ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠰᠢᠯᠭ᠋ᠠᠨ ᠬᠢᠨᠠᠵᠤ ᠦᠨᠡᠯᠡᠨ ᠵᠢᠱ᠌ᠢᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠨᠢᠭᠡ)
ᠨᠡᠶ᠋ᠢᠲᠡᠯᠡᠭᠰᠡᠨ ᠴᠠᠭ᠄ 2024-11-15


    ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠨᠢᠭᠡᠴᠢ᠄
    ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠬᠤ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠥᠲᠥᠭᠡᠨ ᠪᠠᠢ᠌ᠭᠤᠯᠬᠤ᠎ᠳᠤ ᠬᠡᠷᠡᠭᠵᠢᠭᠦᠯᠬᠦ ᠲᠥᠰᠦᠯ》 (ᠥᠪᠥᠷ ᠮᠤᠩᠭᠤᠯ ᠰᠢᠨᠵᠢᠯᠡᠬᠦ ᠤᠬᠠᠭ᠋ᠠᠨ ᠮᠡᠷᠭᠡᠵᠢᠯ ᠲᠠᠷᠬᠠᠭ᠋ᠠᠭᠰᠠᠨ  [2020] 68 ᠳ᠋ᠤᠭ᠋ᠠᠷ ᠲᠣᠭ᠋ᠠᠲᠤ) ᠵᠡᠷᠭᠡ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠰᠢᠯᠭ᠋ᠠᠨ ᠬᠢᠨᠠᠵᠤ ᠦᠨᠡᠯᠡᠨ ᠵᠢᠱ᠌ᠢᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠣᠭᠲᠠᠭ᠋ᠠᠵᠤ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠠᠬᠢᠭᠤᠯᠤᠨ ᠬᠡᠷᠡᠭᠵᠢᠭᠦᠯᠲᠦᠭᠡᠶ᠃
    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
    2024 ᠣᠨ᠎ᠤ 10 ᠰᠠᠷ᠎ᠠ ᠵᠢᠨ 28᠎ᠤ ᠡᠳᠦᠷ
    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠰᠢᠯᠭ᠋ᠠᠨ ᠬᠢᠨᠠᠵᠤ ᠦᠨᠡᠯᠡᠨ ᠵᠢᠱ᠌ᠢᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)
    ᠨᠢᠭᠡᠳᠦᠭᠡᠷ ᠵᠦᠢᠯ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ (ᠳᠣᠷᠣᠭᠰᠢ 《ᠮᠡᠷᠭᠡᠵᠢᠯ᠎ᠤᠨ ᠰᠢᠨ᠎ᠡ ᠵᠢ ᠡᠭᠦᠳᠬᠦ ᠲᠥᠪ》 ᠭᠡᠵᠦ ᠲᠣᠪᠴᠢᠯᠠᠨ᠎ᠠ)᠎ᠤᠨ ᠠᠵᠢᠯᠯᠠᠭ᠋ᠠᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠦᠨᠡᠯᠡᠯᠲᠡ᠎ᠪᠠᠷ ᠪᠥᠲᠥᠭᠡᠨ ᠪᠠᠢ᠌ᠭᠤᠯᠤᠯᠲᠠ ᠵᠢ ᠠᠬᠢᠭᠤᠯᠬᠤ ᠪᠠ ᠬᠥᠳᠡᠯᠦᠩᠭᠦᠶ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠬᠤ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠥᠲᠥᠭᠡᠨ ᠪᠠᠢ᠌ᠭᠤᠯᠬᠤ᠎ᠳᠤ ᠬᠡᠷᠡᠭᠵᠢᠭᠦᠯᠬᠦ ᠲᠥᠰᠦᠯ (ᠲᠦᠷ ᠬᠡᠷᠡᠭᠵᠢᠭᠦᠯᠬᠦ)》 (ᠥᠪᠥᠷ ᠰᠠᠯᠠᠭ᠎ᠠ ᠲᠠᠷᠬᠠᠭ᠋ᠠᠭᠰᠠᠨ  [2020] 68 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠪᠣᠳᠠᠲᠠᠶ᠎ᠲᠠᠢ᠎ᠪᠠᠨ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
    ᠬᠣᠶᠠᠳᠤᠭ᠋ᠠᠷ ᠵᠦᠢᠯ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ (ᠳᠣᠷᠣᠭᠰᠢ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ》 ᠭᠡᠵᠦ ᠲᠣᠪᠴᠢᠯᠠᠨ᠎ᠠ)᠎ᠨᠢ ᠰᠢᠯᠭ᠋ᠠᠨ ᠬᠢᠨᠠᠵᠤ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ ᠬᠠᠷᠢᠭᠤᠴᠠᠵᠤ᠂ ᠡᠯ᠎ᠡ ᠠᠢ᠌ᠮᠠᠭ ᠬᠣᠲᠠ ᠵᠢᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠠᠴᠠ ᠲᠠᠨᠢᠯᠴᠠᠭᠤᠯᠤᠭᠰᠠᠨ ᠰᠠᠯᠠᠭ᠎ᠠ ᠮᠥᠴᠢᠷ᠎ᠨᠢ ᠬᠢᠨᠠᠯᠲᠠ ᠲᠠᠯᠪᠢᠵᠤ ᠰᠢᠯᠭ᠋ᠠᠨ ᠬᠢᠨᠠᠵᠤ ᠦᠨᠡᠯᠡᠨ ᠵᠢᠱ᠌ᠢᠬᠦ ᠬᠠᠮᠢᠶ᠎ᠠ ᠪᠥᠬᠥᠶ ᠮᠠᠲ᠋ᠧᠷᠢᠶᠠᠯ᠎ᠤᠨ ᠠᠩᠬᠠᠨ᠎ᠤ ᠬᠢᠨᠠᠯᠲᠠ ᠬᠢᠬᠦ ᠵᠢ ᠬᠠᠷᠢᠭᠤᠴᠠᠨ᠎ᠠ᠃
    ᠭᠤᠷᠪᠠᠳᠤᠭ᠋ᠠᠷ ᠵᠦᠢᠯ   ᠰᠢᠯᠭ᠋ᠠᠨ ᠬᠢᠨᠠᠵᠤ ᠦᠨᠡᠯᠡᠨ ᠵᠢᠱ᠌ᠢᠬᠦ ᠡᠲᠡᠭᠡᠳ ᠪᠣᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠴᠣᠬᠤᠯᠠᠪᠤᠷᠢᠯᠠᠨ ᠵᠥᠪᠰᠢᠶᠡᠷᠡᠵᠦ ᠪᠥᠲᠥᠭᠡᠨ ᠪᠠᠢ᠌ᠭᠤᠯᠤᠭᠰᠠᠨ ᠪᠥᠭᠡᠳ ᠨᠢᠭᠡᠨᠲᠡ ᠪᠦᠬᠦᠯᠢ 3 ᠵᠢᠯ ᠠᠵᠢᠯᠯᠠᠭᠰᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠪᠣᠯᠤᠨ᠎ᠠ᠃
    ᠳᠥᠷᠪᠡᠳᠦᠭᠡᠷ ᠵᠦᠢᠯ   ᠰᠢᠯᠭ᠋ᠠᠨ ᠬᠢᠨᠠᠵᠤ ᠦᠨᠡᠯᠡᠨ ᠵᠢᠱ᠌ᠢᠬᠦ ᠵᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠲᠤᠰᠬᠠᠶ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠬᠤ ᠪᠤᠶᠤ ᠭᠤᠷᠪᠠᠳᠠᠬᠢ ᠡᠲᠡᠭᠡᠳ᠎ᠤᠨ ᠪᠠᠢ᠌ᠭᠤᠯᠤᠮᠵᠢ᠎ᠳᠤ ᠨᠠᠢ᠌ᠳᠠᠨ ᠥᠷᠨᠢᠭᠦᠯᠵᠦ᠂ ᠡᠩ᠎ᠤᠨ ᠪᠠᠢ᠌ᠳᠠᠯ᠎ᠳᠤ ᠮᠠᠲ᠋ᠧᠷᠢᠶᠠᠯ᠎ᠢ ᠬᠢᠨᠠᠨ ᠲᠣᠭᠲᠠᠭ᠋ᠠᠬᠤ ᠪᠠ ᠲᠤᠬᠠᠶ ᠵᠢᠨ ᠲᠠᠯᠠᠪᠠᠶ᠎ᠳᠤ ᠰᠢᠨᠵᠢᠯᠡᠨ ᠪᠠᠢ᠌ᠴᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠪᠡᠶᠡᠯᠡᠭᠦᠯᠦᠨ᠎ᠡ᠃
    ᠲᠠᠪᠤᠳᠤᠭ᠋ᠠᠷ ᠵᠦᠢᠯ   ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ᠂ ᠪᠥᠲᠥᠭᠡᠨ ᠪᠠᠢ᠌ᠭᠤᠯᠬᠤ ᠵᠢ ᠴᠣᠬᠣᠯᠠᠪᠤᠷᠢᠯᠠᠬᠤ ᠦᠶ᠎ᠡ᠎ᠳᠤ ᠲᠣᠭᠲᠠᠭ᠋ᠠᠭᠰᠠᠨ ᠪᠥᠲᠥᠭᠡᠨ ᠪᠠᠢ᠌ᠭᠤᠯᠬᠤ ᠲᠥᠰᠦᠯ᠎ᠲᠠᠢ ᠬᠠᠷᠢᠴᠠᠭᠤᠯᠤᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠭᠰᠡᠨ ᠮᠡᠳᠡᠭᠦᠯᠦᠯᠲᠡ (ᠳᠠᠭ᠋ᠠᠯᠳᠤᠭᠤᠯᠤᠯ ᠬᠦᠰᠦᠨᠦᠭᠲᠦ 2)᠂ ᠣᠢ᠌ᠷ᠎ᠠ ᠵᠢᠨ ᠭᠤᠷᠪᠠᠨ ᠵᠢᠯ᠎ᠤᠨ ᠣᠨ᠎ᠤ ᠮᠡᠳᠡᠭᠦᠯᠦᠯᠲᠡ (ᠳᠠᠭ᠋ᠠᠯᠳᠤᠭᠤᠯᠤᠯ ᠬᠦᠰᠦᠨᠦᠭᠲᠦ 3) ᠵᠢᠴᠢ ᠬᠠᠮᠢᠶ᠎ᠠ ᠪᠥᠬᠥᠶ ᠭᠡᠷᠡᠴᠢ ᠮᠠᠲ᠋ᠧᠷᠢᠶᠠᠯ ᠲᠤᠰᠢᠶᠠᠨ᠎ᠠ᠃
    ᠵᠢᠷᠭᠤᠳᠤᠭ᠋ᠠᠷ ᠵᠦᠢᠯ   ᠮᠠᠲ᠋ᠧᠷᠢᠶᠠᠯ᠎ᠢ ᠬᠢᠨᠠᠨ ᠲᠣᠭᠲᠠᠭ᠋ᠠᠬᠤ᠎ᠳᠤ ᠭᠣᠤᠯᠳᠠᠭᠤ ᠬᠢᠨᠠᠨ ᠰᠢᠯᠭ᠋ᠠᠵᠤ ᠦᠨᠡᠯᠡᠨ ᠵᠢᠱ᠌ᠢᠬᠦ ᠭᠦᠢᠴᠡᠳᠬᠡᠯ ᠲᠣᠭ᠎ᠠ ᠵᠢᠨ ᠰᠢᠰᠲ᠋ᠧᠮᠵᠢ ᠵᠢ ᠦᠨᠳᠦᠰᠦᠯᠡᠨ ᠥᠷᠨᠢᠭᠦᠯᠦᠨ᠎ᠡ᠂ ᠡᠭᠦᠨ᠎ᠳᠤ ᠬᠠᠷᠠᠯᠲᠠᠲᠤ ᠡᠭᠦᠷᠭᠡ᠂ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠦᠲᠦᠭᠡᠯ ᠪᠠ ᠨᠡᠢ᠌ᠭᠡᠮ᠎ᠤᠨ ᠦᠢᠯᠡᠴᠢᠯᠡᠭᠡ ᠵᠡᠷᠭᠡ ᠪᠠᠢ᠌ᠳᠠᠯ (ᠳᠠᠭ᠋ᠠᠯᠳᠤᠭᠤᠯᠤᠯ ᠬᠦᠰᠦᠨᠦᠭᠲᠦ 1) ᠪᠠᠭᠲᠠᠨ᠎ᠠ᠃
      ᠳᠣᠯᠣᠳᠤᠭ᠋ᠠᠷ ᠵᠦᠢ᠍ᠯ   ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠰᠢᠯᠭ᠋ᠠᠨ ᠬᠢᠨᠠᠵᠤ ᠦᠨᠡᠯᠡᠨ ᠵᠢᠱ᠌ᠢᠬᠦ ᠭᠦᠢ᠍ᠴᠡᠳᠬᠡᠯ ᠲᠣᠭ᠎ᠠ ᠵᠢᠴᠢ ᠲᠤᠬᠠᠶ ᠵᠢᠨ ᠲᠠᠯᠠᠪᠠᠶ᠎ᠳᠤ ᠰᠢᠯᠭ᠋ᠠᠨ ᠪᠠᠢ᠌ᠴᠠᠭ᠋ᠠᠵᠤ ᠬᠢᠨᠠᠨ ᠬᠠᠷᠭᠤᠭᠤᠯᠤᠭᠰᠠᠨ ᠪᠠᠢ᠌ᠳᠠᠯ᠎ᠢ ᠦᠨᠳᠦᠰᠦᠯᠡᠨ ᠶᠡᠷᠦᠩᠬᠡᠢ᠌ᠯᠡᠨ ᠦᠨᠡᠯᠡᠨ ᠵᠢᠱ᠌ᠢᠭᠰᠡᠨ ᠦᠷ᠎ᠡ ᠳ᠋ᠦᠩ᠎ᠢ ᠪᠤᠶ ᠪᠣᠯᠭ᠋ᠠᠨ᠎ᠠ᠃ ᠦᠨᠡᠯᠡᠨ ᠵᠢᠱ᠌ᠢᠭᠰᠡᠨ ᠦᠷ᠎ᠡ ᠳ᠋ᠦᠩ᠎ᠢ ᠰᠢᠯᠢᠳᠡᠭ (80 ᠬᠤᠪᠢ)᠂ ᠬᠢᠷᠢ ᠲᠡᠩᠴᠡᠭᠰᠡᠨ (6080 ᠬᠤᠪᠢ᠂ 60 ᠬᠤᠪᠢ ᠪᠠᠭᠲᠠᠨ᠎ᠠ)᠂ ᠬᠢᠷᠢ ᠲᠡᠩᠴᠡᠭᠰᠡᠨ ᠥᠬᠡᠶ (60 ᠬᠤᠪᠢ) ᠭᠤᠷᠪᠠᠨ ᠲᠥᠷᠥᠯ ᠬᠤᠪᠢᠶᠠᠵᠤ᠂ ᠡᠭᠦᠨ᠎ᠳᠤ ᠰᠢᠯᠢᠳᠡᠭ᠎ᠤᠨ ᠬᠠᠷᠢᠴᠠᠯ᠎ᠢ ᠦᠨᠡᠯᠡᠨ ᠵᠢᠱ᠌ᠢᠭᠰᠡᠨ ᠶᠡᠷᠦᠩᠬᠡᠶ ᠲᠣᠭ᠎ᠠ ᠵᠢᠨ 30 %᠎ᠠᠴᠠ ᠬᠡᠲᠦᠷᠡᠭᠦᠯᠵᠦ ᠪᠣᠯᠬᠤ ᠥᠬᠡᠶ᠃  

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠰᠢᠯᠭ᠋ᠠᠨ ᠬᠢᠨᠠᠵᠤ ᠦᠨᠡᠯᠡᠨ ᠵᠢᠱ᠌ᠢᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠬᠤᠶᠠᠷ)
2024 ᠣᠨ ᠨᠢᠭᠡᠨᠲᠡ ᠬᠠᠭ᠋ᠠᠰᠯᠠᠪᠠ! ᠠᠷᠠᠳ᠎ᠤᠨ ᠠᠮᠢᠳᠤᠷᠠᠯ᠎ᠤᠨ ᠲᠤᠬᠠᠢ ᠡᠳᠡᠭᠡᠷ ᠰᠠᠢ᠌ᠨ ᠴᠢᠮᠡᠭᠡ ᠵᠢ ᠲᠠ ᠮᠡᠳᠡᠬᠦ ᠦᠦ?
《ᠶᠡᠬᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠭᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠦᠴᠦᠯᠡᠨ ᠳᠡᠮᠵᠢᠬᠦ ᠠᠵᠢᠯ᠎ᠤᠨ ᠬᠡᠷᠡᠭᠵᠢᠭᠦᠯᠬᠦ ᠲᠦᠰᠦᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠵᠢᠷᠤᠭᠲᠤ ᠲᠠᠶ᠋ᠢᠯᠤᠮᠵᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠵᠢᠯᠣᠭᠤᠳᠤᠮᠵᠢ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠵᠢᠷᠤᠭᠲᠤ ᠲᠠᠢ᠌ᠯᠤᠮᠵᠢ᠄ 《ᠠᠵᠤ ᠠᠬᠤᠢ᠌ᠯᠠᠯ᠎ᠤᠨ ᠣᠨ᠎ᠤ ᠮᠥᠩᠭᠥ ᠵᠢ ᠲᠦᠷᠭᠡᠳᠬᠡᠨ ᠬᠥᠭᠵᠢᠭᠦᠯᠬᠦ ᠲᠤᠬᠠᠢ ᠵᠢᠯᠤᠭᠣᠳᠬᠤ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
 
            
Baidu
map