ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ《ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶ᠎ᠡ ᠴᠠᠷᠠᠭ᠎ᠠ ᠵᠢᠨ ᠡᠭᠦᠷᠭᠡ ᠴᠢᠳᠠᠪᠤᠷᠢ᠎ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ ᠦᠢᠯᠡᠴᠢᠯᠡᠭᠡᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠵᠦᠢᠯᠡᠰ᠎ᠤᠨ ᠨᠠᠷᠢᠨ ᠬᠠᠭᠤᠳᠠᠰᠤ》 (ᠳᠣᠷᠣᠭᠰᠢ《ᠨᠠᠷᠢᠨ ᠬᠠᠭᠤᠳᠠᠰᠤ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ ᠠᠬᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡᠨ᠎ᠤ ᠬᠦᠴᠦᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ᠎ᠪᠠᠷ ᠵᠣᠷᠢᠯᠭ᠎ᠠ᠎ᠪᠠᠨ ᠪᠣᠯᠭ᠋ᠠᠪᠠ᠃
《ᠨᠠᠷᠢᠨ ᠬᠠᠭᠤᠳᠠᠰᠤ》᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠤ 14 ᠵᠦᠢᠯᠡᠰ᠎ᠤᠨ ᠲᠣᠭᠣᠷᠢᠨ᠎ᠳᠤ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠵᠢ ᠰᠢᠯᠢᠳᠡᠭᠵᠢᠭᠦᠯᠬᠦ᠂ ᠦᠢᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠪᠣᠳᠠᠲᠠᠶ ᠠᠷᠭ᠎ᠠ ᠬᠡᠮᠵᠢᠶ᠎ᠡ ᠵᠢ ᠳᠤᠷᠠᠳᠴᠠᠶ᠃
《ᠨᠠᠷᠢᠨ ᠬᠠᠭᠤᠳᠠᠰᠤ》᠎ᠨᠢ ᠰᠢᠨ᠎ᠡ ᠵᠢ ᠡᠭᠦᠳᠬᠦ ᠭᠣᠣᠯ ᠴᠣᠭᠴᠠ᠎ᠳᠤ ᠨᠡᠩ ᠶᠡᠬᠡ ᠡᠵᠡᠨ ᠮᠡᠳᠡᠬᠦ ᠡᠷᠬᠡ ᠣᠯᠭᠣᠪᠠ᠃ ᠲᠦᠷᠦᠭᠦᠦ ᠲᠤᠰᠬᠠᠶ ᠮᠡᠷᠭᠡᠵᠢᠯᠲᠡᠨ᠎ᠳᠤ ᠲᠥᠷᠥᠯ ᠵᠦᠢᠯ᠎ᠢ ᠬᠡᠷᠡᠭᠵᠢᠭᠦᠯᠬᠦ ᠡᠵᠡᠨ ᠮᠡᠳᠡᠬᠦ ᠡᠷᠬᠡ ᠣᠯᠭᠣᠵᠤ᠂ ᠲᠦᠷᠦᠭᠦᠦ ᠲᠤᠰᠬᠠᠶ ᠮᠡᠷᠭᠡᠵᠢᠯᠲᠡᠨ᠎ᠢ ᠮᠡᠷᠭᠡᠵᠢᠯ᠎ᠤᠨ ᠱᠤᠭᠤᠮ᠎ᠢ ᠲᠣᠭᠲᠠᠭ᠋ᠠᠬᠤ ᠡᠷᠬᠡ᠂ ᠵᠠᠷᠤᠳᠠᠯ ᠬᠡᠷᠡᠭᠯᠡᠬᠦ ᠡᠵᠡᠨ ᠮᠡᠳᠡᠬᠦ ᠡᠷᠬᠡ ᠵᠢᠴᠢ ᠰᠤᠳᠤᠯᠭ᠋ᠠᠨ᠎ᠤ ᠪᠦᠯᠬᠦᠮ᠎ᠢ ᠰᠢᠯᠢᠨ ᠰᠣᠩᠭᠣᠬᠤ ᠵᠡᠷᠭᠡ ᠡᠷᠬᠡ ᠮᠡᠳᠡᠯ᠎ᠲᠠᠢ ᠪᠣᠯᠭ᠋ᠠᠨ᠎ᠠ; ᠰᠢᠨᠵᠢᠯᠡᠬᠦ ᠤᠬᠠᠭ᠋ᠠᠨ ᠮᠡᠷᠭᠡᠵᠢᠯ᠎ᠤᠨ《ᠰᠢᠪᠲᠤᠯᠤᠯᠲᠠ》ᠢᠨᠵᠧᠨᠧᠷᠢᠩ᠎ᠤᠨ 36 ᠵᠦᠢᠯ᠎ᠤᠨ ᠭᠣᠤᠯᠳᠠᠯᠭ᠎ᠠ᠎ᠲᠠᠢ ᠡᠭᠦᠷᠭᠡ ᠵᠢ ᠴᠥᠮ ᠲᠦᠷᠦᠭᠦᠦ ᠲᠤᠰᠬᠠᠶ ᠮᠡᠷᠭᠡᠵᠢᠯᠲᠡᠨ ᠲᠦᠷᠦᠭᠦᠯᠡᠨ ᠬᠡᠷᠡᠭᠵᠢᠭᠦᠯᠪᠡ ᠃ ᠡᠭᠦᠨ᠎ᠤ ᠬᠠᠮᠲᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠬᠦ ᠡᠷᠬᠡ ᠪᠠ ᠤᠷᠲᠤ ᠬᠤᠭᠤᠴᠠᠭ᠎ᠠ᠎ᠪᠠᠷ ᠬᠡᠷᠡᠭᠯᠡᠬᠦ ᠡᠷᠬᠡ ᠵᠢᠨ ᠲᠤᠷᠰᠢᠯᠲᠠ ᠵᠢᠨ ᠬᠡᠪᠴᠢᠶ᠎ᠡ ᠵᠢ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠠᠴᠠ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ ᠬᠦᠷᠲᠡᠯ᠎ᠡ ᠥᠷᠭᠡᠳᠬᠡᠨ᠎ᠡ᠃ ᠡᠭᠦᠨ᠎ᠠᠴᠠ ᠭᠠᠳᠠᠨ᠎ᠠ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠳᠤ ᠲᠥᠷᠥᠯ ᠵᠦᠢᠯ᠎ᠤᠨ ᠬᠠᠮᠢᠶᠠᠷᠤᠯᠲᠠ ᠪᠠ ᠵᠠᠷᠤᠳᠠᠯ᠎ᠢ ᠬᠡᠷᠡᠭᠯᠡᠬᠦ ᠲᠠᠯ᠎ᠠ᠎ᠪᠠᠷ᠎ᠬᠢ ᠡᠵᠡᠨ ᠮᠡᠳᠡᠬᠦ ᠡᠷᠬᠡ ᠣᠯᠭᠣᠵᠤ᠂ ᠠᠵᠤ ᠠᠬᠤᠢ᠌ᠯᠠᠯ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠲᠤ ᠨᠠᠢ᠌ᠳᠠᠵᠤ ᠥᠷᠨᠢᠭᠦᠯᠦᠭᠰᠡᠨ ᠬᠥᠨᠳᠡᠯᠡᠨ ᠴᠢᠭᠯᠡᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢᠯ᠎ᠤᠨ ᠵᠠᠷᠤᠳᠠᠯ᠎ᠢ ᠬᠡᠷᠡᠭᠯᠡᠬᠦ ᠡᠵᠡᠨ ᠮᠡᠳᠡᠬᠦ ᠡᠷᠬᠡ ᠣᠯᠭᠣᠨ᠎ᠠ᠃
《ᠨᠠᠷᠢᠨ ᠬᠠᠭᠤᠳᠠᠰᠤ》ᠵᠢᠨ ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠳᠠᠷᠤᠭ᠋ᠠᠰᠤ ᠵᠢ ᠬᠥᠩᠭᠡᠷᠡᠭᠦᠯᠪᠡ ᠃ ᠰᠠᠯᠠᠭ᠎ᠠ ᠮᠥᠴᠢᠷ ᠪᠠ ᠨᠢᠭᠡᠴᠡ ᠵᠢᠨ ᠲᠥᠷᠥᠯ ᠵᠦᠢᠯ᠎ᠢ ᠬᠠᠮᠢᠶᠠᠷᠬᠤ ᠡᠷᠬᠡ ᠮᠡᠳᠡᠯ ᠣᠯᠭᠣᠵᠤ᠂ ᠲᠥᠷᠥᠯ ᠵᠦᠢᠯ᠎ᠢ ᠰᠢᠯᠭ᠋ᠠᠨ ᠬᠤᠷᠢᠶᠠᠵᠤ ᠬᠠᠮᠢᠶᠠᠷᠬᠤ ᠡᠷᠬᠡ ᠮᠡᠳᠡᠯ᠎ᠢ ᠳᠣᠷᠣᠭᠰᠢ ᠪᠠᠭᠤᠯᠭ᠋ᠠᠨ᠎ᠠ; ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠳᠥᠭᠥᠮᠴᠢᠯᠡᠨ᠎ᠡ; ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠦᠢ᠍ᠯᠡᠰ᠎ᠲᠤ ᠬᠢᠨᠠᠯᠲᠠ ᠲᠠᠯᠪᠢᠵᠤ ᠪᠠᠢ᠌ᠴᠠᠭ᠋ᠠᠬᠤ ᠲᠣᠭᠲᠠᠴᠠ ᠵᠢ ᠰᠠᠢ᠌ᠵᠢᠷᠠᠭᠤᠯᠵᠤ᠂ ᠤᠯᠠᠨ ᠰᠠᠯᠠᠭ᠎ᠠ ᠮᠥᠴᠢᠷ᠎ᠤᠨ ᠬᠢᠨᠠᠯᠲᠠ ᠲᠠᠯᠪᠢᠭᠰᠠᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ ᠵᠢ ᠲᠦᠯᠬᠢᠨ ᠠᠬᠢᠭᠤᠯᠵᠤ᠂ ᠪᠠᠢ᠌ᠴᠠᠭ᠋ᠠᠬᠤ ᠳᠠᠪᠲᠠᠮᠵᠢ ᠤᠳᠠᠭ᠎ᠠ ᠵᠢ ᠪᠠᠭ᠋ᠠᠰᠬᠠᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠠᠯᠳᠠᠭ᠎ᠠ ᠪᠤᠷᠤᠭᠤ ᠵᠢ ᠠᠭᠤᠴᠢᠯᠠᠨ ᠪᠠᠭᠲᠠᠭ᠋ᠠᠵᠤ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠲᠣᠭᠲᠠᠴᠠ ᠵᠢ ᠪᠠᠢ᠌ᠭᠤᠯᠵᠤ᠂ ᠰᠢᠨ᠎ᠡ ᠱᠤᠭᠤᠮ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠵᠡᠷᠭᠡ ᠶᠠᠪᠤᠴᠠ᠎ᠳᠠᠬᠢ ᠠᠯᠳᠠᠭ᠎ᠠ ᠪᠤᠷᠤᠭᠤ ᠵᠢ ᠠᠭᠤᠴᠢᠯᠠᠨ ᠪᠠᠭᠲᠠᠭ᠋ᠠᠵᠤ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠪᠠᠢ᠌ᠳᠠᠯ᠎ᠢ ᠲᠣᠳᠣᠷᠬᠠᠢ᠌ᠯᠠᠨ ᠰᠦᠪᠡᠭᠴᠢᠯᠡᠨ᠎ᠡ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠬᠠᠢ᠌ᠯᠠᠭᠰᠠᠨ ᠠᠵᠢᠯ᠎ᠤᠨ ᠪᠥᠬᠥ ᠴᠤᠪᠤᠷᠠᠯ᠎ᠢ ᠰᠦᠯᠵᠢᠶ᠎ᠡ᠎ᠪᠠᠷ ᠭᠦᠢᠴᠡᠳᠬᠡᠬᠦ᠂ ᠰᠦᠯᠵᠢᠶ᠎ᠡ᠎ᠪᠠᠷ ᠬᠠᠮᠢᠶᠠᠷᠬᠤ ᠵᠢ ᠪᠡᠶᠡᠯᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠠᠵᠢᠯ᠎ᠤᠨ ᠬᠡᠮᠵᠢᠶ᠎ᠡ ᠵᠢ 70 %᠎ᠠᠴᠠ ᠳᠡᠭᠡᠭᠰᠢ᠎ᠪᠠᠷ ᠬᠥᠩᠭᠡᠷᠡᠭᠦᠯᠦᠨ᠎ᠡ ᠃
《ᠨᠠᠷᠢᠨ ᠬᠠᠭᠤᠳᠠᠰᠤ》᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠦᠢᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠪᠡ ᠃ ᠮᠠᠨ᠎ᠤ ᠣᠷᠣᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠯᠠᠭᠤ ᠴᠢᠳᠠᠪᠤᠷᠢᠲᠠᠨ᠎ᠢ ᠬᠥᠮᠦᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠰᠢᠨ᠎ᠡ᠎ᠪᠠᠷ ᠠᠵᠢᠯ᠎ᠳᠤ ᠣᠷᠣᠭᠰᠠᠨ ᠳ᠋ᠣᠺᠲ᠋ᠣᠷ ᠴᠣᠯᠠ ᠬᠠᠮᠠᠭ᠋ᠠᠯᠠᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢ ᠰᠢᠭᠤᠳ ᠭᠤᠶᠤᠴᠢᠯᠠᠨ ᠮᠡᠳᠡᠭᠦᠯᠬᠦ ᠵᠢ ᠵᠥᠪᠰᠢᠶᠡᠷᠡᠵᠦ᠂ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠵᠠᠯᠠᠭᠤᠴᠤᠳ᠎ᠤᠨ ᠰᠠᠭᠤᠷᠢ ᠮᠥᠩᠭᠥ ᠵᠢᠨ ᠲᠥᠷᠥᠯ ᠵᠦᠢᠯ᠎ᠢ ᠨᠡᠮᠡᠵᠦ ᠪᠠᠢ᠌ᠭᠤᠯᠪᠠ ᠃ ᠳᠤᠷᠠᠳᠤᠭᠤᠰᠢᠲᠠᠶ᠎ᠨᠢ᠂ ᠡᠨᠡ ᠵᠢᠯ᠂ 45 ᠨᠠᠰᠤ ᠵᠢᠴᠢ ᠲᠡᠭᠦᠨ᠎ᠠᠴᠠ ᠳᠣᠷᠣᠭᠰᠢᠬᠢ ᠨᠠᠰᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠯᠠᠭᠤ ᠴᠢᠳᠠᠪᠤᠷᠢᠲᠠᠨ᠎ᠤ ᠲᠥᠷᠥᠯ ᠵᠦᠢᠯ ᠲᠣᠭᠲᠠᠭ᠋ᠠᠬᠤ᠎ᠨᠢ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠲᠥᠷᠥᠯ ᠵᠦᠢᠯ ᠲᠣᠭᠲᠠᠭ᠋ᠠᠬᠤ ᠶᠡᠷᠦᠩᠬᠡᠶ ᠲᠣᠭ᠋ᠠᠨ᠎ᠤ 78.5 % ᠵᠢ ᠡᠵᠡᠯᠡᠪᠡ᠃
ᠡᠭᠦᠨ᠎ᠠᠴᠠ ᠭᠠᠳᠠᠨ᠎ᠠ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠳᠬᠠᠵᠤ᠂ ᠠᠵᠤ ᠠᠬᠤᠢ᠌ᠯᠠᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠥᠷᠥᠯ ᠵᠦᠢᠯ᠎ᠢ ᠲᠦᠷᠦᠭᠦᠯᠡᠨ ᠡᠭᠦᠷᠭᠡᠯᠡᠬᠦ ᠵᠢ ᠳᠡᠮᠵᠢᠵᠦ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠴᠢ ᠵᠢᠨ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠨᠡᠢ᠌ᠲᠡ 11167 ᠠᠵᠤ ᠠᠬᠤᠢ᠌ᠯᠠᠯ᠎ᠳᠤ ᠲᠤᠢ᠌ᠯ᠎ᠤᠨ ᠣᠨᠣᠪᠴᠢᠲᠠᠶ᠎ᠪᠠᠷ ᠰᠢᠨ᠎ᠡ ᠵᠢ ᠡᠭᠦᠳᠬᠦ ᠦᠢᠯᠡᠴᠢᠯᠡᠭᠡ ᠬᠠᠩᠭ᠋ᠠᠪᠠ ᠃ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠢ ᠰᠢᠯᠢᠨ ᠰᠣᠩᠭᠣᠬᠤ ᠠᠷᠭ᠎ᠠ ᠮᠠᠶᠢᠭ᠎ᠢ ᠰᠢᠯᠢᠳᠡᠭᠵᠢᠭᠦᠯᠵᠦ᠂ ᠥᠷᠢᠰᠥᠯᠳᠦᠭᠡᠨ ᠵᠶ᠋ᠡᠷ ᠰᠢᠯᠢᠳᠡᠭ᠎ᠢ᠎ᠨᠢ ᠰᠣᠩᠭᠣᠬᠤ᠂ ᠬᠠᠨᠳᠤᠯᠭ᠎ᠠ᠎ᠲᠠᠢ᠎ᠪᠠᠷ ᠨᠠᠢ᠌ᠳᠠᠬᠤ ᠵᠡᠷᠭᠡ ᠰᠢᠯᠢᠨ ᠰᠣᠩᠭᠣᠬᠤ ᠠᠷᠭ᠎ᠠ ᠮᠠᠶᠢᠭ ᠪᠠ ᠵᠠᠷᠯᠠᠯ ᠨᠡᠢ᠌ᠲᠡᠯᠡᠨ ᠮᠠᠩᠯᠠᠢ᠌ᠯᠠᠭᠤᠯᠬᠤ᠂ ᠮᠣᠷᠢ ᠤᠷᠤᠯᠳᠤᠬᠤ ᠲᠦᠷᠢᠮ ᠵᠡᠷᠭᠡ ᠲᠥᠷᠥᠯ ᠵᠦᠢᠯ᠎ᠢ ᠬᠡᠷᠡᠭᠵᠢᠭᠦᠯᠬᠦ ᠠᠷᠭ᠎ᠠ ᠮᠠᠶᠢᠭ᠎ᠢ ᠠᠪᠴᠤ᠂ ᠡᠨᠡ ᠵᠢᠯ ᠥᠷᠨᠢᠭᠦᠯᠦᠭᠰᠡᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦᠷᠬᠡᠭᠵᠢᠯ᠎ᠢ ᠵᠠᠰᠠᠬᠤ ᠪᠠ ᠳᠣᠤᠷ᠎ᠠ ᠨᠡᠭᠦᠷᠡᠰᠦᠲᠥ᠋ᠷᠥᠭᠴᠢᠲᠦ ᠡᠨᠧᠷᠭᠢ ᠵᠢᠨ ᠬᠣᠶᠠᠷ ᠪᠦᠯᠦᠭ 28 ᠵᠦᠢᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠲᠥᠷᠥᠯ ᠵᠦᠢᠯ᠎ᠢ ᠴᠥᠮ ᠵᠠᠷᠯᠠᠯ ᠨᠡᠢ᠌ᠲᠡᠯᠡᠨ ᠮᠠᠩᠯᠠᠢ᠌ᠯᠠᠭᠤᠯᠬᠤ ᠠᠷᠭ᠎ᠠ ᠮᠠᠶᠢᠭ ᠵᠶ᠋ᠠᠷ ᠬᠡᠷᠡᠭᠵᠢᠭᠦᠯᠦᠨ᠎ᠡ ᠃
《ᠨᠠᠷᠢᠨ ᠬᠠᠭᠤᠳᠠᠰᠤ》᠎ᠨᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢᠯᠡᠰ᠎ᠢ ᠭᠦᠢᠴᠡᠳᠬᠡᠬᠦ ᠬᠦᠴᠦᠨ ᠪᠥᠬᠥᠶ ᠬᠤᠭᠤᠴᠠᠭ᠎ᠠ ᠵᠢ ᠳᠡᠭᠡᠭᠰᠢᠯᠡᠭᠦᠯᠪᠡ ᠃ ᠭᠠᠳᠠᠭ᠋ᠠᠳᠤ ᠵᠢᠨ ᠬᠥᠮᠦᠨ᠎ᠤ ᠳᠤᠮᠳᠠᠳᠤ ᠤᠯᠤᠰ᠎ᠲᠤ ᠢᠷᠡᠵᠦ ᠠᠵᠢᠯᠯᠠᠬᠤ ᠵᠥᠪᠰᠢᠶᠡᠷᠡᠯ᠎ᠤᠨ ᠦᠨᠡᠮᠯᠡᠯ ᠪᠠ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠤᠨ ᠨᠡᠢ᠌ᠯᠡᠯ᠎ᠢ ᠠᠬᠢᠭᠤᠯᠵᠤ᠂ ᠪᠥᠬᠥ ᠶᠠᠪᠤᠴᠠ ᠵᠢ ᠰᠦᠯᠵᠢᠶᠡᠨ ᠳᠡᠭᠡᠷ᠎ᠡ ᠭᠦᠢᠴᠡᠳᠬᠡᠬᠦ ᠵᠢ ᠪᠡᠶᠡᠯᠡᠭᠦᠯᠦᠨ᠂ ᠭᠦᠢᠴᠡᠳᠬᠡᠬᠦ ᠴᠠᠭ᠎ᠤᠨ ᠬᠢᠵᠠᠭ᠋ᠠᠷ᠎ᠢ ᠤᠤᠯ᠎ᠤᠨ 20 ᠠᠵᠢᠯᠯᠠᠬᠤ ᠡᠳᠦᠷ᠎ᠠᠴᠠ 15 ᠠᠵᠢᠯᠯᠠᠬᠤ ᠡᠳᠦᠷ ᠪᠣᠯᠭ᠋ᠠᠨ ᠪᠣᠭᠣᠨᠢᠰᠬᠠᠪᠠ; ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠡᠩᠰᠡᠯᠡᠨ ᠲᠡᠮᠳᠡᠭᠯᠡᠬᠦ ᠪᠥᠬᠥ ᠶᠠᠪᠤᠴᠠ ᠵᠢ ᠰᠦᠯᠵᠢᠶ᠎ᠡ᠎ᠪᠠᠷ ᠭᠦᠢᠴᠡᠳᠬᠡᠬᠦ ᠵᠢ ᠪᠡᠶᠡᠯᠡᠭᠦᠯᠵᠦ᠂ ᠭᠦᠢᠴᠡᠳᠬᠡᠬᠦ ᠴᠠᠭ᠎ᠤᠨ ᠬᠢᠵᠠᠭ᠋ᠠᠷ᠎ᠢ ᠤᠤᠯ᠎ᠤᠨ 20 ᠠᠵᠢᠯᠯᠠᠬᠤ ᠡᠳᠦᠷ ᠪᠠᠢ᠌ᠭᠰᠠᠨ᠎ᠠᠴᠠ᠎ᠨᠢ 15 ᠠᠵᠢᠯᠯᠠᠬᠤ ᠡᠳᠦᠷ ᠪᠣᠯᠭ᠋ᠠᠨ ᠪᠣᠭᠣᠨᠢᠰᠬᠠᠬᠤ ᠵᠢ ᠠᠬᠢᠭᠤᠯᠤᠨ᠎ᠠ᠃
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠲᠥᠷᠥ ᠵᠢᠨ ᠪᠣᠳᠣᠯᠭ᠎ᠠ ᠵᠢ ᠪᠣᠳᠠᠲᠠᠶ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠪᠥᠬᠥ ᠬᠦᠴᠦᠨ ᠵᠶ᠋ᠡᠷ ᠠᠬᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ ᠵᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠠᠷᠢᠯᠢᠬ᠍ᠵᠢᠭᠤᠯᠤᠭᠰᠠᠨ ᠠᠷᠭ᠎ᠠ ᠬᠡᠮᠵᠢᠶ᠎ᠡ ᠳᠤᠷᠠᠳᠬᠤ ᠵᠢ ᠠᠬᠢᠭᠤᠯᠵᠤ᠂ ᠦᠷ᠎ᠡ ᠪᠦᠲᠦᠮᠵᠢ᠎ᠪᠠᠷ ᠰᠠᠢ᠌ᠨ᠂ ᠵᠢᠱ᠌ᠢᠶ᠎ᠡ ᠦᠵᠡᠭᠦᠯᠬᠦ ᠦᠢᠯᠡᠳᠦᠯ ᠵᠶ᠋ᠡᠷ ᠴᠢᠩᠭ᠎ᠠ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠢᠳᠡᠪᠬᠢᠲᠡᠶ ᠳᠡᠯᠭᠡᠷᠡᠭᠦᠯᠦᠨ᠎ᠡ; ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠶᠠᠪᠤᠴᠠ᠎ᠳᠠᠬᠢ ᠲᠦᠭᠵᠢᠷᠡᠯ ᠪᠠ ᠬᠦᠴᠢᠷᠳᠡᠯ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠳᠤᠮᠳᠠᠬᠢ ᠪᠠᠴᠢᠮ ᠬᠦᠴᠢᠷᠳᠡᠯ ᠪᠠ ᠬᠦᠰᠡᠯ ᠡᠷᠡᠮᠡᠯᠵᠡᠯ᠎ᠢ ᠴᠠᠭ ᠲᠤᠬᠠᠶ᠎ᠳᠤᠨᠢ ᠡᠵᠡᠮᠰᠢᠵᠦ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠲᠠᠰ ᠳᠡᠪᠰᠢᠭᠦᠯᠬᠦ ᠬᠡᠪ᠎ᠢ ᠴᠠᠭᠲᠤᠨᠢ ᠲᠣᠬᠢᠷᠠᠭᠤᠯᠤᠨ ᠲᠣᠭᠲᠠᠭ᠋ᠠᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ᠃