ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ 《〈ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ〉 ᠠᠵᠢᠯᠯᠠᠭ᠎ᠠ ᠵᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ〉᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠨᠠᠮ ᠲᠠᠷᠬᠠᠭ᠋ᠠᠭᠰᠠᠨ 202017 ᠳ᠋ᠤᠭ᠋ᠠᠷ ᠲᠣᠭ᠋ᠠᠲᠤ) ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ ᠵᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ 202237 ᠳ᠋ᠤᠭ᠋ᠠᠷ ᠲᠣᠭ᠋ᠠᠲᠤ)᠎ᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠦᠢ᠍ᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢ ᠵᠢᠷᠤᠮᠵᠢᠭᠤᠯᠤᠨ ᠴᠢᠩᠭ᠋ᠠᠳᠬᠠᠨ᠎ᠠ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ》 ᠵᠢᠴᠢ ᠬᠡᠷᠡᠭᠵᠢᠭᠦᠯᠬᠦ ᠲᠦᠷᠢᠮ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠬᠠᠮᠢᠶ᠎ᠠ ᠪᠥᠬᠥᠶ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ ᠃
ᠬᠣᠶᠠᠳᠤᠭ᠋ᠠᠷ ᠵᠦᠢᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠪᠠᠯᠠ ᠮᠥᠩᠭᠥ (ᠳᠣᠷᠣᠭᠰᠢ ᠲᠤᠰᠬᠠᠶ ᠪᠠᠯᠠ ᠮᠥᠩᠭᠥ ᠭᠡᠵᠦ ᠲᠣᠪᠴᠢᠯᠠᠨ᠎ᠠ) ᠵᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠤᠨ ᠬᠡᠷᠡᠭᠵᠢᠭᠦᠯᠦᠯᠲᠡ ᠵᠢ ᠳᠡᠮᠵᠢᠵᠦ᠂ ᠭᠣᠤᠯᠳᠠᠭᠤ ᠠᠵᠤ ᠠᠬᠤᠶ ᠨᠡᠢ᠌ᠭᠡᠮ᠎ᠤᠨ ᠬᠥᠭᠵᠢᠯᠲᠡ᠎ᠳᠤ ᠬᠣᠯᠪᠣᠭᠳᠠᠬᠤ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠰᠠᠭᠤᠳᠠᠯ᠎ᠢ ᠰᠢᠢᠳᠪᠦᠷᠢᠯᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠵᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠬᠥᠲᠥᠯᠦᠨ ᠵᠢᠯᠣᠭᠣᠳᠴᠤ᠂ ᠰᠠᠭᠤᠷᠢ ᠬᠣᠰᠢᠭᠤᠷᠠᠯ ᠰᠢᠨᠵᠢᠯᠡᠭᠡᠨ᠎ᠢ ᠳᠡᠮᠵᠢᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠪᠣᠢ᠌ᠵᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠰᠣᠯᠢᠯᠴᠠᠭ᠎ᠠ ᠵᠢ ᠠᠬᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠣᠷᠴᠢᠨ ᠲᠣᠭᠣᠷᠢᠨ᠎ᠤ ᠨᠥᠬᠥᠴᠡᠯ᠎ᠢ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡᠨ᠎ᠤ ᠰᠢᠰᠲ᠋ᠧᠮᠵᠢ ᠵᠢ ᠪᠠᠢ᠌ᠭᠤᠯᠤᠨ ᠲᠡᠭᠦᠯᠳᠡᠷᠵᠢᠭᠦᠯᠵᠦ᠂ ᠠᠵᠤ ᠠᠬᠤᠶ ᠨᠡᠢ᠌ᠭᠡᠮ᠎ᠤᠨ ᠬᠥᠭᠵᠢᠯᠲᠡ ᠵᠢ ᠲᠤᠯᠭ᠋ᠠᠭᠤᠷᠢᠯᠠᠨ ᠬᠥᠲᠥᠯᠦᠨ ᠳᠠᠭ᠋ᠠᠭᠤᠯᠤᠨ᠎ᠠ ᠃ ᠭᠣᠤᠯ ᠬᠠᠷᠠᠯᠲᠠ᠎ᠨᠢ ᠪᠥᠬᠥ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠵᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠠᠬᠢᠭᠤᠯᠤᠨ᠎ᠠ ᠃
ᠭᠤᠷᠪᠠᠳᠤᠭ᠋ᠠᠷ ᠵᠦᠢ᠍ᠯ ᠲᠤᠰᠬᠠᠢ ᠪᠡᠯᠡ ᠮᠥᠩᠭᠥ᠎ᠳᠤ ᠭᠣᠣᠯᠳᠠᠭᠤ᠄ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ᠂ ᠬᠡᠷᠡᠭᠯᠡᠭᠡᠨ᠎ᠤ ᠮᠡᠷᠭᠡᠵᠢᠯ᠎ᠤᠨ ᠰᠤᠳᠤᠯᠭ᠋ᠠᠨ ᠪᠠ ᠨᠡᠭᠡᠭᠡᠨ ᠬᠥᠭᠵᠢᠭᠦᠯᠦᠯᠲᠡ ᠵᠢᠨ ᠪᠡᠯᠡ ᠮᠥᠩᠭᠥ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠢ ᠪᠡᠯᠡ ᠮᠥᠩᠭᠥ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠲᠤᠰᠬᠠᠢ ᠪᠡᠯᠡ ᠮᠥᠩᠭᠥ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠦᠲᠦᠯᠦᠨ ᠵᠢᠯᠣᠭᠣᠳᠬᠤ ᠱᠠᠩᠨᠠᠯ᠎ᠤᠨ ᠪᠡᠯᠡ ᠮᠥᠩᠭᠥ ᠵᠡᠷᠭᠡ ᠪᠠᠭᠲᠠᠨ᠎ᠠ ᠃
ᠳᠥᠷᠪᠡᠳᠦᠭᠡᠷ ᠵᠦᠢ᠍ᠯ ᠲᠤᠰᠬᠠᠶ ᠵᠦᠢ᠍ᠯ᠎ᠤᠨ ᠪᠡᠯᠡ ᠮᠥᠩᠭᠥ ᠵᠢ ᠬᠠᠮᠢᠶᠠᠷᠬᠤ ᠪᠠ ᠬᠡᠷᠡᠭᠯᠡᠬᠦ᠎ᠳᠤ 《ᠡᠳ᠎ᠤᠨ ᠬᠦᠴᠦᠨ᠎ᠢ ᠲᠥᠪᠯᠡᠷᠡᠭᠦᠯᠬᠦ᠂ ᠭᠣᠣᠯᠳᠠᠯᠭ᠎ᠠ ᠵᠢ ᠲᠣᠪᠣᠢ᠌ᠯᠭ᠋ᠠᠬᠤ᠂ ᠲᠥᠷᠥᠯ ᠬᠤᠪᠢᠶᠠᠨ ᠳᠡᠮᠵᠢᠬᠦ᠂ ᠣᠯᠠᠨ ᠲᠠᠯ᠎ᠠ᠎ᠠᠴᠠ ᠣᠷᠣᠭᠤᠯᠤᠯᠲᠠ ᠣᠷᠣᠭᠤᠯᠬᠤ᠂ ᠵᠢᠮ᠎ᠡ ᠶᠣᠰᠣ ᠵᠢ ᠵᠢᠷᠤᠮᠯᠠᠬᠤ᠂ ᠠᠮᠵᠢᠯᠲᠠ ᠪᠦᠲᠦᠮᠵᠢ ᠵᠢ ᠴᠢᠬᠤᠯᠠᠴᠢᠯᠠᠬᠤ᠂ ᠢᠯᠡ ᠲᠣᠳᠣᠷᠬᠠᠶ ᠪᠠᠢ᠌ᠯᠭ᠋ᠠᠬᠤ᠂ ᠰᠢᠯᠢᠳᠡᠭ᠎ᠢ᠎ᠨᠢ ᠰᠣᠩᠭᠣᠵᠤ ᠲᠤᠰᠠᠯᠠᠬᠤ》 ᠵᠠᠷᠴᠢᠮ᠎ᠢ ᠵᠢᠷᠤᠮᠯᠠᠬᠤ ᠬᠡᠷᠡᠭᠲᠡᠶ ᠃
ᠬᠣᠶᠠᠳᠤᠭ᠋ᠠᠷ ᠪᠦᠯᠦᠭ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠃ᠲᠠᠪᠤᠳᠤᠭ᠋ᠠᠷ ᠵᠦᠢᠯ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠭᠣᠤᠯ ᠡᠭᠦᠷᠭᠡ ᠬᠠᠷᠢᠭᠤᠴᠠᠯᠭ᠎ᠠ ᠪᠣᠯ᠄ ᠃(ᠨᠢᠭᠡ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠲᠠᠢ ᠬᠠᠮᠲᠤᠷᠠᠨ ᠲᠤᠰᠬᠠᠶ ᠵᠦᠢᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ᠎ᠠ;
(ᠬᠣᠶᠠᠷ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠲᠠᠢ ᠬᠠᠮᠵᠢᠯᠴᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠤᠨ ᠬᠥᠮᠥᠷᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ;
(ᠭᠤᠷᠪᠠ) ᠲᠤᠰᠬᠠᠶ ᠵᠦᠢᠯ᠎ᠤᠨ ᠪᠡᠯᠡ ᠮᠥᠩᠭᠥ ᠵᠢᠨ ᠣᠨ᠎ᠤ ᠲᠥᠰᠦᠪ᠎ᠢ ᠨᠠᠢ᠌ᠷᠠᠭᠤᠯᠤᠨ ᠵᠣᠬᠢᠶᠠᠬᠤ ᠵᠢ ᠬᠠᠷᠢᠭᠤᠴᠠᠨ᠎ᠠ;
(ᠳᠥᠷᠪᠡ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠳᠤᠷᠠᠳᠤᠭᠰᠠᠨ ᠪᠡᠯᠡ ᠮᠥᠩᠭᠥ ᠬᠤᠪᠢᠶᠠᠷᠢᠯᠠᠬᠤ ᠲᠥᠰᠦᠯ᠎ᠢ ᠬᠢᠨᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠲᠠᠢ ᠬᠠᠮᠲᠤᠷᠠᠨ ᠲᠤᠰᠬᠠᠶ ᠵᠦᠢ᠍ᠯ᠎ᠤᠨ ᠪᠡᠯᠡ ᠮᠥᠩᠭᠥ ᠪᠠᠭᠤᠯᠭ᠋ᠠᠨ᠎ᠠ;
(ᠲᠠᠪᠤ) ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠥᠷᠨᠢᠭᠦᠯᠵᠦ᠂ ᠲᠤᠰᠬᠠᠶ ᠵᠦᠢ᠍ᠯ᠎ᠤᠨ ᠪᠡᠯᠡ ᠮᠥᠩᠭᠥ ᠵᠢ ᠬᠡᠷᠡᠭᠯᠡᠵᠦ ᠪᠠᠢ᠌ᠭ᠎ᠠ ᠪᠠᠢ᠌ᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠵᠣᠬᠢᠶᠠᠨ ᠪᠠᠢ᠌ᠭᠤᠯᠤᠨ᠎ᠠ;
(ᠵᠢᠷᠭᠤᠭ᠎ᠠ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠨᠤᠲᠠᠯᠠᠨ ᠵᠥᠪᠰᠢᠶᠡᠷᠡᠭᠰᠡᠨ ᠬᠤᠷᠢᠶᠠᠨ ᠠᠪᠬᠤ ᠴᠢᠬᠤᠯᠠᠲᠠᠶ ᠲᠤᠰᠬᠠᠶ ᠵᠦᠢ᠍ᠯ᠎ᠤᠨ ᠪᠡᠯᠡ
ᠵᠢ ᠴᠠᠭ ᠲᠤᠬᠠᠶ᠎ᠳᠤᠨᠢ ᠬᠤᠷᠢᠶᠠᠨ ᠠᠪᠬᠤ ᠬᠡᠷᠡᠭᠲᠡᠶ ᠃ᠠᠯᠲᠠ;
(ᠲᠤᠯᠦᠭ᠎ᠠ) ᠲᠣᠭᠲᠠᠭ᠋ᠠᠯ ᠶᠣᠰᠣᠭ᠋ᠠᠷ ᠭᠦᠢ᠍ᠴᠡᠳᠬᠡᠬᠦ ᠶᠣᠰᠣᠲᠠᠢ ᠪᠤᠰᠤᠳ ᠲᠤᠰᠢᠶᠠᠯ ᠬᠠᠷᠢᠭᠤᠴᠠᠯᠭᠠᠨᠤᠭᠤᠳ ᠃
ᠵᠢᠷᠭᠤᠳᠤᠭ᠋ᠠᠷ ᠵᠦᠢᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠭᠣᠤᠯ ᠡᠭᠦᠷᠭᠡ ᠬᠠᠷᠢᠭᠤᠴᠠᠯᠭ᠎ᠠ ᠪᠣᠯ᠄
(ᠨᠢᠭᠡ) ᠥᠪᠡᠷᠲᠡᠭᠡᠨ ᠵᠠᠰᠠᠬᠤ ᠣᠷᠣᠨ᠎ᠤ ᠡᠳ᠎ᠤᠨ ᠵᠠᠰᠠᠭ᠎ᠤᠨ ᠲᠢᠩᠬᠢᠮ᠎ᠲᠠᠢ ᠬᠠᠮᠵᠢᠯᠴᠠᠨ ᠲᠤᠰᠬᠠᠶ ᠵᠦᠢ᠍ᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ᠎ᠠ;
(ᠬᠣᠶᠠᠷ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠤᠨ ᠬᠥᠮᠥᠷᠭᠡ ᠵᠢᠨ ᠪᠠᠢ᠌ᠭᠤᠯᠤᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠥᠷᠥᠯ ᠵᠦᠢᠯ᠎ᠤᠨ ᠬᠥᠮᠥᠷᠭᠡ ᠵᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠵᠢ ᠠᠬᠢᠭᠤᠯᠤᠨ᠎ᠠ;
(ᠭᠤᠷᠪᠠ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠢ ᠮᠡᠳᠡᠭᠦᠯᠬᠦ᠂ ᠬᠢᠨᠠᠨ ᠲᠣᠭᠲᠠᠭ᠋ᠠᠬᠤ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠡᠯᠡ ᠮᠥᠩᠭᠥ ᠬᠤᠪᠢᠶᠠᠷᠢᠯᠠᠬᠤ ᠲᠥᠰᠦᠯ᠎ᠢ ᠰᠤᠳᠤᠯᠤᠨ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠵᠢᠯᠴᠠᠨ ᠲᠤᠰᠬᠠᠶ ᠵᠦᠢᠯ᠎ᠤᠨ ᠪᠡᠯᠡ ᠮᠥᠩᠭᠥ ᠪᠠᠭᠤᠯᠭ᠋ᠠᠨ᠎ᠠ;
(ᠳᠥᠷᠪᠡ) ᠲᠥᠷᠥᠯ ᠵᠦᠢᠯ᠎ᠳᠤ ᠴᠢᠬᠤᠯᠠ ᠶᠡᠬᠡ ᠵᠦᠢᠯᠡᠰ᠎ᠢ ᠬᠢᠨᠠᠨ ᠵᠥᠪᠰᠢᠶᠡᠷᠡᠬᠦ ᠵᠢ ᠬᠡᠷᠡᠭᠵᠢᠭᠦᠯᠵᠦ᠂ ᠦᠨᠡᠨᠬᠦ ᠬᠣᠷᠢᠶᠠᠨ ᠠᠪᠬᠤ ᠴᠢᠬᠤᠯᠠᠲᠠᠶ ᠲᠤᠰᠬᠠᠶ ᠪᠠᠯᠠ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠵᠢᠯᠴᠠᠨ ᠬᠣᠷᠢᠶᠠᠨ ᠠᠪᠤᠨ᠎ᠠ;
(ᠲᠠᠪᠤ) ᠲᠤᠰᠬᠠᠶ ᠵᠦᠢᠯ᠎ᠤᠨ ᠪᠡᠯᠡ ᠮᠥᠩᠭᠥ ᠵᠢ ᠬᠡᠷᠡᠭᠯᠡᠵᠦ ᠪᠠᠢ᠌ᠭ᠎ᠠ ᠪᠠᠢ᠌ᠳᠠᠯ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠨ᠎ᠠ;
(ᠵᠢᠷᠭᠤᠭ᠎ᠠ) ᠲᠤᠰᠬᠠᠶ ᠵᠦᠢ᠍ᠯ᠎ᠤᠨ ᠪᠡᠯᠡ ᠮᠥᠩᠭᠥ ᠵᠢᠨ ᠠᠮᠵᠢᠯᠲᠠ ᠪᠦᠲᠦᠮᠵᠢ ᠵᠢᠨ ᠬᠠᠷᠠᠯᠲᠠ ᠵᠢ ᠪᠠᠢ᠌ᠭᠤᠯᠵᠤ᠂ ᠪᠦᠬᠦ ᠶᠠᠪᠤᠴᠠ ᠵᠢᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠥᠷᠨᠢᠭᠦᠯᠦᠨ᠎ᠡ;
(ᠲᠤᠯᠦᠭ᠎ᠠ) ᠲᠣᠭᠲᠠᠭ᠋ᠠᠯ ᠶᠣᠰᠣᠭ᠋ᠠᠷ ᠭᠦᠢ᠍ᠴᠡᠳᠬᠡᠬᠦ ᠶᠣᠰᠣᠲᠠᠢ ᠪᠤᠰᠤᠳ ᠲᠤᠰᠢᠶᠠᠯ ᠬᠠᠷᠢᠭᠤᠴᠠᠯᠭᠠᠨᠤᠭᠤᠳ ᠃
ᠳᠣᠯᠣᠳᠤᠭ᠋ᠠᠷ ᠵᠦᠢᠯ ᠲᠥᠷᠥᠯ ᠵᠦᠢᠯ᠎ᠢ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠤᠨ ᠭᠣᠤᠯ ᠡᠭᠦᠷᠭᠡ ᠬᠠᠷᠢᠭᠤᠴᠠᠯᠭ᠎ᠠ ᠪᠣᠯ᠄
(ᠨᠢᠭᠡ) ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠎ᠤᠨ ᠵᠶ᠋ᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠵᠦᠢ᠍ᠯᠡᠰ᠎ᠢ ᠬᠠᠷᠢᠭᠤᠴᠠᠨ ᠵᠣᠬᠢᠶᠠᠨ ᠪᠠᠢ᠌ᠭᠤᠯᠵᠤ᠂ ᠬᠢᠨᠠᠨ ᠬᠠᠷᠭᠤᠭᠤᠯᠬᠤ ᠪᠠ ᠲᠠᠨᠢᠯᠴᠠᠭᠤᠯᠤᠨ᠎ᠠ ᠃
(ᠬᠣᠶᠠᠷ) ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠎ᠤᠨ ᠵᠶ᠋ᠡᠨ ᠲᠤᠰᠬᠠᠶ ᠵᠦᠢ᠍ᠯ᠎ᠤᠨ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ ᠃
(ᠭᠤᠷᠪᠠ) ᠲᠥᠷᠥᠯ ᠵᠦᠢᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠦᠨᠡᠯᠡᠯᠲᠡ ᠪᠠ ᠶᠡᠷᠦᠩᠬᠡᠢ᠌ᠯᠡᠭᠰᠡᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠬᠠᠮᠵᠢᠯᠴᠠᠨ ᠥᠷᠨᠢᠭᠦᠯᠦᠨ᠎ᠡ ᠃
ᠨᠠᠢ᠍ᠮᠠᠳᠤᠭ᠋ᠠᠷ ᠵᠦᠢ᠍ᠯ ᠲᠥᠷᠥᠯ ᠵᠦᠢ᠍ᠯ ᠢ ᠡᠭᠦᠷᠭᠡᠯᠡᠭᠰᠡᠨ ᠨᠢᠭᠡᠴᠡ ᠵᠢᠨ ᠭᠣᠣᠯ ᠡᠭᠦᠷᠭᠡ ᠬᠠᠷᠢᠭᠤᠴᠠᠯᠭ᠎ᠠ ᠪᠣᠯ᠄
(ᠨᠢᠭᠡ) ᠲᠤᠰᠬᠠᠶ ᠵᠦᠢᠯ᠎ᠤᠨ ᠪᠡᠯᠡ ᠮᠥᠩᠭᠥ ᠵᠢᠨ ᠡᠳᠦᠷ ᠲᠤᠲᠤᠮ᠎ᠤᠨ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠨ᠎ᠠ;
(ᠬᠣᠶᠠᠷ) ᠲᠤᠰᠬᠠᠶ ᠵᠦᠢᠯ᠎ᠤᠨ ᠪᠡᠯᠡ ᠮᠥᠩᠭᠥ ᠵᠢᠨ ᠳᠣᠲᠣᠭ᠋ᠠᠳᠤ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠦᠨ᠎ᠡ;
(ᠭᠤᠷᠪᠠ) ᠬᠢᠨᠠᠯᠲᠠ ᠲᠠᠯᠪᠢᠵᠤ ᠪᠠᠢ᠌ᠴᠠᠭ᠋ᠠᠬᠤ ᠪᠠ ᠠᠮᠵᠢᠯᠲᠠ ᠪᠦᠲᠦᠮᠵᠢ ᠵᠢᠨ ᠦᠨᠡᠯᠡᠯᠲᠡ ᠬᠢᠬᠦ ᠵᠢ ᠤᠬᠠᠮᠰᠠᠷ᠎ᠠᠴᠠ᠎ᠪᠠᠨ ᠬᠦᠯᠢᠶᠡᠨ᠎ᠡ ᠃
ᠶᠢᠰᠦᠳᠦᠭᠡᠷ ᠵᠦᠢᠯ ᠲᠥᠷᠥᠯ ᠵᠦᠢᠯ᠎ᠤᠨ ᠬᠠᠷᠢᠭᠤᠴᠠᠯᠭ᠋ᠠᠲᠠᠨ᠎ᠤ ᠭᠣᠤᠯ ᠡᠭᠦᠷᠭᠡ ᠬᠠᠷᠢᠭᠤᠴᠠᠯᠭ᠎ᠠ ᠪᠣᠯ᠄ ᠃(ᠨᠢᠭᠡ) ᠵᠦᠢ᠍ᠯᠡᠰ᠎ᠤᠨ ᠲᠥᠰᠦᠪ ᠪᠠ ᠲᠥᠰᠦᠪ᠎ᠤᠨ ᠭᠦᠢ᠍ᠴᠡᠳᠬᠡᠯ᠎ᠢ ᠨᠠᠢ᠌ᠷᠠᠭᠤᠯᠤᠨ ᠵᠣᠬᠢᠶᠠᠬᠤ ᠠᠵᠢᠯ᠎ᠢ ᠬᠠᠷᠢᠭᠤᠴᠠᠨ᠎ᠠ;
(ᠬᠣᠶᠠᠷ) ᠲᠤᠰᠬᠠᠶ ᠵᠦᠢ᠍ᠯ᠎ᠤᠨ ᠪᠡᠯᠡ ᠮᠥᠩᠭᠥ ᠵᠢ ᠲᠣᠭᠲᠠᠭ᠋ᠠᠯ᠎ᠳᠤ ᠨᠡᠢ᠌ᠴᠡᠭᠦᠯᠦᠨ ᠬᠡᠷᠡᠭᠯᠡᠵᠦ᠂ ᠬᠢᠨᠠᠯᠲᠠ ᠲᠠᠯᠪᠢᠵᠤ ᠪᠠᠢ᠌ᠴᠠᠭ᠋ᠠᠬᠤ ᠪᠠ ᠠᠮᠵᠢᠯᠲᠠ ᠪᠦᠲᠦᠮᠵᠢ ᠵᠢᠨ ᠦᠨᠡᠯᠡᠯᠲᠡ ᠬᠢᠬᠦ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠶ;
(ᠭᠤᠷᠪᠠ) ᠶᠠᠮᠠᠷ ᠨᠢᠭᠡᠨ ᠰᠢᠯᠲᠠᠭ᠋ᠠᠨ᠎ᠠᠴᠠ ᠪᠣᠯᠣᠭ᠋ᠠᠳ ᠬᠡᠷᠡᠭᠵᠢᠭᠦᠯᠬᠦ᠎ᠪᠠᠨ ᠵᠣᠭᠰᠣᠭ᠋ᠠᠬᠤ ᠪᠤᠶᠤ ᠬᠦᠴᠦᠨ ᠦᠭᠡᠶ ᠪᠣᠯᠭ᠋ᠠᠬᠤ ᠴᠢᠬᠤᠯᠠᠲᠠᠢ ᠲᠥᠷᠥᠯ ᠵᠦᠢ᠍ᠯ᠎ᠳᠤ ᠪᠣᠯ ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ ᠬᠢᠭᠡᠳ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠲᠥᠷᠥᠯ ᠵᠦᠢ᠍ᠯ᠎ᠢ ᠵᠣᠭᠰᠣᠭ᠋ᠠᠬᠤ ᠪᠤᠶᠤ ᠪᠢᠴᠢᠭᠯᠡᠭᠰᠡᠨ ᠭᠤᠶᠤᠴᠢᠯᠠᠯ ᠵᠶ᠋ᠠᠨ ᠬᠦᠴᠦᠨ ᠦᠭᠡᠶ ᠪᠣᠯᠭ᠋ᠠᠬᠤ ᠵᠢᠨ ᠬᠠᠮᠲᠤ ᠤᠴᠢᠷ ᠰᠢᠯᠲᠠᠭ᠋ᠠᠨ ᠵᠶ᠋ᠠᠨ ᠴᠠᠭ ᠲᠤᠬᠠᠶ᠎ᠳᠤᠨᠢ ᠲᠣᠳᠣᠷᠬᠠᠢ᠌ᠯᠠᠬᠤ ᠬᠡᠷᠡᠭᠲᠡᠶ᠃
ᠭᠤᠷᠪᠠᠳᠤᠭ᠋ᠠᠷ ᠪᠦᠯᠦᠭ ᠲᠤᠰᠬᠠᠶ ᠵᠦᠢ᠍ᠯ᠎ᠤᠨ ᠪᠡᠯᠡ ᠮᠥᠩᠭᠥ ᠵᠢᠨ ᠳᠡᠮᠵᠢᠬᠦ ᠬᠡᠪᠴᠢᠶ᠎ᠡ ᠬᠢᠭᠡᠳ ᠳᠡᠮᠵᠢᠬᠦ ᠠᠷᠭ᠎ᠠ ᠮᠠᠶᠢᠭ
ᠠᠷᠪᠠᠳᠤᠭ᠋ᠠᠷ ᠵᠦᠢ᠍ᠯ ᠲᠤᠰᠬᠠᠢ ᠪᠡᠯᠡ ᠮᠥᠩᠭᠥ ᠵᠢᠨ ᠳᠡᠮᠵᠢᠬᠦ ᠬᠦᠷᠢᠶ᠎ᠡ ᠬᠡᠪᠴᠢᠶ᠎ᠡ᠎ᠳᠤ᠄
(ᠨᠢᠭᠡ) ᠰᠠᠭᠤᠷᠢ ᠰᠤᠳᠤᠯᠤᠯ ᠃ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ ᠵᠢᠴᠢ ᠲᠡᠭᠦᠨ᠎ᠤ ᠰᠣᠯᠪᠢᠴᠠᠯ ᠰᠢᠨᠵᠢᠯᠡᠭᠡᠨ᠎ᠤ ᠰᠠᠭᠤᠷᠢ ᠰᠤᠳᠤᠯᠭ᠋ᠠᠨ᠂ ᠬᠡᠷᠡᠭᠯᠡᠭᠡᠨ᠎ᠤ ᠰᠠᠭᠤᠷᠢ ᠰᠤᠳᠤᠯᠭ᠋ᠠᠨ ᠪᠠ ᠬᠣᠰᠢᠭᠤᠷᠠᠯ ᠰᠢᠨᠵᠢᠯᠡᠬᠦ ᠤᠬᠠᠭ᠋ᠠᠨ᠎ᠤ ᠴᠢᠯᠥᠭᠡᠲᠦ ᠬᠠᠢ᠌ᠨ ᠰᠥᠪᠡᠭᠴᠢᠯᠡᠯᠲᠡ ᠬᠢᠬᠦ ᠵᠢ ᠳᠡᠮᠵᠢᠬᠦ᠎ᠳᠤ ᠬᠡᠷᠡᠭᠯᠡᠨ᠎ᠡ ᠃
(ᠬᠣᠶᠠᠷ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠶ ᠵᠦᠢᠯ ᠃ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠴᠢᠬᠤᠯᠠ ᠶᠡᠬᠡ ᠮᠡᠷᠭᠡᠵᠢᠯ᠎ᠤᠨ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ 《ᠪᠣᠭᠣᠮᠢ》 ᠪᠣᠯᠬᠤ ᠮᠡᠷᠭᠡᠵᠢᠯ᠎ᠤᠨ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠴᠢᠬᠤᠯᠠ ᠶᠡᠬᠡ ᠦᠢᠯᠡᠳᠬᠦᠨ᠎ᠢ ᠨᠡᠭᠡᠭᠡᠨ ᠬᠥᠭᠵᠢᠭᠦᠯᠬᠦ ᠪᠠ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠳᠣᠪᠣᠢ᠌ᠯᠭ᠋ᠠᠬᠤ᠎ᠳᠤ ᠬᠡᠷᠡᠭᠯᠡᠨ᠎ᠡ ᠃
(ᠭᠤᠷᠪᠠ) ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠃ 《ᠳᠥᠷᠪᠡᠨ ᠬᠠᠨᠳᠤᠰᠢ》 ᠵᠢ ᠳᠣᠪᠣᠢ᠌ᠯᠭ᠋ᠠᠬᠤ ᠵᠢ ᠳᠡᠮᠵᠢᠵᠦ᠂ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠡᠭᠦᠷᠭᠡ ᠵᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠭᠣᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ ᠪᠠ ᠨᠡᠢ᠌ᠭᠡᠮ᠎ᠤᠨ ᠨᠡᠢ᠌ᠲᠡ ᠵᠢᠨ ᠠᠰᠠᠷᠠᠮᠵᠢ ᠵᠢᠨ ᠬᠦᠷᠢᠶᠡᠨ᠎ᠳᠠᠬᠢ ᠰᠢᠨ᠎ᠡ ᠵᠢ ᠡᠭᠦᠳᠬᠦ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠰᠢᠢᠳᠪᠦᠷᠢᠯᠡᠬᠦ᠎ᠳᠤ ᠬᠡᠷᠡᠭᠯᠡᠨ᠎ᠡ ᠃
(ᠳᠥᠷᠪᠡ) ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠦᠨ᠎ᠡ ᠃ ᠰᠢᠨ᠎ᠡ ᠵᠢ ᠡᠭᠦᠳᠬᠦ ᠲᠠᠪᠴᠠᠩ (ᠰᠠᠭᠤᠷᠢᠨ ᠭᠠᠵᠠᠷ)᠎ᠢ ᠪᠣᠢ᠌ᠵᠢᠭᠤᠯᠤᠨ ᠪᠥᠲᠥᠭᠡᠨ ᠪᠠᠢ᠌ᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠭᠤᠷᠢ ᠨᠥᠬᠥᠴᠡᠯ᠎ᠤᠨ ᠪᠠᠢ᠌ᠭᠤᠯᠤᠯᠲᠠ᠂ ᠰᠢᠨ᠎ᠡ ᠵᠢ ᠡᠭᠦᠳᠬᠦ ᠭᠣᠤᠯ ᠴᠣᠭᠴᠠ ᠵᠢ ᠪᠣᠢ᠌ᠵᠢᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠪᠣᠢ᠌ᠵᠢᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠰᠣᠯᠢᠯᠴᠠᠭ᠎ᠠ᠂ ᠵᠥᠭᠡᠯᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡᠨ᠎ᠤ ᠰᠢᠰᠲ᠋ᠧᠮᠵᠢ ᠵᠢᠨ ᠪᠠᠢ᠌ᠭᠤᠯᠤᠯᠲᠠ᠂ ᠰᠢᠨ᠎ᠡ ᠵᠢ ᠡᠭᠦᠳᠬᠦ ᠵᠢ ᠬᠥᠲᠥᠯᠦᠨ ᠵᠢᠯᠣᠭᠣᠳᠴᠤ ᠤᠷᠮᠠᠰᠢᠭᠤᠯᠬᠤ ᠱᠠᠩᠨᠠᠵᠤ ᠲᠤᠰᠠᠯᠠᠬᠤ᠂ ᠮᠡᠷᠭᠡᠵᠢᠯ᠎ᠤᠨ ᠠᠷᠠᠯᠵᠢᠶ᠎ᠠ ᠵᠢᠨ ᠨᠥᠬᠥᠪᠥᠷᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠥᠩᠭᠥᠨ ᠭᠦᠢᠯᠭᠡᠭᠡᠨ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠣᠷᠴᠢᠨ ᠲᠣᠭᠣᠷᠢᠨ᠎ᠤ ᠴᠢᠳᠠᠪᠤᠷᠢ ᠵᠢᠨ ᠪᠠᠢ᠌ᠭᠤᠯᠤᠯᠲᠠ ᠵᠡᠷᠭᠡ ᠰᠢᠨ᠎ᠡ ᠵᠢ ᠡᠭᠦᠳᠬᠦ ᠠᠵᠢᠯᠯᠠᠭ᠎ᠠ᠎ᠳᠤ ᠬᠡᠷᠡᠭᠯᠡᠨ᠎ᠡ ᠃
(ᠲᠠᠪᠤ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠲᠣᠭᠲᠠᠭ᠋ᠠᠵᠤ ᠬᠡᠷᠡᠭᠵᠢᠭᠦᠯᠬᠦ ᠪᠤᠰᠤᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ ᠃
ᠠᠷᠪᠠᠨ ᠨᠢᠭᠡᠳᠦᠭᠡᠷ ᠵᠦᠢᠯ ᠲᠤᠰᠬᠠᠶ ᠵᠦᠢᠯ᠎ᠤᠨ ᠪᠠᠯᠠ ᠮᠥᠩᠭᠥ᠎ᠪᠠᠷ ᠲᠤᠰᠠᠯᠠᠬᠤ ᠡᠲᠡᠭᠡᠳ ᠵᠢᠴᠢ ᠳᠡᠮᠵᠢᠬᠦ ᠠᠷᠭ᠎ᠠ ᠮᠠᠶᠢᠭ᠄
(ᠨᠢᠭᠡ) ᠡᠳ ᠮᠥᠩᠭᠥ᠎ᠪᠠᠷ ᠲᠤᠰᠠᠯᠠᠬᠤ ᠡᠲᠡᠭᠡᠳ᠄ ᠲᠥᠷᠥᠯ ᠵᠦᠢ᠍ᠯ᠎ᠤᠨ ᠲᠦᠷᠦᠭᠦᠯᠡᠬᠦ ᠨᠢᠭᠡᠴᠡ᠎ᠨᠢ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ᠂ ᠰᠠᠢ᠌ᠨ ᠰᠠᠢ᠌ᠬᠠᠨ ᠰᠤᠳᠤᠯᠤᠨ ᠨᠡᠭᠡᠭᠡᠬᠦ ᠨᠥᠬᠥᠴᠡᠯ᠎ᠲᠠᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠳᠡᠭᠡᠳᠦ ᠰᠤᠷᠭ᠋ᠠᠭᠤᠯᠢ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ᠂ ᠮᠣᠩᠭᠣᠯ᠎ᠳᠤ ᠰᠠᠭᠤᠭ᠎ᠠ ᠲᠥᠪ᠎ᠤᠨ ᠪᠡᠶ᠎ᠡ᠎ᠪᠠᠨ ᠳᠠᠭ᠋ᠠᠭ᠋ᠠᠭᠰᠠᠨ ᠪᠤᠰᠤ ᠬᠠᠤᠯᠢ ᠵᠢᠨ ᠡᠷᠬᠡᠲᠡᠨ᠎ᠤ ᠠᠵᠤ ᠠᠬᠤᠢ᠌ᠯᠠᠯ ᠵᠢᠴᠢ ᠪᠤᠰᠤᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠭᠡᠭᠡᠯᠲᠡ ᠬᠢᠬᠦ ᠪᠠ ᠦᠢ᠍ᠯᠡᠴᠢᠯᠡᠬᠦ ᠴᠢᠳᠠᠪᠤᠷᠢ᠎ᠲᠠᠢ ᠨᠢᠭᠡᠴᠡ ᠵᠡᠷᠭᠡ ᠪᠣᠯᠤᠨ᠎ᠠ ᠃
(ᠬᠣᠶᠠᠷ) ᠳᠡᠮᠵᠢᠬᠦ ᠠᠷᠭ᠎ᠠ ᠮᠠᠶ ᠢᠭ᠄ ᠲᠤᠰᠬᠠᠶ ᠵᠦᠢ᠍ᠯ᠎ᠤᠨ ᠪᠡᠯᠡ ᠮᠥᠩᠭᠥ᠎ᠳᠤ ᠪᠣᠯ ᠬᠡᠷᠡᠭ᠎ᠤᠨ ᠡᠮᠦᠨ᠎ᠡ ᠲᠤᠰᠠᠯᠠᠬᠤ᠂ ᠬᠡᠷᠡᠭ᠎ᠤᠨ ᠳᠠᠷᠠᠭ᠎ᠠ ᠲᠤᠰᠠᠯᠠᠬᠤ ᠪᠠ ᠪᠤᠰᠤᠳ ᠳᠡᠮᠵᠢᠯᠭᠡ ᠦᠵᠡᠭᠦᠯᠬᠦ ᠠᠷᠭ᠎ᠠ ᠮᠠᠶ ᠢᠭᠢ ᠠᠪᠤᠨ᠎ᠠ ᠃
1. ᠬᠡᠷᠡᠭ᠎ᠤᠨ ᠡᠮᠦᠨ᠎ᠡ ᠲᠤᠰᠠᠯᠠᠬᠤ ᠭᠡᠳᠡᠭ᠎ᠨᠢ ᠲᠥᠷᠥᠯ ᠵᠦᠢᠯ᠎ᠢ ᠲᠣᠭᠲᠠᠭ᠋ᠠᠭᠰᠠᠨ᠎ᠤ ᠳᠠᠷᠠᠭ᠎ᠠ᠂ ᠲᠤᠰᠬᠠᠶ ᠵᠦᠢᠯ᠎ᠤᠨ ᠪᠠᠯᠠ ᠮᠥᠩᠭᠥ ᠵᠢᠨ ᠲᠥᠯᠥᠪᠯᠡᠭᠡ ᠵᠢ ᠦᠨᠳᠦᠰᠦᠯᠡᠨ ᠬᠡᠷᠡᠭ᠎ᠤᠨ ᠡᠮᠦᠨ᠎ᠡ ᠲᠤᠰᠠᠯᠠᠬᠤ᠂ ᠲᠤᠰᠬᠠᠶ ᠵᠦᠢᠯ᠎ᠤᠨ ᠪᠠᠯᠠ ᠮᠥᠩᠭᠥ ᠵᠢ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠳᠤ ᠰᠢᠭᠤᠳ ᠰᠠᠯᠭ᠋ᠠᠨ ᠥᠭᠬᠦ ᠲᠤᠰᠠᠯᠠᠮᠵᠢ ᠵᠢᠨ ᠠᠷᠭ᠎ᠠ ᠮᠠᠶᠢᠭ᠎ᠢ ᠵᠢᠭ᠋ᠠᠵᠤ ᠪᠣᠶ ᠃
2 . ᠬᠡᠷᠡᠭ᠎ᠤᠨ ᠳᠠᠷᠠᠭ᠎ᠠ ᠨᠥᠬᠥᠪᠥᠷᠢ ᠥᠭᠬᠦ ᠭᠡᠳᠡᠭ᠎ᠨᠢ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠨᠢ ᠤᠷᠢᠳᠠᠪᠠᠷ ᠪᠠᠯᠠ ᠮᠥᠩᠭᠥ ᠣᠷᠣᠭᠤᠯᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠪᠤᠶᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠴᠢᠯᠡᠭᠡ ᠬᠠᠩᠭ᠋ᠠᠬᠤ ᠵᠡᠷᠭᠡ ᠠᠵᠢᠯᠯᠠᠭ᠎ᠠ ᠵᠢ ᠵᠢᠭ᠋ᠠᠵᠤ ᠪᠣᠶ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠮᠢᠶ᠎ᠠ ᠪᠥᠬᠥᠶ ᠬᠠᠮᠢᠶᠠᠷᠤᠯᠲᠠ ᠵᠢᠨ ᠠᠷᠭ᠎ᠠ ᠵᠢ ᠦᠨᠳᠦᠰᠦᠯᠡᠨ᠂ ᠬᠡᠷᠡᠭ᠎ᠤᠨ ᠳᠠᠷᠠᠭ᠎ᠠ ᠲᠤᠰᠬᠠᠶ ᠪᠠᠯᠠ ᠮᠥᠩᠭᠥ ᠵᠢᠨ ᠨᠥᠬᠥᠪᠥᠷᠢ ᠥᠭᠬᠦ ᠳᠡᠮᠵᠢᠯᠭᠡ ᠵᠢᠨ ᠠᠷᠭ᠎ᠠ ᠮᠠᠶᠢᠭ ᠪᠣᠯᠤᠨ᠎ᠠ ᠃
3. ᠪᠤᠰᠤᠳ ᠳᠡᠮᠵᠢᠬᠦ ᠠᠷᠭ᠎ᠠ ᠮᠠᠶᠢᠭ ᠃ ᠡᠨᠡ᠎ᠨᠢ ᠬᠡᠷᠡᠭ᠎ᠤᠨ ᠡᠮᠦᠨᠡᠬᠢ ᠲᠤᠰᠠᠯᠠᠮᠵᠢ ᠪᠠ ᠬᠡᠷᠡᠭ᠎ᠤᠨ ᠳᠠᠷᠠᠭ᠋ᠠᠬᠢ ᠨᠥᠬᠥᠪᠥᠷᠢ᠎ᠠᠴᠠ ᠭᠠᠳᠠᠨᠠᠬᠢ ᠳᠡᠮᠵᠢᠯᠭᠡ ᠵᠢᠨ ᠠᠷᠭ᠎ᠠ ᠮᠠᠶᠢᠭ᠎ᠢ ᠵᠢᠭ᠋ᠠᠵᠤ ᠪᠠᠢ᠌ᠨ᠎ᠠ᠂ ᠡᠭᠦᠨ᠎ᠳᠤ ᠲᠦᠭᠰᠢᠭᠦᠷᠢ ᠵᠢᠨ ᠲᠥᠯᠥᠪᠦᠷᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠡᠮᠳᠡᠭᠲᠦ ᠵᠡᠷᠭᠡ ᠪᠠᠭᠲᠠᠨ᠎ᠠ ᠃
ᠳᠥᠷᠪᠡᠳᠦᠭᠡᠷ ᠪᠦᠯᠦᠭ ᠲᠤᠰᠬᠠᠶ ᠵᠦᠢ᠍ᠯ᠎ᠤᠨ ᠪᠡᠯᠡ ᠮᠥᠩᠭᠥ ᠵᠢ ᠮᠡᠳᠡᠭᠦᠯᠬᠦ᠂ ᠬᠢᠨᠠᠨ ᠲᠣᠭᠲᠠᠭ᠋ᠠᠬᠤ ᠪᠠ ᠬᠤᠪᠢᠶᠠᠷᠢᠯᠠᠬᠤ
ᠠᠷᠪᠠᠨ ᠬᠣᠶᠠᠳᠤᠭ᠋ᠠᠷ ᠵᠦᠢ᠍ᠯ ᠲᠤᠰᠬᠠᠶ ᠵᠦᠢ᠍ᠯ᠎ᠤᠨ ᠪᠡᠯᠡ ᠮᠥᠩᠭᠥ ᠵᠢ ᠲᠥᠷᠥᠯ ᠵᠦᠢ᠍ᠯ᠎ᠤᠨ ᠠᠷᠭ᠎ᠠ᠎ᠪᠠᠷ ᠬᠤᠪᠢᠶᠠᠷᠢᠯᠠᠨ᠎ᠠ ᠃
ᠠᠷᠪᠠᠨ ᠭᠤᠷᠪᠠᠳᠤᠭ᠋ᠠᠷ ᠵᠦᠢᠯ ᠥᠷᠢᠰᠥᠯᠳᠦᠭᠡᠨ ᠵᠶ᠋ᠡᠷ ᠲᠥᠷᠥᠯ ᠵᠦᠢᠯ ᠲᠣᠭᠲᠠᠭ᠋ᠠᠬᠤ ᠠᠷᠭ᠎ᠠ ᠮᠠᠶᠢᠭ ᠵᠶ᠋ᠠᠷ ᠬᠤᠪᠢᠶᠠᠷᠢᠯᠠᠬᠤ ᠲᠥᠷᠥᠯ ᠵᠦᠢᠯ᠎ᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠤᠯᠤᠰ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠲᠥᠯᠥᠪᠵᠢᠭᠦᠯᠭᠡ ᠪᠠ ᠠᠵᠢᠯ᠎ᠤᠨ ᠪᠠᠢ᠌ᠷᠢᠯᠠᠭᠤᠯᠤᠯᠲᠠ ᠵᠢ ᠦᠨᠳᠦᠰᠦᠯᠡᠨ᠂ ᠲᠥᠷᠥᠯ ᠵᠦᠢᠯ᠎ᠢ ᠮᠡᠳᠡᠭᠦᠯᠬᠦ ᠵᠦᠭᠯᠡᠭᠦᠷ᠎ᠢ ᠨᠡᠢ᠌ᠲᠡᠯᠡᠵᠦ᠂ ᠲᠥᠷᠥᠯ ᠵᠦᠢᠯ᠎ᠢ ᠬᠢᠨᠠᠨ ᠲᠣᠭᠲᠠᠭ᠋ᠠᠬᠤ ᠵᠢ ᠵᠣᠬᠢᠶᠠᠨ ᠪᠠᠢ᠌ᠭᠤᠯᠵᠤ᠂ ᠪᠠᠯᠠ ᠮᠥᠩᠭᠥ ᠬᠤᠪᠢᠶᠠᠷᠢᠯᠠᠬᠤ ᠲᠥᠰᠦᠯ᠎ᠢ ᠳᠤᠷᠠᠳᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠳᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠲᠠᠢ ᠬᠠᠮᠲᠤᠷᠠᠨ ᠪᠠᠯᠠ ᠮᠥᠩᠭᠥ ᠪᠠᠭᠤᠯᠭ᠋ᠠᠨ᠎ᠠ ᠃
ᠠᠷᠪᠠᠨ ᠳᠥᠷᠪᠡᠳᠦᠭᠡᠷ ᠵᠦᠢ᠍ᠯ ᠲᠣᠭᠲᠠᠭᠰᠠᠨ ᠲᠣᠭ᠎ᠠ᠎ᠪᠠᠷ ᠲᠤᠰᠠᠯᠠᠬᠤ᠂ ᠬᠡᠷᠡᠭ᠎ᠤᠨ ᠳᠠᠷᠠᠭ᠎ᠠ ᠲᠤᠰᠠᠯᠠᠬᠤ ᠵᠡᠷᠭᠡ ᠠᠷᠭ᠎ᠠ ᠮᠠᠶᠢᠭ ᠵᠶ᠋ᠠᠷ ᠬᠤᠪᠢᠶᠠᠷᠢᠯᠠᠬᠤ ᠲᠥᠷᠥᠯ ᠵᠦᠢ᠍ᠯ᠎ᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠮᠢᠶ᠎ᠠ ᠪᠦᠬᠦᠢ ᠬᠠᠮᠢᠶᠠᠷᠤᠯᠲᠠ ᠵᠢᠨ ᠠᠷᠭ᠎ᠠ ᠪᠤᠶᠤ ᠲᠥᠷᠥᠯ ᠵᠦᠢ᠍ᠯ᠎ᠤᠨ ᠬᠡᠷᠡᠭᠵᠢᠭᠦᠯᠬᠦ ᠲᠥᠰᠦᠯ ᠶᠣᠰᠣᠭ᠋ᠠᠷ ᠬᠤᠪᠢᠶᠠᠷᠢᠯᠠᠬᠤ ᠲᠥᠰᠦᠯ᠎ᠢ ᠳᠤᠷᠠᠳᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠳᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠲᠠᠢ ᠬᠠᠮᠲᠤᠷᠠᠨ ᠪᠡᠯᠡ ᠮᠥᠩᠭᠥ ᠪᠠᠭᠤᠯᠭ᠋ᠠᠨ᠎ᠠ ᠃
ᠠᠷᠪᠠᠨ ᠲᠠᠪᠤᠳᠤᠭ᠋ᠠᠷ ᠵᠦᠢᠯ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ᠎ᠳᠤ ᠨᠡᠢ᠌ᠴᠡᠭᠰᠡᠨ ᠤᠷᠢᠲᠠᠯ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠠᠯᠪᠠᠨ ᠰᠦᠯᠵᠢᠶ᠎ᠡ ᠵᠡᠷᠭᠡ ᠠᠷᠭ᠎ᠠ ᠵᠠᠮ ᠵᠶ᠋ᠠᠷ ᠳᠡᠮᠵᠢᠨ ᠲᠥᠷᠥᠯ ᠵᠦᠢᠯ ᠪᠠᠢ᠌ᠭᠤᠯᠬᠤ᠎ᠪᠠᠷ ᠪᠠᠢ᠌ᠭ᠎ᠠ ᠳᠡᠮᠵᠢᠬᠦ ᠲᠥᠷᠥᠯ ᠵᠦᠢᠯ᠎ᠢ ᠢᠯᠡ ᠨᠡᠢ᠌ᠲᠡᠯᠡᠵᠦ᠂ ᠢᠯᠡ ᠨᠡᠢ᠌ᠲᠡᠯᠡᠬᠦ ᠬᠤᠭᠤᠴᠠᠭ᠎ᠠ ᠵᠢ 5 ᠠᠵᠢᠯᠯᠠᠬᠤ ᠡᠳᠦᠷ᠎ᠠᠴᠠ ᠳᠤᠲᠠᠭᠤ ᠪᠠᠢ᠌ᠯᠭ᠋ᠠᠵᠤ ᠪᠣᠯᠬᠤ ᠥᠬᠡᠶ ᠃
ᠲᠠᠪᠤᠳᠤᠭ᠋ᠠᠷ ᠪᠦᠯᠦᠭ ᠲᠤᠰᠬᠠᠢ ᠵᠦᠢ᠍ᠯ᠎ᠤᠨ ᠪᠡᠯᠡ ᠮᠥᠩᠭᠥ ᠵᠢ ᠬᠠᠮᠢᠶᠠᠷᠬᠤ ᠪᠠ ᠬᠡᠷᠡᠭᠯᠡᠬᠦ
ᠠᠷᠪᠠᠨ ᠵᠢᠷᠭᠤᠳᠤᠭ᠋ᠠᠷ ᠵᠦᠢ᠍ᠯ ᠲᠤᠰᠬᠠᠢ ᠪᠡᠯᠡ ᠮᠥᠩᠭᠥ᠎ᠳᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠪᠡᠯᠡ ᠮᠥᠩᠭᠥ ᠪᠣᠯᠤᠨ ᠳᠣᠷᠣᠭᠰᠢ ᠰᠢᠯᠵᠢᠭᠦᠯᠦᠨ ᠥᠭᠬᠦ ᠪᠡᠯᠡ ᠮᠥᠩᠭᠥ ᠪᠠᠭᠲᠠᠨ᠎ᠠ ᠃ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠰᠠᠯᠠᠭ᠎ᠠ ᠮᠥᠴᠢᠷ᠎ᠤᠨ ᠲᠥᠰᠦᠪ᠎ᠲᠤ ᠣᠷᠣᠭᠤᠯᠵᠤ᠂ ᠰᠠᠯᠠᠭ᠎ᠠ ᠮᠥᠴᠢᠷ᠎ᠤᠨ ᠲᠥᠰᠦᠪ᠎ᠤᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ ᠃ ᠳᠣᠷᠣᠭᠰᠢ ᠰᠢᠯᠵᠢᠭᠦᠯᠦᠨ ᠥᠭᠬᠦ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠳᠣᠷᠣᠭᠰᠢ ᠰᠢᠯᠵᠢᠭᠦᠯᠦᠨ ᠥᠭᠬᠦ ᠲᠥᠰᠦᠪ᠎ᠤᠨ ᠬᠠᠮᠢᠶᠠᠷᠤᠯᠲᠠ᠎ᠳᠤ ᠣᠷᠣᠭᠤᠯᠵᠤ᠂ ᠲᠤᠰᠠᠭ᠋ᠠᠷ ᠲᠣᠬᠢᠷᠠᠭᠤᠯᠤᠨ ᠥᠭᠬᠦ᠂ ᠲᠤᠰᠠᠭ᠋ᠠᠷ ᠢᠯᠭ᠋ᠠᠷᠠᠭᠤᠯᠤᠨ ᠪᠣᠳᠣᠬᠤ ᠬᠠᠮᠢᠶᠠᠷᠤᠯᠲᠠ ᠵᠢᠨ ᠵᠠᠭᠪᠤᠷ᠎ᠢ ᠬᠡᠷᠡᠭᠵᠢᠭᠦᠯᠵᠦ᠂ ᠲᠤᠰᠬᠠᠶ ᠳᠠᠩᠰᠠ᠎ᠪᠠᠷ ᠬᠠᠮᠢᠶᠠᠷᠬᠤ᠂ ᠪᠢᠲᠡᠭᠦᠦ᠎ᠪᠠᠷ ᠠᠵᠢᠯᠯᠠᠭᠤᠯᠬᠤ ᠵᠢ ᠪᠡᠶᠡᠯᠡᠭᠦᠯᠦᠨ᠎ᠡ ᠃
ᠠᠷᠪᠠᠨ ᠳᠣᠯᠣᠳᠤᠭ᠋ᠠᠷ ᠵᠦᠢᠯ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠪᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠪᠠᠯᠠ ᠮᠥᠩᠭᠥ ᠵᠢᠨ ᠭᠦᠢᠴᠡᠳᠬᠡᠯ ᠲᠣᠭ᠎ᠠ ᠵᠢᠨ ᠪᠢᠴᠢᠭ ᠮᠠᠲ᠋ᠧᠷᠢᠶᠠᠯ᠎ᠢ ᠳᠠᠷᠤᠮᠠᠯᠯᠠᠨ ᠶᠠᠪᠤᠭᠤᠯᠤᠭᠰᠠᠨ᠎ᠤ ᠳᠠᠷᠠᠭ᠋ᠠᠬᠢ 30 ᠡᠳᠦᠷ᠎ᠤᠨ ᠳᠣᠲᠣᠷ᠎ᠠ ᠭᠦᠢᠴᠡᠳᠬᠡᠯ ᠲᠣᠭ᠎ᠠ ᠵᠢ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ ᠪᠠ ᠲᠣᠰ ᠱᠠᠲᠤᠨ᠎ᠤ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠳᠤ ᠪᠠᠭᠤᠯᠭ᠋ᠠᠬᠤ ᠬᠡᠷᠡᠭᠲᠡᠶ ᠃ ᠠᠢ᠌ᠮᠠᠭ ᠬᠣᠲᠠ᠂ ᠬᠣᠰᠢᠭᠤ ᠰᠢᠶᠠᠨ᠎ᠤ ᠡᠳ᠋᠎ᠤᠨ ᠵᠠᠰᠠᠭ᠎ᠤᠨ ᠲᠣᠪᠴᠢᠶ᠎ᠠ᠎ᠨᠢ ᠳᠡᠭᠡᠳᠦ ᠱᠠᠲᠤᠨ᠎ᠤ ᠭᠦᠢᠴᠡᠳᠬᠡᠯ ᠲᠣᠭ᠎ᠠ ᠵᠢᠨ ᠪᠢᠴᠢᠭ ᠮᠠᠲ᠋ᠧᠷᠢᠶᠠᠯ᠎ᠢ ᠭᠠᠷᠳᠠᠭᠰᠠᠨᠤ ᠳᠠᠷᠠᠭ᠋ᠠᠬᠢ 30 ᠡᠳᠦᠷ᠎ᠤᠨ ᠳᠣᠲᠣᠷ᠎ᠠ ᠪᠠᠯᠠ ᠮᠥᠩᠭᠥ ᠵᠢ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠳᠤ ᠪᠠᠭᠤᠯᠭ᠋ᠠᠬᠤ ᠬᠡᠷᠡᠭᠲᠡᠶ ᠃
ᠠᠷᠪᠠᠨ ᠨᠠᠢᠮᠠᠳᠤᠭ᠋ᠠᠷ ᠵᠦᠢᠯ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠠᠴᠠ 《ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢᠯ᠎ᠤᠨ ᠪᠠᠯᠠ ᠮᠥᠩᠭᠥ》 ᠵᠢ ᠢᠯᠭ᠋ᠠᠬᠤ ᠪᠠᠯᠠ ᠮᠥᠩᠭᠥ ᠵᠢ ᠨᠢᠭᠡᠴᠡ ᠵᠢᠨ ᠪᠣᠳᠠᠲᠠᠶ ᠪᠠᠢ᠌ᠬᠤ ᠪᠠᠯᠠ ᠮᠥᠩᠭᠥ ᠵᠢᠨ ᠲᠠᠩᠰᠠᠨ ᠡᠷᠦᠬᠡ᠎ᠳᠤ ᠰᠢᠯᠵᠢᠭᠦᠯᠦᠨ ᠥᠭᠬᠦ ᠵᠢ ᠵᠥᠪᠰᠢᠶᠡᠷᠡᠨ᠎ᠡ ᠃ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠨᠢ ᠲᠥᠷᠥᠯ ᠵᠦᠢᠯ᠎ᠤᠨ ᠪᠠᠯᠠ ᠮᠥᠩᠭᠥ ᠵᠢ ᠨᠢᠭᠡᠴᠡ ᠵᠢᠨ ᠡᠳ᠋᠎ᠤᠨ ᠶᠠᠪᠤᠳᠠᠯ᠎ᠳᠤ ᠣᠷᠣᠭᠤᠯᠤᠨ ᠨᠢᠭᠡᠳᠦᠯᠲᠡᠶ ᠬᠠᠮᠢᠶᠠᠷᠴᠤ᠂ ᠲᠤᠰᠬᠠᠶ ᠵᠣᠭᠣᠰ᠎ᠢ ᠲᠤᠰᠬᠠᠶ ᠵᠦᠢᠯ᠎ᠳᠤ᠎ᠨᠢ ᠬᠡᠷᠡᠭᠯᠡᠬᠦ᠂ ᠲᠤᠰᠠᠭ᠋ᠠᠷ ᠲᠣᠭ᠋ᠠᠴᠠᠭ᠎ᠠ ᠬᠢᠬᠦ ᠵᠢ ᠦᠨᠡᠨᠬᠦ ᠪᠠᠲᠤᠯᠠᠬᠤ ᠬᠡᠷᠡᠭᠲᠡᠶ ᠃
ᠠᠷᠪᠠ ᠶᠢᠰᠦᠳᠦᠭᠡᠷ ᠵᠦᠢ᠍ᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠦᠢ᠍ᠯᠡᠰ᠎ᠤᠨ ᠪᠡᠯᠡ ᠮᠥᠩᠭᠥ ᠵᠢᠨ ᠵᠠᠷᠤᠯᠭ᠎ᠠ ᠭᠡᠳᠡᠭ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠦᠢ᠍ᠯᠡᠰ᠎ᠤᠨ ᠰᠤᠳᠤᠯᠭ᠋ᠠᠨ᠎ᠤ ᠠᠵᠢᠯ᠎ᠲᠠᠢ ᠬᠣᠯᠪᠣᠭᠳᠠᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠦᠢ᠍ᠯᠡᠰ᠎ᠤᠨ ᠪᠡᠯᠡ ᠮᠥᠩᠭᠥ᠎ᠠᠴᠠ ᠥᠭᠬᠦ ᠡᠯ᠎ᠡ ᠵᠦᠢ᠍ᠯ᠎ᠤᠨ ᠵᠠᠷᠤᠳᠠᠯ᠎ᠢ ᠵᠢᠭ᠋ᠠᠵᠤ ᠪᠠᠢ᠌ᠨ᠎ᠠ ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠪᠡᠯᠡ ᠮᠥᠩᠭᠥ ᠵᠢᠨ ᠵᠠᠷᠤᠯᠭ᠎ᠠ᠎ᠨᠢ ᠰᠢᠭᠤᠳ ᠵᠠᠷᠤᠳᠠᠯ ᠪᠣᠯᠤᠨ ᠳᠠᠮ ᠵᠠᠷᠤᠳᠠᠯ ᠵᠶ᠋ᠠᠷ ᠪᠦᠷᠢᠯᠳᠦᠨ᠎ᠡ ᠃
(ᠨᠢᠭᠡ) ᠰᠢᠭᠤᠳ ᠰᠦᠢ᠍ᠳᠬᠡᠯ᠎ᠢ ᠲᠥᠬᠥᠭᠡᠷᠦᠮᠵᠢ ᠵᠢᠨ ᠵᠠᠷᠤᠳᠠᠯ᠂ ᠲᠤᠬᠠᠢ᠌ᠯᠠᠭᠰᠠᠨ ᠠᠵᠢᠯ᠎ᠤᠨ ᠵᠠᠷᠤᠳᠠᠯ᠂ ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ ᠵᠡᠷᠭᠡ ᠭᠤᠷᠪᠠᠨ ᠶᠡᠬᠡ ᠲᠦᠷᠦᠯ ᠵᠶ᠋ᠡᠷ ᠲᠥᠰᠦᠪ ᠨᠠᠢ᠌ᠷᠠᠭᠤᠯᠤᠨ ᠵᠣᠬᠢᠶᠠᠨ᠎ᠠ ᠃ ᠰᠢᠭᠤᠳ ᠵᠠᠷᠤᠳᠠᠯ᠎ᠳᠤ 50 ᠲᠦᠮᠡᠨ ᠲᠥᠭᠥᠷᠢᠭ᠎ᠠᠴᠠ ᠳᠡᠭᠡᠭᠰᠢᠬᠢ ᠲᠥᠬᠥᠭᠡᠷᠦᠮᠵᠢ ᠵᠢᠨ ᠵᠠᠷᠤᠳᠠᠯ᠎ᠠᠴᠠ ᠭᠠᠳᠠᠨ᠎ᠠ᠂ ᠪᠤᠰᠤᠳ ᠵᠠᠷᠤᠳᠠᠯ᠎ᠳᠤ ᠵᠥᠪᠬᠡᠨ ᠦᠨᠳᠦᠰᠦᠨ ᠬᠡᠮᠵᠢᠨ ᠪᠣᠳᠣᠭᠰᠠᠨ ᠲᠣᠳᠣᠷᠬᠠᠢ᠌ᠯᠠᠯᠲᠠ ᠵᠢ ᠬᠠᠩᠭ᠋ᠠᠵᠤ᠂ ᠨᠠᠷᠢᠨ ᠲᠣᠳᠣᠷᠬᠠᠶ ᠬᠠᠩᠭ᠋ᠠᠬᠤ ᠴᠢᠬᠤᠯᠠ ᠦᠭᠡᠶ ᠃
(ᠬᠣᠶᠠᠷ) ᠳᠠᠮ ᠵᠠᠷᠤᠳᠠᠯ ᠭᠡᠳᠡᠭ᠎ᠨᠢ ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ ᠵᠢᠨ ᠲᠥᠷᠥᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠶᠠᠪᠤᠴᠠ᠎ᠳᠤ ᠪᠤᠶ ᠪᠣᠯᠤᠭᠰᠠᠨ ᠰᠢᠭᠤᠳ ᠵᠠᠷᠤᠳᠠᠯ᠎ᠤᠨ ᠳᠣᠲᠣᠷ᠎ᠠ᠎ᠠᠴᠠ ᠭᠠᠷᠭ᠋ᠠᠵᠤ ᠳᠡᠢ᠌ᠯᠬᠦ ᠦᠭᠡᠶ ᠬᠠᠮᠢᠶ᠎ᠠ ᠪᠦᠬᠦᠢ ᠵᠠᠷᠤᠳᠠᠯ᠎ᠢ ᠵᠢᠭ᠋ᠠᠵᠤ ᠪᠤᠶ ᠃ ᠭᠣᠤᠯᠳᠠᠭᠤ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠠᠴᠠ ᠲᠥᠷᠥᠯ ᠵᠦᠢᠯ᠎ᠤᠨ ᠰᠤᠳᠤᠯᠭ᠋ᠠᠨ᠎ᠳᠤ ᠬᠠᠩᠭ᠋ᠠᠭᠰᠠᠨ ᠬᠡᠷ ᠪᠠᠢ᠌ᠰᠢᠩ᠎ᠢ ᠡᠵᠡᠯᠡᠨ ᠬᠡᠷᠡᠭᠯᠡᠬᠦ᠂ ᠡᠳᠦᠷ ᠲᠤᠲᠤᠮ᠎ᠤᠨ ᠤᠰᠤ᠂ ᠴᠠᠬᠢᠯᠭ᠋ᠠᠨ᠂ ᠬᠡᠶ᠂ ᠢᠯᠴᠢ ᠵᠡᠷᠭᠡ ᠵᠢᠨ ᠬᠣᠷᠣᠭᠳᠠᠯ᠂ ᠬᠣᠯᠪᠣᠭᠳᠠᠯ ᠪᠥᠬᠥᠶ ᠬᠠᠮᠢᠶᠠᠷᠤᠯᠲᠠ ᠵᠢᠨ ᠵᠠᠷᠤᠳᠠᠯ᠎ᠤᠨ ᠨᠥᠬᠥᠪᠥᠷᠢ ᠵᠢᠨ ᠵᠠᠷᠤᠯᠭ᠎ᠠ ᠵᠢᠴᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠠᠮᠵᠢᠯᠲᠠ ᠪᠦᠲᠦᠮᠵᠢ ᠵᠢᠨ ᠵᠠᠷᠤᠯᠭ᠎ᠠ ᠵᠡᠷᠭᠡ ᠵᠢ ᠪᠠᠭᠲᠠᠭ᠋ᠠᠨ᠎ᠠ ᠃
ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠨᠢ ᠰᠢᠭᠤᠳ ᠵᠠᠷᠤᠳᠠᠯ᠎ᠠᠴᠠ ᠲᠥᠬᠥᠭᠡᠷᠦᠮᠵᠢ ᠬᠤᠳᠠᠯᠳᠤᠨ ᠠᠪᠤᠭᠰᠠᠨ ᠵᠠᠷᠤᠳᠠᠯ᠎ᠢ ᠰᠠᠭᠤᠯᠭ᠋ᠠᠨ ᠠᠪᠤᠭᠰᠠᠨ᠎ᠤ ᠳᠠᠷᠠᠭ᠋ᠠᠬᠢ ᠵᠣᠬᠢᠬᠤ ᠬᠠᠷᠢᠴᠠᠯ ᠵᠶ᠋ᠠᠷ ᠳᠠᠮ ᠵᠠᠷᠤᠳᠠᠯ᠎ᠢ ᠬᠢᠨᠠᠨ ᠲᠣᠭᠲᠠᠭ᠋ᠠᠵᠤ᠂ ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠤᠨ ᠬᠡᠷᠡᠭᠯᠡᠨ᠎ᠡ᠂ ᠡᠭᠦᠨ᠎ᠳᠤ 500 ᠲᠦᠮᠡᠨ ᠲᠥᠭᠥᠷᠢᠭ᠎ᠠᠴᠠ ᠳᠣᠷᠣᠭᠰᠢ (500 ᠲᠦᠮᠡᠨ ᠲᠥᠭᠥᠷᠢᠭ ᠪᠠᠭᠲᠠᠨ᠎ᠠ) ᠬᠡᠰᠡᠭ᠎ᠤᠨ ᠳᠠᠮ ᠵᠠᠷᠤᠳᠠᠯ᠎ᠢ ᠬᠠᠮᠤᠭ ᠥᠨᠳᠥᠷ᠎ᠲᠡᠭᠡᠨ 30 % ᠬᠦᠷᠲᠡᠯ᠎ᠡ ᠳᠡᠭᠡᠭᠰᠢᠯᠡᠭᠦᠯᠵᠦ ᠪᠣᠯᠤᠨ᠎ᠠ᠂ 500 ᠲᠦᠮᠡᠨ ᠲᠥᠭᠥᠷᠢᠭ᠎ᠠᠴᠠ 1000 ᠲᠦᠮᠡᠨ ᠲᠥᠭᠥᠷᠢᠭ (1000 ᠲᠦᠮᠡᠨ ᠲᠥᠭᠥᠷᠢᠭ ᠪᠠᠭᠲᠠᠨ᠎ᠠ) ᠬᠦᠷᠲᠡᠯᠡᠬᠢ ᠬᠡᠰᠡᠭ᠎ᠢ ᠬᠠᠮᠤᠭ ᠥᠨᠳᠥᠷ᠎ᠲᠡᠭᠡᠨ 25 % ᠬᠦᠷᠲᠡᠯ᠎ᠡ ᠳᠡᠭᠡᠭᠰᠢᠯᠡᠭᠦᠯᠵᠦ ᠪᠣᠯᠤᠨ᠎ᠠ᠂ 1000 ᠲᠦᠮᠡᠨ ᠲᠥᠭᠥᠷᠢᠭ᠎ᠠᠴᠠ ᠳᠡᠭᠡᠭᠰᠢᠬᠢ ᠬᠡᠰᠡᠭ᠎ᠢ ᠬᠠᠮᠤᠭ ᠥᠨᠳᠥᠷ᠎ᠲᠡᠭᠡᠨ 20 % ᠬᠦᠷᠲᠡᠯ᠎ᠡ ᠳᠡᠭᠡᠭᠰᠢᠯᠡᠭᠦᠯᠵᠦ ᠪᠣᠯᠤᠨ᠎ᠠ; ᠲᠣᠭ᠋ᠠᠨ᠎ᠤ ᠤᠬᠠᠭ᠋ᠠᠨ ᠵᠡᠷᠭᠡ ᠴᠤᠯᠤ ᠤᠨᠤᠯ᠎ᠤᠨ ᠰᠠᠭᠤᠷᠢ ᠰᠤᠳᠤᠯᠭ᠋ᠠᠨ᠎ᠤ ᠵᠦᠢ᠍ᠯᠡᠰ᠎ᠤᠨ ᠲᠠᠮ ᠵᠠᠷᠤᠳᠠᠯ᠎ᠤᠨ ᠬᠠᠷᠢᠴᠠᠯ᠎ᠢ 60 %᠎ᠠᠴᠠ ᠬᠡᠲᠦᠷᠡᠭᠦᠯᠬᠦ ᠦᠭᠡᠢ ᠪᠣᠯᠲᠠᠯ᠎ᠠ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠃ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠨᠦᠭᠦᠳ ᠳᠠᠮ ᠵᠠᠷᠤᠳᠠᠯ᠎ᠢ ᠪᠦᠬᠦᠨ᠎ᠢ ᠠᠵᠢᠯ᠎ᠤᠨ ᠠᠮᠵᠢᠯᠲᠠ ᠪᠦᠲᠦᠮᠵᠢ ᠵᠢᠨ ᠵᠠᠷᠤᠯᠭ᠎ᠠ᠎ᠳᠤ ᠬᠡᠷᠡᠭᠯᠡᠬᠦ ᠵᠢᠨ ᠬᠠᠮᠲᠤ᠂ ᠰᠢᠨ᠎ᠡ ᠵᠢ ᠡᠭᠦᠳᠦᠭᠰᠡᠨ ᠠᠵᠢᠯ᠎ᠤᠨ ᠠᠮᠵᠢᠯᠲᠠ ᠪᠦᠲᠦᠮᠵᠢ᠎ᠪᠠᠷ ᠲᠣᠪᠣᠢ᠌ᠮ᠎ᠠ ᠪᠦᠯᠬᠦᠮ ᠨᠡᠢ᠌ᠲᠡ ᠪᠠ ᠬᠤᠪᠢ ᠬᠥᠮᠦᠨ ᠳᠠᠰᠢ ᠬᠡᠯᠪᠡᠢ᠌ᠯᠭᠡᠵᠦ ᠪᠣᠯᠤᠨ᠎ᠠ ᠃
ᠬᠣᠷᠢᠳᠤᠭ᠋ᠠᠷ ᠵᠦᠢ᠍ᠯ ᠲᠥᠰᠦᠪ᠎ᠤᠨ ᠲᠤᠭᠢᠷᠠᠭᠤᠯᠤᠯᠳᠠ ᠃ ᠲᠥᠬᠥᠭᠡᠷᠦᠮᠵᠢ ᠵᠢᠨ ᠵᠠᠷᠤᠳᠠᠯ᠎ᠤᠨ ᠲᠥᠰᠦᠪ᠎ᠤᠨ ᠲᠣᠬᠢᠷᠠᠭᠤᠯᠤᠯᠲᠠ ᠵᠢᠨ ᠡᠷᠬᠡ ᠵᠢ ᠪᠦᠬᠦᠨ᠎ᠢ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠳᠤ ᠪᠠᠭᠤᠯᠭ᠋ᠠᠵᠤ᠂ ᠲᠥᠷᠥᠯ ᠵᠦᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠡᠭᠦᠨ᠎ᠤ ᠲᠥᠰᠦᠪ᠎ᠤᠨ ᠲᠣᠬᠢᠷᠠᠭᠤᠯᠤᠯᠲᠠ ᠨᠡᠮᠡᠭᠳᠡᠯ᠎ᠢ ᠬᠢᠨᠠᠨ ᠵᠥᠪᠰᠢᠶᠡᠷᠡᠬᠦ ᠥᠬᠡᠶ ᠃ ᠰᠢᠭᠤᠳ ᠵᠠᠷᠤᠳᠠᠯ᠎ᠳᠤ ᠪᠡᠯᠡᠳᠬᠡᠮᠵᠢ ᠵᠢᠨ ᠵᠠᠷᠤᠳᠠᠯ᠎ᠠᠴᠠ ᠪᠤᠰᠤᠳ ᠵᠠᠷᠤᠳᠠᠯ ᠲᠣᠬᠢᠷᠠᠭᠤᠯᠬᠤ ᠡᠷᠬᠡ ᠵᠢ ᠪᠦᠬᠦᠨ᠎ᠢ ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠠᠴᠠ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠎ᠳᠤ ᠪᠠᠭᠤᠯᠭ᠋ᠠᠨ ᠥᠭᠴᠦ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠎ᠠᠴᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠯᠠᠭ᠎ᠠ ᠵᠢᠨ ᠪᠣᠳᠠᠲᠠᠶ ᠬᠡᠷᠡᠭᠴᠡᠭᠡ ᠵᠢ ᠦᠨᠳᠦᠰᠦᠯᠡᠨ ᠡᠵᠡᠨ ᠮᠡᠳᠡᠨ ᠲᠣᠬᠢᠷᠠᠭᠤᠯᠤᠨ᠎ᠠ ᠃ ᠲᠥᠷᠥᠯ ᠵᠦᠢ᠍ᠯ᠎ᠤᠨ ᠳᠠᠮ ᠵᠠᠷᠤᠳᠠᠯ᠎ᠤᠨ ᠲᠥᠰᠦᠪ᠎ᠤᠨ ᠶᠡᠷᠦᠩᠬᠡᠶ ᠲᠣᠭ᠎ᠠ ᠵᠢ ᠵᠠᠷᠴᠢᠮ ᠳᠡᠭᠡᠷ᠎ᠡ᠎ᠪᠠᠨ ᠲᠣᠬᠢᠷᠠᠭᠤᠯᠤᠨ ᠨᠡᠮᠡᠭᠳᠡᠭᠦᠯᠵᠦ ᠪᠣᠯᠬᠤ ᠦᠭᠡᠶ᠂ ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠨᠢ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨᠯᠤᠭᠠ ᠵᠥᠪᠳᠡᠯᠴᠡᠭᠡᠳ ᠰᠠᠨᠠᠯ ᠨᠢᠭᠡᠳᠦᠭᠰᠡᠨᠤ ᠳᠠᠷᠠᠭ᠎ᠠ᠂ ᠲᠣᠬᠢᠷᠠᠭᠤᠯᠤᠨ ᠬᠠᠰᠤᠵᠤ ᠰᠢᠭᠤᠳ ᠵᠠᠷᠤᠳᠠᠯ᠎ᠳᠤ ᠬᠡᠷᠡᠭᠯᠡᠵᠦ ᠪᠣᠯᠤᠨ᠎ᠠ ᠃
ᠬᠣᠷᠢᠨ ᠨᠢᠭᠡᠳᠦᠭᠡᠷ ᠵᠦᠢ᠍ᠯ ᠲᠥᠷᠥᠯ ᠵᠦᠢ᠍ᠯ᠎ᠢ ᠶᠠᠮᠠᠷ ᠨᠢᠭᠡᠨ ᠰᠢᠯᠲᠠᠭ᠋ᠠᠨ᠎ᠠᠴᠠ ᠪᠣᠯᠵᠤ ᠬᠦᠴᠦᠨ ᠦᠭᠡᠶ ᠪᠣᠯᠭ᠋ᠠᠬᠤ ᠪᠤᠶᠤ ᠵᠣᠭᠰᠣᠭ᠋ᠠᠭᠰᠠᠨ ᠪᠠᠢ᠌ᠪᠠᠯ᠂ ᠲᠥᠷᠥᠯ ᠵᠦᠢ᠍ᠯ᠎ᠢ ᠲᠦᠷᠦᠭᠦᠯᠡᠨ ᠬᠢᠬᠦ ᠨᠢᠭᠡᠴᠡ᠎ᠨᠢ ᠲᠥᠷᠥᠯ ᠵᠦᠢ᠍ᠯ᠎ᠤᠨ ᠨᠢᠭᠡᠨᠲᠡ ᠥᠷᠨᠢᠭᠦᠯᠦᠭᠰᠡᠨ ᠠᠵᠢᠯ᠂ ᠵᠠᠷᠤᠳᠠᠯ᠎ᠤᠨ ᠬᠡᠷᠡᠭᠯᠡᠯᠲᠡ᠂ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠵᠡᠷᠭᠡ ᠪᠠᠢ᠌ᠳᠠᠯ᠎ᠳᠤ ᠪᠢᠴᠢᠭᠯᠡᠭᠰᠡᠨ ᠮᠡᠳᠡᠭᠦᠯᠦᠯᠲᠡ ᠬᠢᠬᠦ ᠵᠢᠨ ᠬᠠᠮᠲᠤ᠂ ᠵᠠᠷᠤᠳᠠᠯ᠎ᠤᠨ ᠲᠥᠰᠦᠪ᠎ᠤᠨ ᠭᠦᠢ᠍ᠴᠡᠳᠬᠡᠯ ᠪᠤᠶᠤ ᠬᠢᠨᠠᠨ ᠪᠣᠳᠣᠯᠲᠠ ᠵᠢᠨ ᠮᠡᠳᠡᠭᠦᠯᠦᠯᠲᠡ ᠬᠢᠵᠦ᠂ ᠡᠳ᠋ ᠬᠥᠷᠥᠩᠭᠡ ᠵᠢᠨ ᠨᠠᠷᠢᠨ ᠬᠠᠭᠤᠳᠠᠰᠤ ᠵᠢ ᠨᠠᠢ᠌ᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠵᠶ᠋ᠡᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠦᠯᠡᠳᠡᠪᠦᠷᠢ ᠪᠡᠯᠡ ᠮᠥᠩᠭᠥ ᠵᠢᠴᠢ ᠲᠣᠭᠲᠠᠭ᠋ᠠᠯ᠎ᠠᠴᠠ ᠵᠥᠷᠢᠴᠡᠭᠰᠡᠨ ᠪᠡᠯᠡ ᠮᠥᠩᠭᠥ (ᠨᠢᠭᠡᠨᠲᠡ ᠬᠤᠳᠠᠯᠳᠤᠨ ᠠᠪᠤᠭᠰᠠᠨ ᠡᠳ᠋ ᠪᠠᠷᠠᠭ᠎ᠠ᠂ ᠮᠠᠲ᠋ᠧᠷᠢᠶᠠᠯ ᠵᠢᠴᠢ ᠬᠡᠮᠵᠢᠭᠦᠷᠯᠢᠭ ᠲᠥᠬᠥᠭᠡᠷᠦᠮᠵᠢ ᠵᠢ ᠰᠢᠢᠳᠪᠦᠷᠢᠯᠡᠭᠰᠡᠨ ᠦᠨ᠎ᠡ ᠬᠤᠪᠢᠷᠠᠭᠤᠯᠤᠭᠰᠠᠨ ᠣᠷᠣᠯᠭ᠎ᠠ ᠵᠢ ᠪᠠᠭᠲᠠᠭ᠋ᠠᠨ᠎ᠠ) ᠵᠢ ᠬᠤᠷᠢᠶᠠᠨ ᠠᠪᠬᠤ ᠬᠡᠷᠡᠭᠲᠡᠶ ᠃
ᠬᠣᠷᠢᠨ ᠬᠣᠶᠠᠳᠤᠭ᠋ᠠᠷ ᠵᠦᠢ᠍ᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ ᠲᠥᠬᠥᠭᠡᠷᠦᠮᠵᠢ ᠵᠢ ᠬᠤᠳᠠᠯᠳᠤᠨ ᠠᠪᠬᠤ ᠵᠢ ᠳᠥᠭᠥᠮᠴᠢᠯᠡᠨ᠎ᠡ ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠪᠠᠴᠢᠮ ᠬᠡᠷᠡᠭᠰᠡᠬᠦ ᠲᠥᠬᠥᠭᠡᠷᠦᠮᠵᠢ ᠪᠠ ᠬᠣᠷᠣᠭᠳᠠᠯ ᠮᠠᠲ᠋ᠧᠷᠢᠶᠠᠯ᠎ᠳᠤ ᠣᠨᠴᠠᠭ᠋ᠠᠶ ᠶᠠᠪᠤᠳᠠᠯ᠎ᠢ ᠣᠨᠴᠠᠭ᠋ᠠᠶ ᠰᠢᠢᠳᠪᠦᠷᠢᠯᠡᠬᠦ᠂ ᠪᠠᠴᠢᠮ ᠶᠠᠪᠤᠳᠠᠯ᠎ᠢ ᠪᠠᠴᠢᠮ ᠰᠢᠢᠳᠪᠦᠷᠢᠯᠡᠬᠦ ᠬᠤᠳᠠᠯᠳᠤᠨ ᠠᠪᠬᠤ ᠲᠣᠭᠲᠠᠴᠠ ᠵᠢ ᠬᠡᠷᠡᠭᠯᠡᠵᠦ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠲᠠᠰ ᠳᠠᠷᠠᠭ᠋ᠠᠯᠠᠯ᠎ᠢ ᠬᠡᠷᠡᠭᠵᠢᠭᠦᠯᠬᠦ ᠥᠬᠡᠶ ᠪᠠᠢ᠌ᠵᠤ ᠪᠣᠯᠤᠨ᠎ᠠ ᠃ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠲᠣᠭ᠎ᠠ ᠨᠣᠷᠮ᠎ᠠ ᠵᠢᠨ ᠪᠠᠷᠢᠮᠵᠢᠶ᠎ᠠ᠎ᠳᠤ ᠬᠥᠷᠬᠥ᠎ᠳᠤ ᠳᠠᠭ᠋ᠠᠭ᠋ᠠᠴᠢᠯᠠᠯᠲᠠ ᠵᠠᠷᠯᠠᠬᠤ ᠪᠤᠰᠤ ᠠᠷᠭ᠎ᠠ ᠮᠠᠶᠢᠭ᠎ᠢ ᠬᠡᠷᠡᠭᠯᠡᠭᠰᠡᠨ ᠪᠠᠢ᠌ᠪᠠᠯ᠂ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠨᠢ ᠬᠠᠤᠯᠢ ᠶᠣᠰᠣᠭ᠋ᠠᠷ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠵᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠬᠤᠭᠤᠴᠠᠭ᠎ᠠ ᠬᠢᠵᠠᠭ᠋ᠠᠷᠯᠠᠨ ᠭᠦᠢᠴᠡᠳᠬᠡᠵᠦ ᠳᠠᠭᠤᠰᠬᠠᠬᠤ ᠲᠦᠷᠢᠮ᠎ᠢ ᠬᠡᠷᠡᠭᠵᠢᠭᠦᠯᠵᠦ᠂ ᠵᠠᠷᠴᠢᠮ ᠳᠡᠭᠡᠷ᠎ᠡ᠎ᠪᠠᠨ ᠬᠤᠪᠢᠷᠠᠭᠤᠯᠬᠤ ᠭᠤᠶᠤᠴᠢᠯᠠᠯ᠎ᠢ ᠣᠯᠤᠭᠰᠠᠨ ᠡᠳᠦᠷ᠎ᠠᠴᠠ ᠡᠬᠢᠯᠡᠨ 5 ᠠᠵᠢᠯᠯᠠᠬᠤ ᠡᠳᠦᠷ᠎ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠬᠡᠷᠡᠭᠲᠡᠶ ᠃
ᠬᠣᠷᠢᠨ ᠭᠤᠷᠪᠠᠳᠤᠭ᠋ᠠᠷ ᠵᠦᠢ᠍ᠯ ᠲᠥᠷᠥᠯ ᠵᠦᠢ᠍ᠯ᠎ᠢ ᠬᠡᠷᠡᠭᠵᠢᠭᠦᠯᠬᠦ ᠶᠠᠪᠤᠴᠠ᠎ᠳᠤ᠂ ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠨᠢ ᠡᠳ᠋᠎ᠤᠨ ᠵᠠᠰᠠᠭ᠎ᠤᠨ ᠪᠡᠯᠡ ᠮᠥᠩᠭᠥ ᠵᠢ ᠬᠡᠷᠡᠭᠯᠡᠭᠡᠳ ᠪᠤᠶ ᠪᠣᠯᠤᠭᠰᠠᠨ ᠲᠣᠭᠲᠠᠮᠠᠯ ᠬᠥᠷᠥᠩᠭᠡ᠂ ᠳᠠᠯᠳᠠ ᠬᠥᠷᠥᠩᠭᠡ ᠵᠢᠨ ᠬᠠᠮᠢᠶᠠᠷᠤᠯᠲᠠ ᠵᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ ᠃ ᠡᠳ᠋᠎ᠤᠨ ᠵᠠᠰᠠᠭ᠎ᠤᠨ ᠪᠠᠯᠠ ᠮᠥᠩᠭᠥ᠎ᠪᠠᠷ ᠪᠦᠷᠢᠯᠳᠦᠭᠰᠡᠨ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠬᠡᠮᠵᠢᠭᠦᠷᠯᠢᠭ ᠲᠥᠬᠥᠭᠡᠷᠦᠮᠵᠢ᠂ ᠰᠢᠨᠵᠢᠯᠡᠬᠦ ᠤᠬᠠᠭ᠋ᠠᠨ᠎ᠤ ᠲᠣᠭ᠎ᠠ ᠪᠠᠷᠢᠮᠲᠠ᠂ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ ᠵᠡᠷᠭᠡ ᠵᠢ ᠬᠡᠷᠡᠭᠯᠡᠵᠦ᠂ ᠲᠣᠭᠲᠠᠭ᠋ᠠᠯ ᠶᠣᠰᠣᠭ᠋ᠠᠷ ᠨᠡᠭᠡᠭᠡᠯᠲᠡ ᠬᠢᠵᠦ ᠬᠠᠮᠲᠤ᠎ᠪᠠᠷ ᠡᠳ᠋ᠯᠡᠨ᠎ᠡ ᠃
ᠬᠣᠷᠢᠨ ᠳᠥᠷᠪᠡᠳᠦᠭᠡᠷ ᠵᠦᠢ᠍ᠯ ᠲᠥᠷᠥᠯ ᠵᠦᠢ᠍ᠯ᠎ᠨᠢ ᠡᠭᠦᠷᠭᠡ ᠵᠢᠨ ᠬᠠᠷᠠᠯᠲᠠ᠎ᠪᠠᠨ ᠪᠡᠶᠡᠯᠡᠭᠦᠯᠬᠦ ᠵᠢᠨ ᠬᠠᠮᠲᠤ ᠶᠡᠷᠦᠩᠬᠡᠢ᠌ᠯᠡᠭᠰᠡᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠥᠩᠭᠡᠷᠡᠭᠡᠭᠰᠡᠨ᠎ᠤ ᠳᠠᠷᠠᠭ᠎ᠠ᠂ ᠦᠯᠡᠳᠡᠪᠦᠷᠢ ᠪᠡᠯᠡ ᠮᠥᠩᠭᠥ ᠵᠢ ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠳᠤ ᠦᠯᠡᠳᠡᠭᠡᠨ ᠬᠡᠷᠡᠭᠯᠡᠭᠦᠯᠦᠨ᠎ᠡ ᠃ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠨᠦᠭᠦᠳ ᠦᠯᠡᠳᠡᠪᠦᠷᠢ ᠪᠠᠯᠠ ᠮᠥᠩᠭᠥ ᠵᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠯᠠᠭ᠎ᠠ ᠵᠢᠨ ᠰᠢᠭᠤᠳ ᠵᠠᠷᠤᠯᠭ᠎ᠠ᠎ᠳᠤ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠤᠤᠯ᠎ᠤᠨ ᠲᠥᠷᠥᠯ ᠵᠦᠢᠯ᠎ᠤᠨ ᠪᠦᠯᠬᠦᠮ ᠨᠡᠢ᠌ᠲᠡ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠤᠷᠢᠳᠠᠪᠠᠷ ᠪᠣᠳᠣᠯᠬᠢᠯᠠᠨ᠂ ᠦᠯᠡᠳᠡᠪᠦᠷᠢ ᠪᠠᠯᠠ ᠮᠥᠩᠭᠥ ᠵᠢᠨ ᠳᠣᠲᠣᠭ᠋ᠠᠳᠤ ᠵᠢᠨ ᠬᠠᠮᠢᠶᠠᠷᠤᠯᠲᠠ ᠵᠢᠨ ᠲᠦᠷᠢᠮ᠎ᠢ ᠲᠣᠭᠲᠠᠭ᠋ᠠᠵᠤ᠂ ᠦᠯᠡᠳᠡᠪᠦᠷᠢ ᠪᠠᠯᠠ ᠮᠥᠩᠭᠥ ᠵᠢ ᠴᠢᠯᠥᠭᠡᠲᠡᠶ ᠴᠢᠯᠥᠭᠡᠲᠡᠶ᠂ ᠪᠠᠯᠠ ᠮᠥᠩᠭᠥ ᠵᠢᠨ ᠬᠡᠷᠡᠭᠯᠡᠬᠦ ᠠᠬᠢᠴᠠ ᠵᠢ ᠲᠦᠷᠭᠡᠳᠬᠡᠨ᠎ᠡ ᠃ ᠶᠡᠷᠦᠩᠬᠡᠢ᠌ᠯᠡᠭᠰᠡᠨ ᠠᠮᠵᠢᠯᠲᠠ ᠪᠦᠲᠦᠮᠵᠢ ᠵᠢ ᠦᠨᠡᠯᠡᠭᠰᠡᠨ ᠦᠷ᠎ᠡ ᠳ᠋᠊ ᠦᠩᠨᠢ ᠡᠴᠦᠰ᠎ᠤᠨ ᠰᠡᠳᠦᠪ ᠪᠣᠯᠤᠨ᠎ᠠ᠂ ᠪᠠᠲᠤᠯᠠᠭᠳᠠᠭᠰᠠᠨ ᠦᠭᠡᠶ ᠲᠥᠷᠥᠯ ᠵᠦᠢ᠍ᠯ᠎ᠳᠤ ᠪᠣᠯ ᠦᠯᠡᠳᠡᠪᠦᠷᠢ ᠪᠡᠯᠡ ᠮᠥᠩᠭᠥ ᠵᠢ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠡᠭᠡᠭᠦᠯᠦᠨ ᠬᠤᠷᠢᠶᠠᠨ᠎ᠠ ᠃
ᠬᠣᠷᠢᠨ ᠲᠠᠪᠤᠳᠤᠭ᠋ᠠᠷ ᠵᠦᠢ᠍ᠯ ᠲᠣᠭᠲᠠᠭᠰᠠᠨ ᠲᠣᠭ᠎ᠠ᠎ᠪᠠᠷ ᠨᠥᠬᠥᠪᠥᠷᠢᠯᠡᠬᠦ᠂ ᠬᠡᠷᠡᠭ᠎ᠤᠨ ᠳᠠᠷᠠᠭ᠎ᠠ ᠨᠥᠬᠥᠪᠥᠷᠢᠯᠡᠬᠦ ᠲᠥᠷᠥᠯ ᠵᠦᠢ᠍ᠯ ᠪᠠ 《ᠳᠠᠭ᠋ᠠᠭ᠋ᠠᠴᠢᠯᠠᠯᠲᠠ ᠵᠢᠨ ᠳᠦᠷᠢᠮ + ᠨᠠᠵᠠᠭ᠋ᠠᠶ ᠲᠠᠯ᠎ᠠ ᠵᠢᠨ ᠨᠠᠷᠢᠨ ᠬᠠᠭᠤᠳᠠᠰᠤ》 ᠵᠢᠨ ᠬᠠᠮᠢᠶᠠᠷᠤᠯᠲᠠ᠎ᠳᠤ ᠣᠷᠣᠭᠤᠯᠤᠭᠰᠠᠨ ᠡᠷᠳᠡᠮ ᠰᠢᠨᠵᠢᠯᠡᠭᠡᠨ᠎ᠤ ᠲᠥᠷᠥᠯ ᠵᠦᠢ᠍ᠯ᠎ᠤᠨ ᠵᠠᠷᠤᠳᠠᠯ᠎ᠤᠨ ᠬᠡᠷᠡᠭᠯᠡᠯᠲᠡ ᠵᠢ ᠬᠠᠮᠢᠶ᠎ᠠ ᠪᠦᠬᠦᠢ ᠬᠠᠮᠢᠶᠠᠷᠤᠯᠲᠠ ᠵᠢᠨ ᠠᠷᠭ᠎ᠠ᠎ᠪᠠᠷ ᠦᠨᠳᠦᠰᠦᠯᠡᠯ ᠪᠣᠯᠭ᠋ᠠᠵᠤ ᠬᠡᠷᠡᠭᠵᠢᠭᠦᠯᠦᠨ᠎ᠡ ᠃