ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠰᠢᠯᠭ᠋ᠠᠨ ᠬᠢᠨᠠᠵᠤ ᠦᠨᠡᠯᠡᠨ ᠵᠢᠱ᠌ᠢᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠬᠤᠶᠠᠷ)
ᠨᠡᠶ᠋ᠢᠲᠡᠯᠡᠭᠰᠡᠨ ᠴᠠᠭ᠄ 2024-11-15


    ᠨᠠᠢᠮᠠᠳᠤᠭ᠋ᠠᠷ ᠵᠦᠢ᠍ᠯ   ᠦᠨᠡᠯᠡᠨ ᠵᠢᠱ᠌ᠢᠭᠰᠡᠨ ᠦᠷ᠎ᠡ ᠳ᠋ᠦᠩ᠎ᠢ ᠵᠠᠷᠯᠠᠨ ᠨᠡᠢ᠌ᠲᠡᠯᠡᠭᠡᠳ ᠣᠨᠳᠣᠣ ᠰᠠᠨᠠᠯ ᠦᠭᠡᠶ ᠪᠣᠯ᠂ ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠰᠢᠯᠢᠳᠡᠭ ᠪᠣᠯᠬᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠲᠤ ᠥᠪᠡᠷᠲᠡᠭᠡᠨ ᠵᠠᠰᠠᠬᠤ ᠣᠷᠣᠨ᠎ᠤ ᠡᠳ᠎ᠤᠨ ᠵᠠᠰᠠᠭ᠎ᠤᠨ ᠵᠠᠷᠤᠳᠠᠯ᠎ᠤᠨ ᠵᠣᠬᠢᠬᠤ ᠳᠡᠮᠵᠢᠯᠭᠡ ᠦᠵᠡᠭᠦᠯᠵᠦ᠂ ᠪᠡᠯᠡ ᠮᠥᠩᠭᠥ ᠵᠢᠨ ᠳᠡᠮᠵᠢᠯᠭᠡ ᠵᠢᠨ ᠲᠣᠭ᠎ᠠ ᠬᠡᠮᠵᠢᠶ᠎ᠡ ᠵᠢ ᠬᠣᠯᠪᠣᠭᠳᠠᠯ ᠪᠦᠬᠦᠢ ᠢᠵᠢ ᠪᠦᠷᠢᠳᠦᠭᠦᠯᠬᠦ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ  ᠃
    ᠶᠢᠰᠦᠳᠦᠭᠡᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠵᠠᠷᠤᠳᠠᠯ᠎ᠢ ᠭᠣᠣᠯᠳᠠᠭᠤ ᠡᠵᠡᠨ ᠮᠡᠳᠡᠵᠦ ᠰᠡᠳᠦᠪ ᠰᠣᠩᠭᠣᠨ ᠰᠤᠳᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ᠂ ᠴᠢᠳᠠᠪᠤᠷᠢᠲᠠᠨ᠎ᠢ ᠬᠥᠮᠦᠵᠢᠭᠦᠯᠦᠨ ᠣᠷᠣᠭᠤᠯᠵᠤ ᠠᠪᠴᠢᠷᠠᠬᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠡᠮᠵᠢᠭᠦᠷᠯᠢᠭ ᠬᠤᠳᠠᠯᠳᠤᠨ ᠠᠪᠬᠤ ᠪᠠ ᠨᠡᠭᠡᠭᠡᠯᠲᠡ ᠬᠢᠵᠦ ᠬᠠᠮᠲᠤᠪᠠᠷ ᠡᠳ᠋ᠯᠡᠬᠦ᠂ ᠲᠤᠷᠰᠢᠯᠲᠠ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠡᠷᠭᠡ ᠲᠠᠯ᠎ᠠ᠎ᠳᠤ ᠬᠡᠷᠡᠭᠯᠡᠨ᠎ᠡ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠵᠶ᠋ᠠᠷ ᠬᠢᠷᠢ ᠬᠡᠮ ᠮᠡᠬᠡᠯᠡᠨ ᠠᠪᠤᠭᠰᠠᠨ ᠪᠠᠢ᠌ᠪᠠᠯ᠂ ᠡᠳ᠋᠎ᠤᠨ ᠵᠠᠰᠠᠭ᠎ᠤᠨ ᠪᠠᠯᠠ ᠮᠥᠩᠭᠥ ᠵᠢ ᠨᠡᠬᠡᠮᠵᠢᠯᠡᠨ ᠠᠪᠴᠢᠷᠠᠬᠤ ᠵᠢ ᠣᠯᠵᠤ ᠮᠡᠳᠡᠪᠡᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠲᠡᠮᠳᠡᠭᠯᠡᠯ᠎ᠳᠤ ᠣᠷᠣᠭᠤᠯᠬᠤ ᠵᠢᠨ ᠬᠠᠮᠲᠤ ᠵᠣᠬᠢᠴᠠᠩᠭᠤᠶ ᠬᠠᠷᠢᠭᠤᠴᠠᠯᠭ᠎ᠠ ᠨᠡᠬᠡᠮᠵᠢᠯᠡᠨ᠎ᠡ  ᠃
    ᠠᠷᠪᠠᠳᠤᠭ᠋ᠠᠷ ᠵᠦᠢ᠍ᠯ   ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠬᠢᠷᠢ ᠲᠡᠩᠴᠡᠭᠰᠡᠨ ᠦᠭᠡᠶ ᠪᠣᠯ ᠴᠡᠭᠴᠡᠯᠡᠨ ᠰᠠᠢ᠌ᠵᠢᠷᠠᠭᠤᠯᠬᠤ ᠬᠡᠷᠡᠭᠲᠡᠶ᠂ ᠴᠡᠭᠴᠡᠯᠡᠨ ᠰᠠᠢ᠌ᠵᠢᠷᠠᠭᠤᠯᠬᠤ ᠬᠤᠭᠤᠴᠠᠭ᠎ᠠ᠎ᠨᠢ 1 ᠵᠢᠯ ᠪᠣᠯᠤᠨ᠎ᠠ᠂ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠲᠤᠰ ᠠᠷᠭ᠎ᠠ ᠵᠢ ᠦᠨᠳᠦᠰᠦᠯᠡᠨ ᠵᠣᠬᠢᠶᠠᠨ ᠪᠠᠢ᠌ᠭᠤᠯᠤᠨ ᠦᠨᠡᠯᠡᠨ ᠵᠢᠱ᠌ᠢᠵᠦ᠂ ᠪᠠᠲᠤᠯᠠᠭᠳᠠᠭᠰᠠᠨ ᠦᠭᠡᠶ ᠪᠣᠯ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠴᠣᠯᠠ ᠵᠢ᠎ᠨᠢ ᠬᠦᠴᠦᠨ ᠦᠭᠡᠶ ᠪᠣᠯᠭ᠋ᠠᠬᠤ ᠮᠥᠷᠲᠡᠭᠡᠨ 2 ᠵᠢᠯ᠎ᠤᠨ ᠳᠣᠲᠣᠷ᠎ᠠ ᠳᠠᠬᠢᠨ ᠮᠡᠳᠡᠭᠦᠯᠵᠦ ᠪᠣᠯᠬᠤ ᠦᠭᠡᠶ  ᠃
      ᠠᠷᠪᠠᠨ ᠨᠢᠭᠡᠳᠦᠭᠡᠷ ᠵᠦᠢ᠍ᠯ   ᠳᠣᠣᠷᠠᠬᠢ ᠪᠠᠢ᠌ᠳᠠᠯ᠎ᠤᠨ ᠨᠢᠭᠡ᠎ᠨᠢ ᠭᠠᠷᠴᠤ᠂ ᠬᠢᠨᠠᠨ ᠲᠣᠭᠲᠠᠭ᠋ᠠᠯᠲᠠ ᠬᠢᠭᠡᠳ ᠦᠨᠡᠨ ᠪᠣᠳᠠᠲᠠᠶ ᠪᠠᠢ᠌ᠪᠠᠯ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ᠎ᠨᠢ ᠬᠦᠴᠦᠨ ᠦᠭᠡᠶ ᠪᠣᠯᠭ᠋ᠠᠨ᠎ᠠ  ᠃
    (ᠨᠢᠭᠡ) ᠬᠤᠭᠤᠴᠠᠭ᠎ᠠ ᠲᠤᠯᠤᠭᠰᠠᠨ ᠪᠠᠢ᠌ᠲᠠᠯ᠎ᠠ ᠣᠨ᠎ᠤ ᠮᠡᠳᠡᠭᠦᠯᠦᠯᠲᠡ᠎ᠪᠠᠨ ᠦᠯᠦ ᠲᠤᠰᠢᠶᠠᠭᠰᠠᠨ;
   (ᠬᠣᠶᠠᠷ) ᠦᠨᠡᠯᠡᠨ ᠵᠢᠱ᠌ᠢᠬᠦ᠎ᠳᠤ ᠤᠴᠢᠷ ᠰᠢᠯᠲᠠᠭ᠋ᠠᠨ ᠦᠭᠡᠢ᠎ᠪᠠᠷ ᠣᠷᠣᠯᠴᠠᠭᠰᠠᠨ ᠦᠭᠡᠢ᠂ ᠲᠤᠬᠠᠢ ᠵᠢᠨ ᠲᠠᠯᠠᠪᠤᠷ᠎ᠲᠤ ᠰᠢᠯᠭ᠋ᠠᠨ ᠪᠠᠢ᠌ᠴᠠᠭ᠋ᠠᠵᠤ ᠬᠢᠨᠠᠨ ᠬᠠᠷᠭᠤᠭᠤᠯᠬᠤ᠎ᠳᠤ ᠬᠠᠮᠵᠢᠯᠴᠠᠭᠰᠠᠨ ᠦᠭᠡᠢ;
   (ᠭᠤᠷᠪᠠ) ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠦᠢ᠍ᠯᠡᠳᠴᠦ᠂ ᠬᠤᠳᠠᠯ ᠬᠠᠭᠤᠷᠮᠠᠭ ᠮᠠᠲ᠋ᠧᠷᠢᠶᠠᠯ ᠪᠠ ᠦᠨᠡᠨ ᠪᠣᠳᠠᠲᠠᠢ ᠪᠤᠰᠤ ᠲᠣᠭ᠎ᠠ ᠪᠠᠷᠢᠮᠲᠠ ᠵᠢ ᠬᠠᠩᠭ᠋ᠠᠭᠰᠠᠨ;
    (ᠳᠥᠷᠪᠡ) ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠬᠡᠪ᠎ᠤᠨ ᠠᠵᠢᠯᠯᠠᠭ᠋ᠠᠨ᠎ᠢ ᠪᠠᠲᠤᠯᠠᠵᠤ ᠳᠡᠢ᠌ᠯᠬᠦ ᠦᠭᠡᠶ;
   (ᠲᠠᠪᠤ) ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠭᠰᠡᠨ ᠵᠢᠴᠢ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ᠎ᠳᠤ ᠨᠡᠢ᠌ᠴᠡᠬᠦ ᠦᠭᠡᠶ ᠪᠤᠰᠤᠳ ᠪᠠᠢ᠌ᠳᠠᠯ᠃
    ᠠᠷᠪᠠᠨ ᠬᠣᠶᠠᠳᠤᠭ᠋ᠠᠷ ᠵᠦᠢᠯ   ᠰᠢᠯᠭ᠋ᠠᠨ ᠬᠢᠨᠠᠵᠤ ᠦᠨᠡᠯᠡᠨ ᠵᠢᠱ᠌ᠢᠬᠦ᠎ᠳᠤ ᠣᠷᠣᠯᠴᠠᠭᠰᠠᠨ ᠬᠣᠯᠪᠣᠭᠳᠠᠯ ᠪᠥᠬᠥᠶ ᠠᠵᠢᠯᠲᠠᠨ᠂ ᠲᠤᠰᠬᠠᠶ ᠮᠡᠷᠭᠡᠵᠢᠯᠲᠡᠨ᠎ᠤ ᠳᠤᠭᠤᠢ᠌ᠯᠠᠩ᠎ᠤᠨ ᠪᠦᠷᠢᠯᠳᠦᠬᠦᠨ᠎ᠨᠢ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠰᠢᠨᠵᠢᠯᠡᠬᠦ ᠤᠬᠠᠭ᠋ᠠᠨᠴᠢ᠂ ᠲᠥᠪ ᠭᠣᠤᠯᠴᠢ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠬᠡᠷᠡᠭᠲᠡᠶ᠂ ᠬᠠᠮᠢᠶ᠎ᠠ ᠪᠥᠬᠥᠶ ᠶᠠᠪᠤᠴᠠ ᠵᠢᠨ ᠮᠡᠳᠡᠭᠡ ᠵᠠᠩᠭᠢ ᠵᠢ ᠭᠠᠳᠠᠭᠰᠢ ᠨᠡᠢ᠌ᠲᠡᠯᠡᠵᠦ ᠪᠣᠯᠬᠤ ᠥᠬᠡᠶ᠂ ᠰᠢᠯᠭ᠋ᠠᠨ ᠬᠢᠨᠠᠵᠤ ᠦᠨᠡᠯᠡᠨ ᠵᠢᠱ᠌ᠢᠬᠦ ᠡᠲᠡᠭᠡᠳ᠎ᠤᠨ ᠶᠠᠮᠠᠷᠪᠠ ᠰᠦᠢᠳᠬᠡᠯ ᠬᠤᠷᠢᠶᠠᠵᠤ ᠪᠣᠯᠬᠤ ᠥᠬᠡᠶ᠃
    ᠠᠷᠪᠠᠨ ᠭᠤᠷᠪᠠᠳᠤᠭ᠋ᠠᠷ ᠵᠦᠢ᠍ᠯ     ᠲᠤᠰ ᠠᠷᠭ᠎ᠠ ᠵᠢ ᠨᠡᠢ᠌ᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2024 ᠣᠨ ᠨᠢᠭᠡᠨᠲᠡ ᠬᠠᠭ᠋ᠠᠰᠯᠠᠪᠠ! ᠠᠷᠠᠳ᠎ᠤᠨ ᠠᠮᠢᠳᠤᠷᠠᠯ᠎ᠤᠨ ᠲᠤᠬᠠᠢ ᠡᠳᠡᠭᠡᠷ ᠰᠠᠢ᠌ᠨ ᠴᠢᠮᠡᠭᠡ ᠵᠢ ᠲᠠ ᠮᠡᠳᠡᠬᠦ ᠦᠦ?
《ᠶᠡᠬᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠭᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠦᠴᠦᠯᠡᠨ ᠳᠡᠮᠵᠢᠬᠦ ᠠᠵᠢᠯ᠎ᠤᠨ ᠬᠡᠷᠡᠭᠵᠢᠭᠦᠯᠬᠦ ᠲᠦᠰᠦᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠵᠢᠷᠤᠭᠲᠤ ᠲᠠᠶ᠋ᠢᠯᠤᠮᠵᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠵᠢᠯᠣᠭᠤᠳᠤᠮᠵᠢ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠵᠢᠷᠤᠭᠲᠤ ᠲᠠᠢ᠌ᠯᠤᠮᠵᠢ᠄ 《ᠠᠵᠤ ᠠᠬᠤᠢ᠌ᠯᠠᠯ᠎ᠤᠨ ᠣᠨ᠎ᠤ ᠮᠥᠩᠭᠥ ᠵᠢ ᠲᠦᠷᠭᠡᠳᠬᠡᠨ ᠬᠥᠭᠵᠢᠭᠦᠯᠬᠦ ᠲᠤᠬᠠᠢ ᠵᠢᠯᠤᠭᠣᠳᠬᠤ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠵᠢᠷᠤᠭᠲᠤ ᠲᠠᠶ᠋ᠢᠯᠤᠮᠵᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠢᠲᠡᠭᠡᠮᠵᠢ ᠵᠢᠨ ᠬᠠᠮᠢᠶᠠᠷᠤᠯᠲᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            
Baidu
map