ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠨᠡᠭᠦᠷᠡᠰᠦᠨ ᠳᠠᠪᠬᠤᠷᠭ᠎ᠠ ᠵᠢᠨ ᠬᠡᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠴᠢᠬᠤᠯᠠ ᠶᠡᠬᠡ ᠰᠢᠨ᠎ᠡ ᠵᠢ ᠡᠭᠦᠳᠬᠦ ᠬᠡᠷᠡᠭᠴᠡᠭᠡ ᠵᠢ ᠴᠤᠭᠯᠠᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2025-04-26

  
    ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠨᠢᠭᠡᠴᠡ᠂ ᠡᠯ᠎ᠡ ᠬᠣᠯᠪᠣᠭᠳᠠᠯ ᠪᠦᠬᠦᠢ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠠᠵᠤ ᠠᠬᠤᠢ᠌ᠯᠠᠯ᠂ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠎ᠳᠤ᠄
   ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠨᠡᠭᠦᠷᠡᠰᠦᠨ ᠳᠠᠪᠬᠤᠷᠭ᠎ᠠ ᠵᠢᠨ ᠬᠡᠶ ᠵᠢᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢᠴᠡᠳ ᠪᠠᠳᠠᠷᠠᠭᠤᠯᠤᠨ᠂ ᠮᠠᠨ᠎ᠤ ᠣᠷᠣᠨ᠎ᠤ ᠨᠡᠭᠦᠷᠡᠰᠦᠨ ᠳᠠᠪᠬᠤᠷᠭ᠎ᠠ ᠵᠢᠨ ᠬᠡᠶ ᠵᠢ ᠨᠡᠭᠡᠭᠡᠨ ᠠᠰᠢᠭᠯᠠᠬᠤ᠎ᠳᠤ ᠬᠦᠴᠦᠲᠡᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠵᠤ᠂ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠬᠦ ᠵᠢᠨ ᠲᠤᠰᠠᠳᠠ᠂ ᠡᠳᠦᠭᠡ ᠪᠥᠬᠥ ᠣᠷᠣᠨ᠎ᠠᠴᠠ ᠨᠡᠭᠦᠷᠡᠰᠦᠨ ᠳᠠᠪᠬᠤᠷᠭ᠎ᠠ ᠵᠢᠨ ᠬᠡᠶ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠴᠢᠬᠤᠯᠠ ᠶᠡᠬᠡ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ ᠵᠢ ᠡᠯᠰᠡᠨ ᠴᠤᠭᠯᠠᠭᠤᠯᠤᠨ᠎ᠠ᠃ ᠬᠣᠯᠪᠣᠭᠳᠠᠯ ᠪᠦᠬᠦᠢ ᠱᠠᠭ᠋ᠠᠷᠳᠠᠯᠭ᠎ᠠ᠎ᠨᠢ ᠳᠣᠣᠷᠠᠬᠢ ᠮᠡᠲᠦ᠄
     ᠨᠢᠭᠡ᠂ ᠴᠢᠬᠤᠯᠠ ᠶᠡᠬᠡ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ ᠵᠢ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ ᠳᠠᠪᠬᠤᠷᠭ᠎ᠠ ᠵᠢᠨ ᠬᠡᠶ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠣᠳᠠᠲᠠᠶ᠎ᠲᠠᠢ ᠨᠢᠭᠲᠠ ᠤᠶᠠᠯᠳᠤᠭᠤᠯᠵᠤ᠂ ᠴᠢᠬᠤᠯᠠ ᠶᠡᠬᠡ ᠮᠡᠷᠭᠡᠵᠢᠯ᠎ᠤᠨ ᠰᠢᠪᠲᠤᠯᠤᠯᠲᠠ᠎ᠲᠠᠢ ᠪᠣᠯᠬᠤ ᠪᠠ ᠠᠵᠤ ᠦᠢ᠌ᠯᠡᠰᠵᠢᠯᠲᠡ ᠵᠢ ᠪᠡᠶᠡᠯᠡᠭᠦᠯᠬᠦ᠎ᠪᠠᠷ ᠬᠠᠷᠠᠯᠲᠠ ᠪᠣᠯᠭ᠋ᠠᠨ᠎ᠠ᠃
   ᠬᠣᠶᠠᠷ᠂ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ ᠵᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠶᠡᠬᠡ ᠳᠡᠭᠡᠳᠦ ᠰᠤᠷᠭ᠋ᠠᠭᠤᠯᠢ᠂ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠵᠡᠷᠭᠡ ᠰᠢᠰᠲ᠋ᠧᠮᠵᠢᠭᠦᠯᠦᠨ ᠬᠠᠮᠢᠶᠠᠷᠬᠤ ᠨᠢᠭᠡᠴᠡ᠎ᠪᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ 2025 ᠣᠨ᠎ᠤ 5 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ ᠬᠣᠢ᠌ᠨᠠᠬᠢ 5 ᠴᠠᠭ᠎ᠠᠴᠠ ᠡᠮᠦᠨ᠎ᠡ᠂ ᠰᠢᠰᠲ᠋ᠧᠮᠵᠢᠭᠦᠯᠦᠨ ᠬᠠᠮᠢᠶᠠᠷᠬᠤ ᠨᠢᠭᠡᠴᠡ᠎ᠠᠴᠠ ᠵᠢᠩᠬᠢᠨᠢ ᠪᠢᠴᠢᠭ ᠮᠠᠲ᠋ᠧᠷᠢᠶᠠᠯ (ᠠᠯᠪᠠᠨ ᠲᠠᠮᠠᠭ᠎ᠠ ᠳᠠᠷᠤᠭᠰᠠᠨ ᠬᠡᠷᠡᠭᠴᠡᠭᠡ ᠱᠠᠭ᠋ᠠᠷᠳᠠᠯᠭ᠎ᠠ ᠵᠢᠨ ᠬᠤᠷᠢᠶᠠᠩᠭᠤᠶ ᠬᠦᠰᠦᠨᠦᠭᠲᠦ ᠵᠢᠴᠢ ᠬᠡᠷᠡᠭᠴᠡᠭᠡ ᠱᠠᠭ᠋ᠠᠷᠳᠠᠯᠭ᠎ᠠ ᠵᠢᠨ word ᠬᠡᠪᠯᠡᠯ ᠪᠠᠭᠲᠠᠨ᠎ᠠ) ᠵᠶ᠋ᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠳᠡᠭᠡᠳᠦ ᠰᠢᠨ᠎ᠡ ᠮᠡᠷᠭᠡᠵᠢᠯ᠎ᠤᠨ ᠭᠠᠵᠠᠷ᠎ᠲᠤ ᠮᠡᠳᠡᠭᠦᠯᠦᠨ᠎ᠡ᠃ ᠬᠤᠭᠤᠴᠠᠭ᠎ᠠ ᠬᠡᠲᠦᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃
    ᠭᠤᠷᠪᠠ᠂ ᠬᠠᠷᠢᠯᠴᠠᠬᠤ ᠬᠡᠯᠪᠡᠷᠢ
    ᠬᠠᠷᠢᠯᠴᠠᠬᠤ ᠤᠲᠠᠰᠤ᠄ 0471 - 6328607
    ᠢᠮᠧᠯ᠄ nmgkjtgxjsc @ 163 . com
    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ 
     2025 ᠣᠨ᠎ᠤ 4 ᠰᠠᠷ᠎ᠠ ᠵᠢᠨ 24᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2014 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠮᠠᠭ᠋ᠠᠳᠯᠠᠨ ᠲᠣᠭᠲᠠᠭ᠋ᠠᠬᠤ᠎ᠪᠠᠷ ᠪᠠᠢ᠌ᠭ᠎ᠠ ᠨᠡᠷᠡᠰ᠎ᠢ ᠢᠯᠡ ᠨᠡᠢ᠌ᠲᠡᠯᠡᠬᠦ ᠲᠤᠬᠠᠶ ᠮᠡᠳᠡᠭᠳᠡᠯ
2025 ᠣᠨ᠎ᠤ《ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠤᠰᠬᠠᠶ ᠲᠠᠪᠴᠠᠩ》᠎ᠳᠤ ᠫᠠᠢ᠌ᠰᠠ ᠡᠯᠭᠦᠭᠰᠡᠨ ᠠᠵᠤ ᠠᠬᠤᠢ᠌ᠯᠠᠯ᠎ᠢ ᠱᠠᠩᠨᠠᠵᠤ ᠨᠥᠬᠥᠪᠥᠷᠢᠯᠡᠬᠦ ᠨᠡᠷᠡᠰ᠎ᠢ ᠢᠯᠡ ᠨᠡᠢ᠌ᠲᠡᠯᠡᠬᠦ ᠲᠤᠬᠠᠶ ᠮᠡᠳᠡᠭᠳᠡᠯ
ᠨᠠᠢ᠌ᠮᠠᠲᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠠᠴᠠ ᠰᠢᠨ᠎ᠡ ᠵᠢ ᠡᠭᠦᠳᠬᠦ ᠤᠷᠤᠯᠳᠤᠭ᠋ᠠᠨ (ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ)᠎ᠤ ᠰᠢᠶᠳᠪᠦᠷᠢᠲᠦ ᠤᠷᠤᠯᠳᠤᠭ᠋ᠠᠨ᠎ᠤ ᠬᠢᠷᠢ ᠪᠦᠲᠦᠮᠵᠢ ᠵᠢᠨ ᠨᠡᠷᠡᠰ᠎ᠢ ᠨᠡᠶ᠋ᠢᠲᠡᠯᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2019᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠶ ᠵᠦᠢ᠍ᠯ᠎ᠤᠨ ᠦᠨᠳᠦᠰᠦᠲᠡᠨ᠎ᠤ ᠡᠮ ᠡᠮᠨᠡᠯᠭᠡ᠂ ᠬᠥᠮᠦᠨ ᠮᠠᠯ᠎ᠢ ᠬᠠᠮᠲᠤ᠎ᠪᠠᠷ ᠡᠪᠡᠳᠴᠢᠯᠡᠬᠦ ᠬᠦᠷᠢᠶᠡᠨ᠎ᠳᠠᠬᠢ ᠲᠥᠷᠥᠯ ᠵᠦᠢ᠍ᠯ᠎ᠤᠨ ᠬᠠᠷᠢᠭᠤ ᠮᠠᠷᠭᠤᠵᠤ ᠦᠨᠡᠯᠡᠨ ᠬᠢᠨᠠᠬᠤ ᠬᠤᠷᠠᠯ᠎ᠤᠨ ᠲᠤᠰᠬᠠᠶ ᠮᠡᠷᠭᠡᠵᠢᠯᠲᠡᠨ᠎ᠤ ᠨᠡᠷᠡᠰ᠎ᠢ ᠵᠠᠷᠯᠠᠨ ᠨᠡᠶ᠋ᠢᠲᠡᠯᠡᠪᠡ
ᠳᠤᠮᠳᠠᠳᠤ ᠤᠯᠤᠰ᠎ᠠᠴᠠ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠯᠪᠠᠨ ᠲᠢᠩᠬᠢᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠠᠯᠪᠠᠨ ᠲᠢᠩᠬᠢᠮ᠎ᠤᠨ 《ᠪᠦᠬᠦ ᠤᠯᠤᠰ᠎ᠠᠴᠠ ᠰᠢᠨᠵᠢᠯᠡᠬᠦ ᠤᠬᠠᠭ᠋ᠠᠨ᠎ᠤ ᠲᠤᠷᠰᠢᠯᠲᠠ ᠦᠵᠡᠭᠦᠯᠦᠯᠭᠡ ᠵᠢᠨ ᠲᠣᠭᠯᠠᠯᠲᠠ ᠵᠢᠨ ᠬᠠᠷᠢᠭᠤ ᠲᠣᠭᠯᠠᠯᠲᠠ ᠵᠢᠨ ᠠᠵᠢᠯᠯᠠᠭ᠎ᠠ ᠡᠷᠬᠢᠯᠡᠬᠦ ᠲᠤᠬᠠᠶ ᠮᠡᠳᠡᠭᠳᠡᠯ》᠎ᠢ ᠤᠯᠠᠮᠵᠢᠯᠠᠨ ᠶᠠᠪᠤᠭᠤᠯᠬᠤ ᠮᠡᠳᠡᠭᠳᠡᠯ
 
            
Baidu
map