᠤᠯ ᠠᠰᠠᠷ᠎ᠤᠨ ᠣᠷᠣᠶ ᠵᠢᠨ ᠤᠰᠤ ᠰᠡᠷᠭᠡᠢ᠌ᠯᠡᠬᠦ ᠳᠠᠪᠬᠤᠷᠭ᠎ᠠ ᠵᠢᠨ ᠰᠡᠯᠪᠢᠨ ᠵᠠᠰᠠᠬᠤ ᠲᠥᠷᠥᠯ ᠵᠦᠢᠯ᠎ᠤᠨ ᠬᠡᠯᠡᠯᠴᠡᠨ ᠲᠣᠬᠢᠷᠠᠭᠰᠠᠨ ᠦᠷ᠎ᠡ ᠳ᠋ᠦᠩ᠎ᠢ ᠵᠠᠷᠯᠠᠬᠤ᠎ᠨᠢ
2024 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠨᠡᠷ᠎ᠡ ᠳᠤᠷᠠᠳᠬᠤ ᠠᠵᠢᠯ (ᠵᠡᠭᠦᠨ ᠣᠷᠣᠨ)᠎ᠤᠨ ᠪᠣᠯᠪᠠᠰᠤᠷᠠᠯ᠎ᠤᠨ ᠬᠤᠷᠠᠯ᠎ᠢ ᠡᠷᠭᠢᠯᠡᠬᠦ ᠲᠤᠬᠠᠶ ᠨᠥᠬᠥᠪᠥᠷᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠳᠥᠷᠪᠡᠳᠦᠭᠡᠷ ᠪᠦᠯᠦᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ ᠨᠡᠢ᠌ᠲᠡᠯᠡᠬᠦ ᠲᠤᠬᠠᠶ ᠮᠡᠳᠡᠭᠳᠡᠯ
 
            
Baidu
map