ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠯᠪᠠᠨ ᠨᠡᠶ᠋ᠢᠲᠡᠯᠡᠯ
2024 ᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠢ ᠨᠡᠢ᠌ᠲᠡᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2024-08-09


    ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠡᠯ᠎ᠡ ᠬᠣᠯᠪᠣᠭᠳᠠᠯ ᠪᠦᠬᠦᠢ   ᠨᠢᠭᠡᠴᠢ᠄
    ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠬᠦᠯᠦᠬᠦᠷ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ᠂ ᠨᠡᠪᠴᠢᠬᠦᠯᠦᠬᠦᠷ᠎ᠤᠨ ᠦᠢᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠦᠨ᠂ ᠨᠡᠪᠴᠢᠬᠦᠯᠦᠬᠦᠷ᠎ᠤᠨ ᠦᠢᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠬᠦᠯᠦᠬᠦᠷ ᠪᠠ ᠲᠦᠷᠭᠡᠳᠬᠡᠭᠦᠷ᠎ᠤᠨ ᠬᠠᠮᠢᠶᠠᠷᠤᠯᠲᠠ ᠵᠢᠨ ᠠᠷᠭ᠎ᠠ》 (ᠥᠪᠥᠷ ᠰᠠᠯᠠᠭ᠎ᠠ ᠥᠰᠥᠭ  [2022] 21 ᠳ᠋ᠦ᠍ᠭᠡᠷ ᠲᠣᠭ᠋ᠠᠲᠤ) ᠪᠠ 《2024 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠬᠦᠯᠦᠬᠦᠷ᠎ᠤᠨ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》 (ᠥᠪᠥᠷ ᠰᠠᠯᠠᠭ᠎ᠠ ᠥᠰᠥᠭ  [2024] 25 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2014 ᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠬᠦᠯᠦᠬᠦᠷ᠎ᠤᠨ ᠠᠵᠢᠯ᠎ᠤᠨ ᠠᠮᠵᠢᠯᠲᠠ ᠵᠢ ᠦᠨᠡᠯᠡᠬᠦ ᠠᠵᠢᠯ᠎ᠢ ᠦᠷᠨᠢᠭᠦᠯᠪᠡ᠃ ᠦᠨᠡᠯᠡᠯᠲᠡ ᠵᠢᠨ ᠦᠷ᠎ᠡ ᠳ᠋ᠦᠩ᠎ᠢ ᠵᠠᠷᠯᠠᠨ ᠨᠡᠢ᠌ᠲᠡᠯᠡᠭᠡᠳ ᠣᠨᠳᠣᠤ ᠰᠠᠨᠠᠯ ᠥᠬᠡᠶ᠂ 4 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠦᠨᠡᠯᠡᠯᠲᠡ ᠵᠢᠨ ᠦᠷ᠎ᠡ ᠳ᠋ᠦᠩ᠎ᠨᠢ ᠰᠢᠯᠢᠳᠡᠭ  ᠂ 19 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠦᠨᠡᠯᠡᠯᠲᠡ ᠵᠢᠨ ᠦᠷ᠎ᠡ ᠳ᠋ᠦᠩ᠎ᠨᠢ ᠬᠢᠷᠢ ᠲᠡᠩᠴᠡᠵᠦ᠂ 2 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠦᠨᠡᠯᠡᠯᠲᠡ ᠵᠢᠨ ᠦᠷ᠎ᠡ ᠳ᠋ᠦᠩ᠎ᠨᠢ ᠬᠢᠷᠢ ᠲᠡᠩᠴᠡᠭᠦ ᠥᠬᠡᠶ᠂ 2 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠬᠢᠷᠢ ᠬᠡᠮ ᠵᠶ᠋ᠡᠨ ᠬᠠᠰᠠᠭᠤᠯᠪᠠ᠃ ᠣᠳᠣ ᠦᠨᠡᠯᠡᠭᠰᠡᠨ ᠦᠷ᠎ᠡ ᠳ᠋ᠦᠩ᠎ᠢ ᠨᠡᠢ᠌ᠲᠡᠯᠡᠶ᠎ᠡ (ᠳᠠᠭ᠋ᠠᠯᠳᠤᠭᠤᠯᠤᠯ᠎ᠳᠤ ᠦᠵᠡ)  ᠃
    ᠰᠢᠯᠢᠳᠡᠭ ᠵᠶ᠋ᠠᠷ ᠦᠨᠡᠯᠡᠭᠳᠡᠭᠰᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠨᠢ ᠦᠷᠭᠦᠯᠵᠢᠯᠡᠨ ᠴᠢᠷᠮᠠᠢ᠌ᠵᠤ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠰᠡᠭᠦᠯᠴᠢ ᠵᠢᠨ ᠨᠥᠬᠥᠪᠥᠷᠢ ᠪᠠᠯᠠ ᠮᠥᠩᠭᠥ ᠵᠢ ᠭᠥᠯᠢᠶᠡᠨ ᠠᠪᠬᠤ᠎ᠳᠠᠭᠠᠨ ᠪᠥᠬᠥ ᠣᠷᠣᠨ᠎ᠤ ᠴᠢᠨᠠᠷᠲᠠᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠣᠯᠠᠨ ᠨᠡᠢ᠌ᠲᠡ ᠵᠢᠨ ᠦᠢᠯᠡᠴᠢᠯᠡᠭᠡᠨ᠎ᠤ ᠵᠣᠬᠢᠬᠤ ᠡᠭᠦᠷᠭᠡ ᠴᠢᠳᠠᠪᠤᠷᠢ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠭᠡᠷᠡᠶ; ᠦᠨᠡᠯᠡᠯᠲᠡ᠎ᠳᠤ ᠬᠢᠷᠢ ᠲᠡᠩᠴᠡᠭᠰᠡᠨ ᠦᠭᠡᠢ 2 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠨᠢ ᠡᠷᠬᠡᠪᠰᠢ ᠴᠡᠭᠴᠡᠯᠡᠨ ᠰᠠᠢ᠌ᠵᠢᠷᠠᠭᠤᠯᠬᠤ᠎ᠪᠠᠨ ᠴᠢᠩᠭ᠋ᠠᠳᠬᠠᠵᠤ᠂ 2025 ᠣᠨ᠎ᠳᠤ ᠦᠷᠭᠦᠯᠵᠢᠯᠡᠨ ᠠᠮᠵᠢᠯᠲᠠ ᠪᠦᠲᠦᠮᠵᠢ ᠵᠢᠨ ᠦᠨᠡᠯᠡᠯᠲᠡ᠎ᠳᠤ ᠣᠷᠣᠯᠴᠠᠬᠤ ᠬᠡᠷᠡᠭᠲᠡᠢ  ᠃ ᠡᠯ᠎ᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠲᠤᠷᠰᠢᠯᠭ᠎ᠠ᠎ᠪᠠᠨ ᠨᠠᠷᠢᠨ ᠬᠢᠨᠠᠮᠠᠭ᠋ᠠᠢ ᠳ᠋ᠦᠩᠨᠡᠵᠦ᠂ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠵᠤ᠂ ᠦᠢ᠍ᠯᠡᠴᠢᠯᠡᠭᠡᠨ᠎ᠤ ᠴᠢᠳᠠᠪᠤᠷᠢ᠎ᠪᠠᠨ ᠳᠡᠭᠡᠭᠰᠢᠯᠡᠭᠦᠯᠵᠦ᠂ ᠰᠢᠨ᠎ᠡ ᠵᠢ ᠡᠭᠦᠳᠬᠦ ᠦᠢ᠍ᠯᠡᠰ ᠪᠤᠰᠬᠠᠬᠤ ᠠᠮᠢ ᠠᠬᠤᠢ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠤᠨ ᠪᠠᠢ᠌ᠭᠤᠯᠤᠯᠲᠠ᠎ᠳᠤ ᠪᠦᠲᠦᠮᠵᠢᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃
    ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠡᠷᠭᠡ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠤᠳ ᠵᠢᠷᠤᠮᠵᠢᠭᠰᠠᠨ ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠬᠦᠯᠦᠬᠦᠷ᠎ᠢ ᠬᠢᠨᠠᠨ ᠬᠠᠮᠢᠶᠠᠷᠬᠤ᠂ ᠵᠢᠯᠣᠭᠣᠳᠬᠤ ᠪᠠ ᠳᠡᠮᠵᠢᠬᠦ᠎ᠪᠠᠨ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠶ; 2 ᠬᠢᠷᠢ ᠬᠡᠮ ᠵᠶ᠋ᠡᠨ ᠬᠦᠴᠦᠨ ᠥᠬᠡᠶ ᠪᠣᠯᠭ᠋ᠠᠭᠰᠠᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠬᠦᠴᠦᠨ ᠥᠬᠡᠶ ᠪᠣᠯᠭ᠋ᠠᠬᠤ ᠭᠠᠷᠳᠠᠮ᠎ᠢ ᠴᠠᠭ ᠲᠤᠬᠠᠶ ᠎ᠳᠤ᠎ᠨᠢ ᠭᠦᠢᠴᠡᠳᠬᠡᠵᠦ᠂ ᠬᠣᠢ᠌ᠰᠢᠳᠠ ᠳᠠᠭᠢᠵᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠬᠠᠮᠢᠶᠠᠷᠤᠯᠲᠠ ᠵᠢᠨ ᠰᠢᠰᠲ᠋ᠧᠮᠵᠢ᠂ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠰᠢᠰᠲ᠋ᠧᠮᠵᠢ ᠪᠠ ᠪᠦᠷᠢᠳᠬᠡᠭᠳᠡᠨ ᠪᠠᠢ᠌ᠴᠠᠭ᠋ᠠᠭᠳᠠᠬᠤ ᠡᠲᠡᠭᠡᠳ᠎ᠲᠤ ᠣᠷᠣᠭᠤᠯᠬᠤ ᠥᠬᠡᠶ᠃
    ᠳᠠᠭ᠋ᠠᠯᠳᠤᠭᠤᠯᠤᠯ᠄ 2024 ᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠠᠮᠵᠢᠯᠲᠠ ᠪᠦᠲᠦᠮᠵᠢ ᠵᠢ ᠦᠨᠡᠯᠡᠭᠰᠡᠨ ᠦᠷ᠎ᠡ ᠳ᠋ᠦᠩ᠎ᠤᠨ ᠬᠤᠷᠢᠶᠠᠩᠭᠤᠶ ᠬᠦᠰᠦᠨᠦᠭᠲᠦ


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
     2024 ᠣᠨ᠎ᠤ 8 ᠰᠠᠷ᠎ᠠ ᠵᠢᠨ 2᠎ᠤᠨ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2024 ᠣᠨ᠎ᠤ ᠭᠤᠷᠪᠠᠳᠤᠭ᠋ᠠᠷ ᠪᠦᠯᠦᠭ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢᠨ ᠳᠠᠩᠰᠠᠯᠠᠭᠤᠯᠬᠤ᠎ᠪᠠᠷ ᠪᠠᠢ᠌ᠭ᠎ᠠ ᠨᠡᠷᠡᠰ᠎ᠢ ᠢᠯᠡ ᠨᠡᠢ᠌ᠲᠡᠯᠡᠬᠦ ᠲᠤᠬᠠᠶ ᠮᠡᠳᠡᠭᠳᠡᠯ
ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠠᠵᠢᠯ᠎ᠢ ᠢᠯᠡ᠎ᠪᠠᠷ ᠰᠢᠯᠢᠨ ᠥᠷᠨᠢᠭᠦᠯᠬᠦ ᠬᠠᠮᠢᠶ᠎ᠠ ᠪᠥᠬᠥᠶ ᠪᠠᠢ᠌ᠭᠤᠯᠤᠮᠵᠢ ᠵᠢᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
2024 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠨᠡᠷ᠎ᠡ ᠳᠤᠷᠠᠳᠬᠤ ᠠᠵᠢᠯ (ᠪᠠᠷᠠᠭᠤᠨ ᠣᠷᠣᠨ)᠎ᠤᠨ ᠪᠣᠯᠪᠠᠰᠤᠷᠠᠯ᠎ᠤᠨ ᠬᠤᠷᠠᠯ᠎ᠢ ᠡᠷᠭᠢᠯᠡᠬᠦ ᠲᠤᠬᠠᠶ ᠨᠥᠬᠥᠪᠥᠷᠢ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠭᠣᠤᠯ ᠠᠰᠠᠷ᠎ᠤᠨ ᠣᠷᠣᠶ ᠵᠢᠨ ᠤᠰᠤ ᠰᠡᠷᠭᠡᠢ᠌ᠯᠡᠬᠦ ᠳᠠᠪᠬᠤᠷᠭ᠎ᠠ ᠵᠢᠨ ᠰᠡᠯᠪᠢᠨ ᠵᠠᠰᠠᠬᠤ ᠲᠥᠷᠥᠯ ᠵᠦᠢᠯ᠎ᠤᠨ ᠬᠡᠯᠡᠯᠴᠡᠨ ᠲᠣᠬᠢᠷᠠᠭᠰᠠᠨ ᠦᠷ᠎ᠡ ᠳ᠋ᠦᠩ᠎ᠢ ᠵᠠᠷᠯᠠᠬᠤ᠎ᠨᠢ
2024 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠨᠡᠷ᠎ᠡ ᠳᠤᠷᠠᠳᠬᠤ ᠠᠵᠢᠯ (ᠵᠡᠭᠦᠨ ᠣᠷᠣᠨ)᠎ᠤᠨ ᠪᠣᠯᠪᠠᠰᠤᠷᠠᠯ᠎ᠤᠨ ᠬᠤᠷᠠᠯ᠎ᠢ ᠡᠷᠭᠢᠯᠡᠬᠦ ᠲᠤᠬᠠᠶ ᠨᠥᠬᠥᠪᠥᠷᠢ ᠮᠡᠳᠡᠭᠳᠡᠯ
 
            
Baidu
map