ᠨᠢᠭᠡ᠂ ᠲᠤᠭᠤᠷᠪᠢᠨ ᠪᠢᠴᠢᠭᠰᠡᠨ ᠠᠬᠤᠢ ᠪᠠᠢ᠌ᠳᠠᠯ
ᠮᠡᠷᠭᠡᠵᠢᠯᠤᠨ ᠭᠡᠷᠡ ᠵᠢ ᠮᠠᠭ᠋ᠠᠳᠯᠠᠨ ᠲᠣᠭᠲᠠᠭ᠋ᠠᠵᠤ ᠳᠡᠩᠰᠡᠯᠡᠨ ᠲᠡᠮᠳᠡᠭᠯᠡᠬᠦᠨᠢ ᠮᠠᠨᠤ ᠣᠷᠣᠨᠤ ᠰᠢᠨᠵᠢᠯᠡᠬᠦ ᠤᠬᠠᠭ᠋ᠠᠨ ᠮᠡᠷᠭᠡᠵᠢᠯᠤᠨ ᠦᠷᠡ ᠪᠦᠲᠦᠭᠡᠯᠢ ᠦᠢᠯᠡᠳᠪᠦᠷᠢᠯᠡᠵᠦ ᠭᠠᠷᠭ᠋ᠠᠬᠤ᠂ ᠰᠢᠯᠵᠢᠭᠦᠯᠦᠨ ᠤᠯᠠᠷᠢᠭᠤᠯᠬᠤ ᠦᠷᠡ ᠪᠦᠲᠦᠮᠵᠢ ᠪᠠ ᠮᠡᠷᠭᠡᠵᠢᠯᠤᠨ ᠬᠦᠴᠦᠨ ᠵᠦᠢᠯᠤᠨ ᠵᠠᠬᠠ ᠳᠡᠯᠭᠡᠭᠦᠷᠤᠨ ᠬᠥᠭᠵᠢᠶᠡᠨᠲᠡᠶ ᠪᠠᠢ᠌ᠬᠤ ᠬᠡᠮᠵᠢᠶᠡ ᠵᠢ ᠰᠢᠭᠤᠳ ᠲᠤᠰᠬᠠᠨᠠ ᠃ ᠥᠪᠡᠷᠲᠡᠭᠡᠨ ᠵᠠᠰᠠᠬᠤ ᠣᠷᠣᠨᠤ ᠮᠡᠷᠭᠡᠵᠢᠯᠤᠨ ᠭᠡᠷᠡ ᠵᠢ ᠮᠠᠭ᠋ᠠᠳᠯᠠᠨ ᠲᠣᠭᠲᠠᠭ᠋ᠠᠵᠤ ᠳᠡᠩᠰᠡᠯᠡᠨ ᠲᠡᠮᠳᠡᠭᠯᠡᠬᠦ ᠵᠢ ᠵᠢᠷᠤᠮᠵᠢᠭᠤᠯᠤᠨ ᠬᠠᠮᠢᠶᠠᠷᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯᠤᠨ ᠦᠷᠡ ᠪᠦᠲᠦᠭᠡᠯᠢ ᠤᠯᠠᠷᠢᠭᠤᠯᠬᠤ ᠪᠠ ᠠᠵᠤ ᠦᠢ᠌ᠯᠡᠰᠵᠢᠭᠦᠯᠬᠦ ᠬᠢᠷᠢ ᠬᠡᠮᠵᠢᠶᠡ ᠵᠢ ᠳᠡᠭᠡᠭᠰᠢᠯᠡᠭᠦᠯᠬᠦ ᠵᠢᠨ ᠲᠤᠰᠠᠳᠠ᠂ 2022 ᠣᠨᠤ 11 ᠳ᠋ᠦ᠍ᠭᠡᠷ ᠰᠠᠷᠠᠳᠤ᠂ ᠰᠢᠨᠵᠢᠯᠡᠬᠦ ᠤᠬᠠᠭ᠋ᠠᠨ ᠮᠡᠷᠭᠡᠵᠢᠯᠤᠨ ᠶᠠᠮᠤᠨᠤ ᠭᠠᠯ ᠪᠠᠮᠪᠠᠷ ᠲᠥᠪᠠᠴᠠ《ᠮᠡᠷᠭᠡᠵᠢᠯᠤᠨ ᠭᠡᠷᠡ ᠵᠢ ᠮᠠᠭ᠋ᠠᠳᠯᠠᠨ ᠲᠣᠭᠲᠠᠭ᠋ᠠᠵᠤ ᠳᠡᠩᠰᠡᠯᠡᠨ ᠲᠡᠮᠳᠡᠭᠯᠡᠬᠦ ᠠᠵᠢᠯᠤᠨ ᠵᠢᠯᠣᠭᠣᠳᠤᠮᠵᠢ》 (ᠳᠣᠷᠣᠭᠰᠢ 《ᠵᠢᠯᠣᠭᠣᠳᠤᠮᠵᠢ》ᠭᠡᠵᠦ ᠲᠣᠪᠴᠢᠯᠠᠨᠠ) ᠵᠢ ᠳᠠᠷᠤᠮᠠᠯᠯᠠᠨ ᠲᠠᠷᠬᠠᠭ᠋ᠠᠪᠠ ᠃ 《ᠵᠢᠯᠣᠭᠣᠳᠤᠮᠵᠢ》 ᠵᠢᠨ ᠪᠣᠳᠠᠲᠠᠶ ᠱᠠᠭ᠋ᠠᠷᠳᠠᠯᠭᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨᠤ ᠰᠢᠨᠵᠢᠯᠡᠬᠦ ᠤᠬᠠᠭ᠋ᠠᠨ ᠮᠡᠷᠭᠡᠵᠢᠯᠤᠨ ᠲᠢᠩᠬᠢᠮᠠᠴᠠ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠮᠡᠷᠭᠡᠵᠢᠯᠤᠨ ᠭᠡᠷᠡ ᠵᠢ ᠮᠠᠭ᠋ᠠᠳᠯᠠᠨ ᠲᠣᠭᠲᠠᠭ᠋ᠠᠵᠤ ᠳᠡᠩᠰᠡᠯᠡᠨ ᠲᠡᠮᠳᠡᠭᠯᠡᠬᠦ ᠠᠵᠢᠯᠤᠨ ᠬᠠᠮᠢᠶᠠᠷᠤᠯᠲᠠ ᠵᠢᠨ ᠠᠷᠭᠠ (ᠲᠤᠷᠰᠢᠨ ᠬᠡᠷᠡᠭᠵᠢᠭᠦᠯᠬᠦ)》 (ᠳᠣᠷᠣᠭᠰᠢ 《ᠠᠷᠭᠠ》 ᠭᠡᠵᠦ ᠲᠣᠪᠴᠢᠯᠠᠨᠠ) ᠵᠢ ᠲᠣᠭᠲᠠᠭ᠋ᠠᠪᠠ᠃
ᠬᠣᠶᠠᠷ᠂ ᠭᠣᠣᠯ ᠠᠭᠤᠯᠭᠠ
《ᠠᠷᠭᠠ》ᠨᠢ ᠨᠡᠢ᠌ᠲᠡ 7 ᠪᠦᠯᠦᠭ 34 ᠵᠦᠢᠯᠲᠠᠢ᠃
ᠨᠢᠭᠡᠳᠦᠭᠡᠷ ᠪᠦᠯᠦᠭ ᠶᠡᠷᠦᠩᠬᠡᠶ ᠳᠦᠷᠢᠮᠳᠤ ᠥᠪᠡᠷᠲᠡᠭᠡᠨ ᠵᠠᠰᠠᠬᠤ ᠣᠷᠣᠨᠤ ᠰᠢᠨᠵᠢᠯᠡᠬᠦ ᠤᠬᠠᠭ᠋ᠠᠨ ᠮᠡᠷᠭᠡᠵᠢᠯᠤᠨ ᠲᠢᠩᠬᠢᠮ᠂ ᠲᠢᠩᠬᠢᠮᠤᠨ ᠬᠠᠷᠢᠶᠠ ᠡᠭᠦᠷᠭᠡ ᠴᠢᠳᠠᠪᠤᠷᠢᠲᠤ ᠨᠢᠭᠡᠴᠡ᠂ ᠡᠯᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯᠤᠨ ᠲᠣᠪᠴᠢᠶᠠ ᠵᠢᠨ ᠠᠵᠢᠯᠤᠨ ᠡᠭᠦᠷᠭᠡ ᠬᠠᠷᠢᠭᠤᠴᠠᠯᠭᠠ ᠵᠢ ᠲᠣᠳᠣᠷᠬᠠᠢ᠌ᠯᠠᠪᠠ᠃
ᠬᠣᠶᠠᠳᠤᠭ᠋ᠠᠷ ᠪᠦᠯᠦᠭ ᠳᠠᠩᠰᠠᠯᠠᠬᠤ ᠪᠠᠢ᠌ᠭᠤᠯᠤᠮᠵᠢᠳᠤ ᠳᠠᠩᠰᠠᠯᠠᠬᠤ ᠪᠠᠢ᠌ᠭᠤᠯᠤᠮᠵᠢ ᠪᠠᠢ᠌ᠭᠤᠯᠬᠤ ᠨᠥᠬᠥᠴᠡᠯ᠂ ᠵᠢᠷᠤᠮ ᠪᠠ ᠲᠤᠬᠠᠢ᠌ᠯᠠᠭᠰᠠᠨ ᠠᠵᠢᠯᠤᠨ ᠬᠠᠮᠢᠶᠠᠷᠤᠯᠲᠠ ᠵᠡᠷᠭᠡ ᠵᠦᠢ᠍ᠯᠡᠰᠢ ᠲᠣᠭᠲᠠᠭ᠋ᠠᠪᠠ᠃
ᠭᠤᠷᠪᠠᠳᠤᠭ᠋ᠠᠷ ᠪᠦᠯᠦᠭ ᠮᠡᠷᠭᠡᠵᠢᠯᠤᠨ ᠭᠡᠷᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠬᠤᠳᠤ ᠳᠠᠩᠰᠠᠯᠠᠭᠤᠯᠤᠨ ᠪᠦᠷᠢᠳᠬᠡᠭᠦᠯᠬᠦ ᠶᠠᠪᠤᠴᠠ᠂ ᠳᠠᠩᠰᠠᠯᠠᠬᠤ ᠪᠡᠶᠡᠴᠢ ᠴᠣᠭᠴᠠ ᠵᠢᠨ ᠱᠠᠭ᠋ᠠᠷᠳᠠᠯᠭᠠ᠂ ᠮᠠᠭ᠋ᠠᠳᠯᠠᠨ ᠲᠣᠭᠲᠠᠭ᠋ᠠᠵᠤ ᠪᠦᠷᠢᠳᠬᠡᠭᠦᠯᠬᠦ ᠱᠠᠭ᠋ᠠᠷᠳᠠᠯᠭᠠ ᠵᠢᠴᠢ ᠨᠢᠭᠡᠨᠲᠡ ᠳᠠᠩᠰᠠᠯᠠᠭᠤᠯᠤᠭᠰᠠᠨ ᠮᠡᠷᠭᠡᠵᠢᠯᠤᠨ ᠭᠡᠷᠡ ᠵᠢ ᠬᠤᠪᠢᠷᠠᠭᠤᠯᠬᠤ᠂ ᠴᠤᠴᠠᠯᠬᠤ᠂ ᠬᠦᠴᠦᠨ ᠦᠭᠡᠢ ᠪᠣᠯᠭ᠋ᠠᠬᠤ᠂ ᠲᠠᠩᠰᠠᠨᠳᠤ ᠣᠷᠣᠭᠤᠯᠬᠤ ᠵᠡᠷᠭᠡ ᠠᠭᠤᠯᠭᠠ ᠵᠢ ᠲᠣᠳᠣᠷᠬᠠᠢ᠌ᠯᠠᠪᠠ᠃
ᠳᠥᠷᠪᠡᠳᠦᠭᠡᠷ ᠪᠦᠯᠦᠭ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠳᠤᠮᠳᠠ ᠬᠣᠶᠠᠳᠠᠬᠢ ᠤᠳᠠᠭᠠ ᠬᠢᠨᠠᠨ ᠬᠠᠷᠭᠤᠭᠤᠯᠬᠤ᠂ ᠳᠠᠬᠢᠨ ᠬᠢᠨᠠᠬᠤ᠂ ᠬᠢᠨᠠᠯᠲᠠ ᠲᠠᠯᠪᠢᠵᠤ ᠪᠠᠢ᠌ᠴᠠᠭ᠋ᠠᠬᠤ ᠵᠡᠷᠭᠡ ᠰᠡᠷᠭᠡᠢ᠌ᠯᠡᠨ ᠡᠵᠡᠮᠳᠡᠬᠦ ᠲᠣᠭᠲᠠᠴᠠ ᠵᠢ ᠲᠣᠭᠲᠠᠭ᠋ᠠᠵᠤ᠂ ᠡᠯᠡ ᠱᠠᠲᠤᠨᠤ ᠰᠢᠨᠵᠢᠯᠡᠬᠦ ᠤᠬᠠᠭ᠋ᠠᠨ ᠮᠡᠷᠭᠡᠵᠢᠯᠤᠨ ᠬᠠᠮᠢᠶᠠᠷᠤᠯᠲᠠ ᠵᠢᠨ ᠰᠠᠯᠠᠭᠠ ᠮᠥᠴᠢᠷᠤᠳ ᠲᠦᠭᠰᠢᠭᠦᠷᠢ ᠵᠢ ᠬᠠᠮᠢᠶᠠᠷᠬᠤ ᠪᠠ ᠠᠷᠢᠭᠤᠨ ᠴᠢᠬᠡᠴᠢᠪᠠᠷ ᠵᠠᠰᠠᠭ ᠪᠠᠷᠢᠬᠤ ᠲᠦᠭᠰᠢᠭᠦᠷᠢᠳᠤ ᠬᠢᠨᠠᠯᠲᠠ ᠲᠠᠯᠪᠢᠵᠤ ᠦᠨᠡᠯᠡᠨ ᠵᠢᠱ᠌ᠢᠬᠦ ᠲᠣᠭᠲᠠᠴᠠ ᠵᠢ ᠪᠠᠢ᠌ᠭᠤᠯᠵᠤ᠂ ᠬᠠᠮᠢᠶᠠ ᠪᠦᠬᠦᠢ ᠬᠠᠮᠢᠶᠠᠷᠤᠯᠲᠠ ᠵᠢᠨ ᠳᠦᠷᠢᠮᠢ ᠲᠣᠭᠲᠠᠭ᠋ᠠᠨ᠂ ᠮᠡᠷᠭᠡᠵᠢᠯᠤᠨ ᠭᠡᠷᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠨ ᠲᠡᠮᠳᠡᠭᠯᠡᠬᠦ ᠰᠢᠰᠲ᠋ᠧᠮᠤᠨ ᠠᠵᠢᠯᠯᠠᠭᠤᠯᠬᠤ ᠠᠵᠢᠯᠲᠠᠨᠤ ᠬᠠᠮᠢᠶᠠᠷᠤᠯᠲᠠ ᠵᠢ ᠵᠢᠷᠤᠮᠵᠢᠭᠤᠯᠵᠤ᠂ ᠮᠡᠷᠭᠡᠵᠢᠯᠤᠨ ᠭᠡᠷᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠨ ᠲᠡᠮᠳᠡᠭᠯᠡᠬᠦ ᠠᠷᠢᠭᠤᠨ ᠴᠢᠬᠡᠴᠢᠪᠠᠷ ᠵᠠᠰᠠᠭ ᠪᠠᠷᠢᠬᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠠᠵᠢᠯᠢ ᠦᠨᠡᠨᠬᠦ ᠰᠠᠢ᠌ᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃
ᠲᠠᠪᠤᠳᠤᠭ᠋ᠠᠷ ᠪᠦᠯᠦᠭ ᠲᠥᠷᠥ ᠵᠢᠨ ᠪᠣᠳᠣᠯᠭᠠ ᠵᠢᠨ ᠳᠡᠮᠵᠢᠯᠭᠡ ᠳᠤᠮᠳᠠ ᠮᠡᠷᠭᠡᠵᠢᠯᠤᠨ ᠭᠡᠷᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠨ ᠲᠡᠮᠳᠡᠭᠯᠡᠬᠦ ᠬᠣᠯᠪᠣᠭᠳᠠᠯ ᠪᠦᠬᠦᠢ ᠬᠠᠷᠠᠭ᠋ᠠᠯᠵᠠᠯᠤᠨ ᠲᠥᠷᠥ ᠵᠢᠨ ᠪᠣᠳᠣᠯᠭᠠ ᠵᠢ ᠤᠬᠠᠭᠤᠯᠬᠤ᠂ ᠲᠤᠤᠱᠯᠠᠭᠤᠯᠬᠤ ᠪᠠ ᠨᠠᠢ᠌ᠳᠠᠪᠤᠷᠢᠵᠢᠭᠤᠯᠬᠤ ᠠᠵᠢᠯᠢ ᠰᠠᠢ᠌ᠲᠤᠷ ᠬᠢᠬᠦ᠂ ᠮᠡᠷᠭᠡᠵᠢᠯᠤᠨ ᠭᠡᠷᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠵᠢᠨ ᠠᠵᠢᠯᠤᠨ ᠵᠠᠷᠤᠳᠠᠯᠢ ᠵᠦᠢ ᠵᠣᠬᠢᠰᠲᠠᠶ ᠲᠣᠬᠢᠷᠠᠭᠤᠯᠬᠤ᠂ ᠣᠨᠤ ᠦᠢ᠍ᠯᠡᠴᠢᠯᠡᠭᠡᠨᠤ ᠠᠵᠢᠯᠤᠨ ᠠᠮᠵᠢᠯᠲᠠ ᠵᠢ ᠰᠢᠯᠭ᠋ᠠᠨ ᠬᠢᠨᠠᠵᠤ ᠦᠨᠡᠯᠡᠬᠦ ᠪᠠ ᠳᠠᠷᠠᠭ᠋ᠠᠬᠢ ᠲᠤᠰᠠᠯᠠᠮᠵᠢ ᠳᠡᠮᠵᠢᠯᠭᠡ ᠵᠡᠷᠭᠡ ᠠᠭᠤᠯᠭᠠ ᠵᠢ ᠳᠤᠷᠠᠳᠤᠨᠠ ᠃
ᠵᠢᠷᠭᠤᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭᠠᠳᠤ ᠮᠡᠷᠭᠡᠵᠢᠯᠤᠨ ᠭᠡᠷᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠬᠤ ᠠᠵᠢᠯᠤᠨ ᠳᠤᠮᠳᠠ ᠲᠣᠭᠲᠠᠭ᠋ᠠᠯᠢ ᠵᠥᠷᠢᠴᠡᠵᠦ ᠬᠠᠤᠯᠢ ᠵᠢ ᠵᠥᠷᠢᠴᠡᠭᠰᠡᠨ ᠪᠠᠢ᠌ᠪᠠᠯ ᠰᠢᠢᠳᠪᠦᠷᠢᠯᠡᠬᠦ ᠠᠷᠭᠠ ᠬᠡᠮᠵᠢᠶᠡ ᠵᠢ ᠲᠣᠳᠣᠷᠬᠠᠶ ᠲᠣᠭᠲᠠᠭ᠋ᠠᠪᠠ᠃
ᠳᠣᠯᠣᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮᠳᠤ《ᠠᠷᠭᠠ》 ᠵᠢ ᠲᠠᠢ᠌ᠯᠪᠤᠷᠢᠯᠠᠬᠤ ᠡᠷᠬᠡ ᠮᠡᠳᠡᠯ ᠪᠣᠯᠤᠨ ᠬᠡᠷᠡᠭᠵᠢᠭᠦᠯᠬᠦ ᠴᠠᠭᠢ ᠲᠣᠳᠣᠷᠬᠠᠢ᠌ᠯᠠᠪᠠ᠃