ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠥᠬᠥᠶ ᠨᠢᠭᠡᠴᠢ᠂ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠡᠯ᠎ᠡ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠬᠠᠮᠢᠶᠠᠷᠬᠤ ᠠᠷᠭ᠎ᠠ》 ᠵᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠶ ᠲᠤᠤᠱᠯᠠᠭᠤᠯᠤᠨ ᠨᠠᠢ᠌ᠳᠠᠪᠤᠷᠢᠵᠢᠭᠤᠯᠲᠤᠭ᠋ᠠᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
2024 ᠣᠨ᠎ᠤ 11 ᠰᠠᠷ᠎ᠠ ᠵᠢᠨ 8᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠬᠠᠮᠢᠶᠠᠷᠬᠤ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠶᠡᠷᠦᠩᠬᠡᠢ ᠱᠦᠵᠢ ᠰᠢ ᠵᠢᠨ ᠫᠢᠩ᠎ᠤᠨ《ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠣᠯ ᠰᠢᠨ᠎ᠡ ᠵᠢ ᠡᠭᠦᠳᠬᠦ ᠬᠥᠭᠵᠢᠯᠲᠡ ᠵᠢ ᠪᠡᠶᠡᠯᠡᠭᠦᠯᠬᠦ ᠵᠢᠨ ᠬᠣᠶᠠᠷ ᠵᠢᠭᠦᠷ ᠮᠥᠨ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠲᠠᠢ ᠠᠳᠠᠯᠢ ᠴᠢᠬᠤᠯᠠ ᠪᠠᠢ᠌ᠷᠢᠨ᠎ᠳᠤ ᠲᠠᠯᠪᠢᠬᠤ ᠬᠡᠷᠡᠭᠲᠡᠢ》 ᠭᠡᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠤᠯ ᠰᠢᠵᠢᠮ᠎ᠤᠨ ᠲᠣᠭᠣᠷᠢᠨ᠎ᠳᠤ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠠᠵᠢᠯᠯᠠᠭ᠋ᠠᠨ ᠪᠠ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠬᠠᠤᠯᠢ》᠂《ᠪᠦᠬᠦ ᠠᠷᠠᠳ᠎ᠤᠨ ᠰᠢᠨᠵᠢᠯᠡᠬᠦ ᠤᠬᠠᠭ᠋ᠠᠨ᠎ᠤ ᠬᠡᠪ ᠴᠢᠨᠠᠷ᠎ᠤᠨ ᠠᠵᠢᠯᠯᠠᠭ᠋ᠠᠨ᠎ᠤ ᠲᠥᠯᠥᠪᠯᠡᠭᠡ ᠵᠢᠨ ᠲᠣᠪᠴᠢ (2021—2035 ᠣᠨ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠳᠦᠷᠢᠮ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠰᠢᠨ᠎ᠡ ᠴᠠᠭ ᠦᠶ᠎ᠡ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠰᠠᠨᠠᠯ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠂ ᠲᠤᠰ ᠠᠷᠭ᠎ᠠ ᠵᠢ ᠲᠣᠭᠲᠠᠭ᠋ᠠᠪᠠ ᠃
ᠬᠣᠶᠠᠳᠤᠭ᠋ᠠᠷ ᠵᠦᠢᠯ ᠲᠤᠰ ᠠᠷᠭ᠎ᠠ᠎ᠳᠤ ᠬᠡᠯᠡᠵᠦ ᠪᠠᠢ᠌ᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ (ᠳᠣᠷᠣᠭᠰᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠭᠡᠵᠦ ᠲᠣᠪᠴᠢᠯᠠᠨ᠎ᠠ) ᠭᠡᠳᠡᠭ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ (ᠳᠣᠷᠣᠭᠰᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠭᠡᠵᠦ ᠲᠣᠪᠴᠢᠯᠠᠨ᠎ᠠ)᠎ᠠᠴᠠ ᠦᠨᠡᠮᠰᠢᠭᠰᠡᠨ᠂ ᠨᠡᠢ᠌ᠭᠡᠮ ᠨᠡᠢ᠌ᠲᠡ᠎ᠳᠤ ᠬᠠᠨᠳᠤᠭᠤᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠯᠭᠡ ᠵᠢ ᠲᠦᠭᠡᠮᠡᠯᠵᠢᠭᠦᠯᠬᠦ᠂ ᠰᠢᠨᠵᠢᠯᠡᠬᠦ ᠤᠬᠠᠭ᠋ᠠᠨᠴᠢ ᠠᠷᠭ᠎ᠠ ᠵᠢ ᠰᠠᠨᠠᠭ᠋ᠠᠴᠢᠯᠠᠬᠤ᠂ ᠰᠢᠨᠵᠢᠯᠡᠬᠦ ᠤᠬᠠᠭ᠋ᠠᠨ᠎ᠤ ᠦᠵᠡᠯ ᠰᠠᠨᠠᠭ᠎ᠠ ᠵᠢ ᠤᠯᠠᠮᠵᠢᠯᠠᠬᠤ᠂ ᠰᠢᠨᠵᠢᠯᠡᠬᠦ ᠤᠬᠠᠭ᠋ᠠᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠪᠠᠢ᠌ᠭᠤᠯᠤᠮᠵᠢ ᠪᠤᠶᠤ ᠵᠣᠬᠢᠶᠠᠨ ᠪᠠᠢ᠌ᠭᠤᠯᠤᠯᠲᠠ ᠵᠢ ᠵᠢᠭ᠋ᠠᠵᠤ ᠪᠤᠶ ᠃
ᠭᠤᠷᠪᠠᠳᠤᠭ᠋ᠠᠷ ᠵᠦᠢᠯ ᠲᠤᠰ ᠠᠷᠭ᠎ᠠ᠎ᠨᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠦᠨᠡᠮᠰᠢᠬᠦ ᠪᠠ ᠬᠠᠮᠢᠶᠠᠷᠬᠤ ᠵᠡᠷᠭᠡ ᠠᠵᠢᠯ᠎ᠳᠤ ᠲᠣᠬᠢᠷᠠᠨ᠎ᠠ ᠃
ᠳᠥᠷᠪᠡᠳᠦᠭᠡᠷ ᠵᠦᠢᠯ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ 《ᠵᠠᠰᠠᠭ᠎ᠤᠨ ᠣᠷᠳᠣᠨ ᠬᠥᠲᠥᠯᠥᠨ ᠵᠢᠯᠣᠭᠣᠳᠬᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠰᠢᠯᠭ᠋ᠠᠬᠤ᠂ ᠬᠥᠳᠡᠯᠦᠩᠭᠦᠶ᠎ᠪᠠᠷ ᠲᠣᠬᠢᠷᠠᠭᠤᠯᠬᠤ》 ᠬᠠᠮᠢᠶᠠᠷᠤᠯᠲᠠ ᠵᠢᠨ ᠲᠣᠭᠲᠠᠴᠠ ᠵᠢ ᠠᠪᠤᠨ᠎ᠠ ᠃
ᠬᠣᠶᠠᠳᠤᠭ᠋ᠠᠷ ᠪᠦᠯᠦᠭ ᠨᠥᠬᠥᠴᠡᠯ ᠬᠢᠭᠡᠳ ᠠᠩᠭᠢᠯᠠᠯ
ᠲᠠᠪᠤᠳᠤᠭ᠋ᠠᠷ ᠵᠦᠢᠯ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠮᠡᠳᠡᠭᠦᠯᠬᠦ ᠭᠣᠤᠯ ᠴᠣᠭᠴᠠ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠪᠦᠷᠢᠳᠬᠡᠨ ᠳᠠᠩᠰᠠᠯᠠᠭᠤᠯᠤᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ ᠨᠢᠭᠡᠴᠡ ᠪᠤᠶᠤ ᠬᠠᠤᠯᠢ ᠵᠢᠨ ᠡᠷᠬᠡᠲᠡᠨ᠎ᠤ ᠨᠢᠭᠡᠴᠡ ᠵᠢᠨ ᠬᠠᠤᠯᠢ ᠶᠣᠰᠣᠭ᠋ᠠᠷ ᠨᠠᠢ᠌ᠳᠠᠭᠰᠠᠨ ᠪᠡᠶ᠎ᠡ᠎ᠪᠠᠨ ᠳᠠᠭ᠋ᠠᠭ᠋ᠠᠵᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ ᠨᠢᠭᠡᠴᠡ ᠪᠠᠢ᠌ᠬᠤ ᠬᠡᠷᠡᠭᠲᠡᠶ ᠪᠥᠭᠡᠳ ᠳᠣᠤᠷᠠᠬᠢ ᠦᠨᠳᠦᠰᠦᠨ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠶ᠄
(ᠨᠢᠭᠡ) ᠪᠣᠳᠠᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠤᠨ ᠪᠠᠢ᠌ᠭᠤᠯᠤᠮᠵᠢ ᠪᠠ ᠬᠠᠮᠢᠶᠠᠷᠤᠯᠲᠠ ᠵᠢᠨ ᠳᠦᠷᠢᠮ᠎ᠲᠠᠢ ᠪᠠᠢ᠌ᠵᠤ᠂ ᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠤᠨ ᠲᠥᠯᠥᠪᠯᠡᠭᠡ ᠪᠠ ᠤᠷᠲᠤ ᠰᠢᠭ ᠪᠠ ᠤᠷᠲᠤ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠤᠨ ᠲᠥᠯᠥᠪᠵᠢᠭᠦᠯᠭᠡ᠎ᠲᠠᠢ ᠪᠠᠢ᠌ᠬᠤ;
(ᠬᠣᠶᠠᠷ) ᠲᠣᠭᠲᠠᠪᠤᠷᠢᠲᠠᠢ ᠵᠠᠷᠤᠳᠠᠯ᠎ᠤᠨ ᠢᠷᠡᠯᠳᠡ᠎ᠲᠠᠢ ᠪᠠᠢ᠌ᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠠᠷᠤᠳᠠᠯ᠎ᠢ ᠨᠢᠭᠡᠴᠢ ᠵᠢᠨ ᠣᠨ᠎ᠤ ᠲᠥᠰᠦᠪ᠎ᠲᠤ ᠣᠷᠣᠭᠤᠯᠬᠤ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯᠯᠠᠭ᠎ᠠ ᠵᠢᠨ ᠬᠡᠪ ᠵᠶ᠋ᠡᠷ ᠶᠠᠪᠤᠭᠳᠠᠬᠤ ᠵᠢ ᠪᠠᠲᠤᠯᠠᠵᠤ ᠴᠢᠳᠠᠨ᠎ᠠ;
(ᠭᠤᠷᠪᠠ) ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠢ ᠥᠷᠨᠢᠭᠦᠯᠬᠦ᠎ᠳᠤ ᠵᠣᠬᠢᠴᠠᠭᠰᠠᠨ ᠡᠬᠢ ᠪᠠᠶᠠᠯᠢᠭ᠂ ᠲᠥᠬᠥᠭᠡᠷᠦᠮᠵᠢ᠂ ᠲᠠᠯᠠᠪᠤᠷ ᠵᠡᠷᠭᠡ ᠨᠥᠬᠥᠴᠡᠯ᠎ᠢ ᠪᠦᠷᠢᠯᠳᠦᠭᠦᠯᠵᠦ᠂ ᠤᠯᠠᠨ ᠨᠡᠢ᠌ᠲᠡ ᠵᠢᠨ ᠦᠵᠡᠬᠦ᠂ ᠤᠩᠰᠢᠬᠤ ᠪᠠ ᠠᠪᠬᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠲᠠᠭᠤ ᠳᠦᠷᠰᠦ ᠰᠢᠩᠭᠡᠭᠡᠯᠲᠡ᠂ ᠦᠰᠦᠭ ᠪᠢᠴᠢᠭ᠂ ᠵᠢᠷᠤᠭᠲᠤ ᠮᠠᠲ᠋ᠧᠷᠢᠶᠠᠯ᠎ᠲᠠᠢ ᠪᠠᠢ᠌ᠬᠤ;
(ᠳᠦᠷᠪᠡ) ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠣᠬᠢᠬᠤ ᠲᠣᠭ᠋ᠠᠨ᠎ᠤ ᠲᠤᠰᠬᠠᠢ ᠪᠠ ᠲᠤᠰᠢᠶᠠᠯ ᠬᠠᠪᠰᠤᠷᠭ᠋ᠠᠭᠰᠠᠨ ᠠᠵᠢᠯᠲᠠᠨ᠎ᠲᠠᠢ ᠪᠠᠢ᠌ᠬᠤ;
(ᠲᠠᠪᠤ) ᠭᠠᠳᠠᠭ᠋ᠠᠳᠤ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠬᠠᠮᠲᠤᠷᠠᠯᠴᠠᠭ᠎ᠠ ᠪᠠ ᠰᠣᠯᠢᠯᠴᠠᠭ᠎ᠠ ᠵᠢ ᠥᠷᠨᠢᠭᠦᠯᠬᠦ ᠵᠣᠬᠢᠬᠤ ᠬᠡᠮᠵᠢᠶᠡᠨ᠎ᠤ ᠴᠢᠳᠠᠪᠤᠷᠢ᠎ᠲᠠᠢ ᠪᠠᠢ᠌ᠬᠤ;
(ᠵᠢᠷᠭᠤᠭ᠎ᠠ) ᠣᠯᠠᠨ ᠨᠡᠢ᠌ᠲᠡ᠎ᠳᠤ ᠬᠠᠨᠳᠤᠭᠤᠯᠤᠨ ᠣᠯᠠᠨ ᠲᠦᠮᠡᠨᠴᠢ ᠴᠢᠨᠠᠷᠲᠠᠶ᠂ ᠨᠡᠢ᠌ᠭᠡᠮᠴᠢ ᠴᠢᠨᠠᠷᠲᠠᠶ ᠪᠠ ᠪᠠᠢ᠌ᠩᠭᠤ ᠵᠢᠨ ᠴᠢᠨᠠᠷᠲᠠᠶ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢ ᠥᠷᠨᠢᠭᠦᠯᠵᠦ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠦᠢᠯᠡᠴᠢᠯᠡᠭᠡᠨ᠎ᠤ ᠪᠣᠳᠠᠲᠤ ᠦᠷ᠎ᠡ ᠪᠦᠲᠦᠮᠵᠢ᠎ᠨᠢ ᠢᠯᠡᠷᠬᠡᠶ ᠪᠠᠢ᠌ᠵᠤ᠂ ᠣᠢ᠌ᠷ᠎ᠠ ᠵᠢᠨ 2 ᠵᠢᠯ᠎ᠳᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠣᠬᠢᠬᠤ ᠬᠡᠪᠴᠢᠶ᠎ᠡ᠎ᠲᠠᠢ ᠠᠵᠢᠯᠯᠠᠭ᠎ᠠ ᠵᠢ ᠨᠡᠢ᠌ᠲᠡ 5 ᠤᠳᠠᠭ᠎ᠠ᠎ᠠᠴᠠ ᠳᠡᠭᠡᠭᠰᠢ ᠵᠣᠬᠢᠶᠠᠨ ᠪᠠᠢ᠌ᠭᠤᠯᠤᠨ ᠥᠷᠨᠢᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ᠂ ᠨᠠᠰᠤᠲᠠᠢ᠌ᠴᠤᠳ᠎ᠲᠤ ᠡᠩ ᠲᠡᠷᠢᠭᠦᠨ᠎ᠳᠤ ᠪᠠ ᠬᠠᠷᠠᠭ᠋ᠠᠯᠵᠠᠯ ᠦᠵᠡᠭᠦᠯᠪᠡ;
(ᠳᠣᠯᠣᠭ᠎ᠠ) ᠰᠦᠯᠵᠢᠶᠡᠨ ᠥᠷᠲᠡᠭᠡ᠂ ᠸᠢᠴᠠᠲ᠂ ᠪᠢᠴᠢᠯ ᠪᠦᠷᠭᠡ ᠵᠡᠷᠭᠡ ᠭᠠᠳᠠᠭ᠋ᠠᠳᠤ ᠤᠬᠠᠭᠤᠯᠭ᠎ᠠ ᠵᠢᠨ ᠠᠷᠭ᠎ᠠ ᠵᠠᠮ᠎ᠲᠠᠢ ᠪᠠᠢ᠌ᠬᠤ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠬᠡᠬᠦ ᠬᠡᠷᠡᠭᠲᠡᠶ ᠃
ᠵᠢᠷᠭᠤᠳᠤᠭ᠋ᠠᠷ ᠵᠦᠢᠯ ᠳᠡᠭᠡᠷ᠎ᠡ ᠳᠤᠷᠠᠳᠤᠭᠰᠠᠨ ᠦᠨᠳᠦᠰᠦᠨ ᠨᠥᠬᠥᠴᠡᠯ᠎ᠳᠤ ᠨᠡᠢ᠌ᠴᠡᠬᠦ᠎ᠠᠴᠠ ᠭᠠᠳᠠᠨ᠎ᠠ᠂ ᠠᠳᠠᠯᠢ ᠪᠤᠰᠤ ᠲᠥᠷᠥᠯ ᠬᠡᠯᠪᠡᠷᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠮᠡᠳᠡᠭᠦᠯᠬᠦ᠎ᠳᠤ ᠪᠠᠰᠠ ᠳᠣᠤᠷᠠᠬᠢ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠄
(ᠨᠢᠭᠡ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠯᠠᠪᠤᠷ ᠣᠷᠳᠣᠨ᠎ᠤ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠯᠠᠪᠤᠷ ᠣᠷᠳᠣᠨ᠎ᠤ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠭᠡᠳᠡᠭ᠎ᠨᠢ ᠣᠯᠠᠨ ᠰᠢᠨᠵᠢᠯᠡᠭᠡᠨ᠎ᠤ ᠰᠠᠯᠠᠭ᠎ᠠ᠂ ᠣᠯᠠᠨ ᠬᠦᠷᠢᠶ᠎ᠡ ᠪᠤᠶᠤ ᠲᠤᠰᠬᠠᠶ ᠰᠡᠳᠦᠪᠲᠦ ᠴᠢᠨᠠᠷᠲᠠᠶ ᠰᠢᠨᠵᠢᠯᠡᠬᠦ ᠤᠬᠠᠭ᠋ᠠᠨ᠎ᠤ ᠮᠡᠳᠡᠯᠭᠡ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠠᠮᠤᠷᠤᠭᠰᠠᠨ ᠢᠯᠡ ᠦᠵᠡᠭᠦᠯᠦᠯᠭᠡ ᠵᠢᠨ ᠵᠦᠢ᠍ᠯᠡᠰ᠎ᠢ ᠳᠡᠯᠭᠡᠨ ᠦᠵᠡᠭᠦᠯᠬᠦ ᠪᠠ ᠤᠬᠠᠭᠤᠯᠬᠤ᠎ᠪᠠᠷ ᠭᠣᠣᠯ ᠪᠣᠯᠭ᠋ᠠᠵᠤ᠂ ᠤᠷᠲᠤ ᠬᠤᠭᠤᠴᠠᠭ᠎ᠠ᠎ᠪᠠᠷ ᠣᠯᠠᠨ ᠨᠡᠢ᠌ᠲᠡ᠎ᠳᠤ ᠬᠠᠨᠳᠤᠭᠤᠯᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ ᠲᠣᠭᠲᠠᠮᠠᠯ ᠲᠠᠯᠠᠪᠤᠷ᠎ᠢ ᠵᠢᠭ᠋ᠠᠵᠤ ᠪᠤᠶ ᠃ ᠡᠭᠦᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠳᠣᠨ᠂ ᠮᠦᠽᠧᠶ᠂ ᠣᠳᠣᠨ ᠣᠷᠣᠨ᠎ᠤ ᠣᠷᠳᠣᠨ᠂ ᠴᠠᠭ ᠠᠭᠤᠷ᠎ᠤᠨ ᠣᠷᠳᠣᠨ᠂ ᠭᠠᠵᠠᠷ ᠬᠥᠳᠡᠯᠦᠯᠲᠡ ᠵᠢᠨ ᠬᠣᠷᠢᠶ᠎ᠠ᠂ ᠤᠷᠭᠤᠮᠠᠯ᠎ᠤᠨ ᠬᠦᠷᠢᠶᠡᠯᠡᠩ᠂ ᠬᠡᠪ ᠦᠯᠢᠭᠡᠷ᠎ᠤᠨ ᠣᠷᠳᠣᠨ᠂ ᠳᠡᠯᠭᠡᠨ ᠦᠵᠡᠭᠦᠯᠬᠦ ᠣᠷᠳᠣᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠯᠠᠪᠠᠶ ᠣᠷᠳᠣᠨ᠂ ᠨᠣᠮ᠎ᠤᠨ ᠰᠠᠩ᠂ ᠪᠠᠭ᠋ᠠᠴᠤᠳ᠎ᠤᠨ ᠣᠷᠳᠣᠨ᠂ ᠵᠠᠯᠠᠭᠤᠴᠤᠳ ᠪᠠᠭ᠋ᠠᠴᠤᠳ᠎ᠤᠨ ᠠᠵᠢᠯᠯᠠᠭ᠋ᠠᠨ᠎ᠤ ᠲᠥᠪ ᠵᠡᠷᠭᠡ ᠪᠠᠭᠲᠠᠨ᠎ᠠ ᠃
ᠮᠡᠳᠡᠭᠦᠯᠬᠦ ᠲᠠᠯᠠᠪᠠᠶ ᠣᠷᠳᠣᠨ᠎ᠤ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ ᠳᠣᠤᠷᠠᠬᠢ ᠲᠥᠷᠥᠯ ᠬᠤᠪᠢᠶᠠᠬᠤ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠶ᠄
1. ᠲᠠᠯᠠᠪᠠᠶ ᠣᠷᠳᠣᠨ᠎ᠤ ᠲᠠᠯᠠᠪᠠᠶ ᠵᠢ 600 ᠲᠡᠭᠰᠢ ᠳᠥᠷᠪᠡᠯᠵᠢᠨ ᠮᠧᠲ ᠷ᠊ᠠᠴᠠ ᠳᠤᠲᠠᠭᠤ ᠦᠭᠡᠶ ᠪᠠᠢ᠌ᠯᠭ᠋ᠠᠵᠤ᠂ ᠵᠢᠯ ᠪᠦᠷᠢ ᠨᠡᠢ᠌ᠲᠡ ᠣᠯᠠᠨ᠎ᠳᠤ 200 ᠡᠳᠦᠷ᠎ᠠᠴᠠ ᠳᠤᠲᠠᠭᠤ ᠦᠭᠡᠶ ᠴᠢᠯᠥᠭᠡᠲᠡᠶ ᠲᠠᠯᠪᠢᠬᠤ ᠬᠡᠷᠡᠭᠲᠡᠶ; ᠣᠷᠳᠣᠨ᠎ᠤ ᠳᠣᠲᠣᠷ᠎ᠠ ᠵᠣᠬᠢᠴᠠᠩᠭᠤᠶ ᠪᠦᠬᠦᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠭᠠᠵᠠᠷ ᠲᠠᠯᠠᠪᠤᠷ ᠪᠣᠯᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯ᠎ᠢ ᠲᠤᠯᠭ᠋ᠠᠭᠤᠷᠢᠯᠠᠬᠤ ᠣᠯᠠᠨ ᠨᠡᠢ᠌ᠲᠡ ᠵᠢᠨ ᠦᠢ᠍ᠯᠡᠴᠢᠯᠡᠭᠡᠨ᠂ ᠬᠠᠮᠢᠶᠠᠷᠤᠯᠲᠠ ᠵᠢᠨ ᠪᠠᠲᠤᠯᠠᠭ᠎ᠠ ᠵᠡᠷᠭᠡ᠎ᠳᠤ ᠬᠡᠷᠡᠭᠯᠡᠬᠦ ᠭᠡᠷ ᠪᠠᠢ᠌ᠰᠢᠩ ᠵᠢᠴᠢ ᠲᠥᠬᠥᠭᠡᠷᠦᠮᠵᠢ᠎ᠲᠠᠢ ᠪᠠᠢ᠌ᠬᠤ ᠬᠡᠷᠡᠭᠲᠡᠶ;
2. ᠲᠠᠯᠠᠪᠠᠶ ᠣᠷᠳᠣᠨ᠎ᠤ ᠲᠠᠯᠠᠪᠠᠶ᠂ ᠦᠵᠡᠭᠦᠯᠦᠯᠭᠡ ᠵᠢᠨ ᠵᠦᠢᠯ᠎ᠤᠨ ᠲᠣᠭ᠎ᠠ᠂ ᠲᠣᠭᠣᠷᠢᠨ ᠦᠵᠡᠬᠦ ᠬᠥᠮᠦᠨ ᠤᠳᠠᠭᠠᠯᠤᠭᠠ ᠲᠣᠬᠢᠷᠠᠯᠴᠠᠭᠰᠠᠨ ᠲᠤᠰᠬᠠᠶ ᠪᠠ ᠲᠤᠰᠢᠶᠠᠯ ᠬᠠᠪᠰᠤᠷᠭ᠋ᠠᠭᠰᠠᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠲᠠᠢ᠌ᠯᠤᠮᠵᠢ ᠬᠢᠬᠦ ᠠᠵᠢᠯᠲᠠᠨ᠎ᠢ 3᠎ᠠᠴᠠ ᠳᠤᠲᠠᠭᠤ ᠪᠠᠢ᠌ᠯᠭ᠋ᠠᠵᠤ ᠪᠣᠯᠬᠤ ᠥᠬᠡᠶ;
3. ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢ ᠤᠬᠠᠭ᠋ᠠᠯᠠᠨ ᠰᠡᠳᠦᠬᠦ᠂ ᠵᠣᠬᠢᠶᠠᠨ ᠪᠠᠢ᠌ᠭᠤᠯᠬᠤ ᠵᠢᠴᠢ ᠬᠡᠷᠡᠭᠵᠢᠭᠦᠯᠬᠦ ᠴᠢᠳᠠᠪᠤᠷᠢ᠎ᠲᠠᠢ ᠪᠠᠢ᠌ᠵᠤ᠂ ᠣᠯᠠᠨ ᠵᠦᠢ᠍ᠯ᠎ᠤᠨ ᠠᠷᠭ᠎ᠠ ᠪᠠᠷᠢᠯ ᠪᠣᠯᠤᠨ ᠠᠴᠢᠶᠠᠯᠠᠪᠤᠷᠢ ᠵᠢ ᠠᠰᠢᠭᠯᠠᠨ ᠨᠡᠢ᠌ᠲᠡ ᠣᠯᠠᠨ (ᠨᠡᠢ᠌ᠭᠡᠮ ᠲᠣᠭᠣᠷᠢᠭ᠂ ᠰᠤᠷᠭ᠋ᠠᠭᠤᠯᠢ᠂ ᠦᠨᠳᠦᠰᠦᠨ ᠱᠠᠲᠤᠨ᠎ᠤ ᠨᠢᠭᠡᠴᠡ᠂ ᠲᠠᠷᠢᠶᠠᠯᠠᠬᠤ ᠮᠠᠯᠵᠢᠬᠤ ᠣᠷᠣᠨ ᠵᠡᠷᠭᠡ)᠎ᠳᠤ ᠬᠠᠨᠳᠤᠭᠤᠯᠤᠨ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ ᠲᠦᠭᠡᠮᠡᠯᠵᠢᠭᠦᠯᠬᠦ ᠬᠠᠤᠯᠢ》᠎ᠳᠤ ᠲᠣᠭᠲᠠᠭ᠋ᠠᠭᠰᠠᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢ ᠥᠷᠨᠢᠭᠦᠯᠵᠦ ᠴᠢᠳᠠᠬᠤ;
4. ᠵᠢᠯ ᠪᠦᠷᠢ ᠨᠡᠢ᠌ᠭᠡᠮ ᠨᠡᠢ᠌ᠲᠡ᠎ᠳᠤ ᠴᠢᠯᠥᠭᠡᠲᠡᠶ ᠲᠠᠯᠪᠢᠬᠤ ᠡᠳᠦᠷ᠎ᠨᠢ ᠡᠩ᠎ᠤᠨ ᠪᠠᠢ᠌ᠳᠠᠯ᠎ᠳᠤ 200 ᠡᠳᠦᠷ᠎ᠠᠴᠠ ᠳᠤᠲᠠᠭᠤ ᠦᠭᠡᠶ ᠪᠠᠢ᠌ᠵᠤ᠂ ᠵᠢᠯ ᠪᠦᠷᠢ ᠵᠠᠯᠠᠭᠤᠴᠤᠳ ᠪᠠᠭ᠋ᠠᠴᠤᠳ᠎ᠲᠤ ᠬᠠᠷᠠᠭ᠋ᠠᠯᠵᠠᠯ ᠦᠵᠡᠭᠦᠯᠬᠦ ᠪᠤᠶᠤ ᠰᠦᠢ᠍ᠳᠬᠡᠯ ᠬᠤᠷᠢᠶᠠᠬᠤ ᠦᠭᠡᠶ᠎ᠪᠠᠷ ᠴᠢᠯᠥᠭᠡᠲᠡᠶ ᠲᠠᠯᠪᠢᠬᠤ ᠡᠳᠦᠷ᠎ᠨᠢ 30 ᠡᠳᠦᠷ᠎ᠠᠴᠠ ᠳᠤᠲᠠᠭᠤ ᠦᠭᠡᠶ (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠᠭᠲᠠᠨ᠎ᠠ)᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠭᠠᠷᠠᠭ᠂ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠡᠳᠦᠷ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢᠨ ᠬᠤᠭᠤᠴᠠᠭ᠋ᠠᠨ᠎ᠳᠤ ᠣᠯᠠᠨ ᠨᠡᠢ᠌ᠲᠡ᠎ᠳᠤ ᠬᠠᠷᠠᠭ᠋ᠠᠯᠵᠠᠯ ᠦᠵᠡᠭᠦᠯᠬᠦ ᠪᠤᠶᠤ ᠰᠦᠢ᠍ᠳᠬᠡᠯ ᠬᠤᠷᠢᠶᠠᠬᠤ ᠦᠭᠡᠶ᠎ᠪᠠᠷ ᠴᠢᠯᠥᠭᠡᠲᠡᠶ ᠲᠠᠯᠪᠢᠬᠤ ᠵᠢᠨ ᠬᠠᠮᠲᠤ ᠴᠢᠯᠥᠭᠡᠲᠡᠶ ᠲᠠᠯᠪᠢᠬᠤ ᠪᠣᠳᠠᠲᠠᠶ ᠡᠳᠦᠷ ᠬᠤᠭᠤᠴᠠᠭ᠎ᠠ ᠪᠣᠯᠤᠨ ᠠᠵᠢᠯᠯᠠᠭ᠎ᠠ ᠵᠢᠨ ᠠᠭᠤᠯᠭ᠎ᠠ ᠵᠢ ᠨᠡᠢ᠌ᠲᠡᠯᠡᠬᠦ ᠬᠡᠷᠡᠭᠲᠡᠶ;
5. ᠣᠨ᠎ᠤ ᠬᠦᠯᠢᠶᠡᠨ ᠵᠣᠴᠢᠯᠠᠯᠲᠠ ᠪᠤᠶᠤ ᠦᠢ᠍ᠯᠡᠴᠢᠯᠡᠭᠡᠨ᠎ᠤ ᠨᠡᠢ᠌ᠲᠡ ᠣᠯᠠᠨ᠎ᠢ ᠡᠩ᠎ᠤᠨ ᠪᠠᠢ᠌ᠳᠠᠯ᠎ᠳᠤ 2 ᠲᠦᠮᠡᠨ ᠬᠥᠮᠦᠨ ᠤᠳᠠᠭ᠎ᠠ᠎ᠠᠴᠠ ᠳᠤᠲᠠᠭᠤ ᠦᠭᠡᠶ ᠪᠠᠢ᠌ᠯᠭ᠋ᠠᠬᠤ ᠬᠡᠷᠡᠭᠲᠡᠶ ᠃