ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠲᠥᠷᠥ᠎ᠶᠢᠨ ᠪᠣᠳᠣᠯᠭ᠎ᠠ
ᠲᠣᠭ᠋ᠠᠴᠢᠯᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ ᠪᠣᠳᠠᠰ᠎ᠤᠨ ᠪᠤᠰᠤ ᠰᠣᠶᠣᠯ᠎ᠤᠨ ᠥᠪ᠎ᠢ 《ᠠᠮᠢᠳᠤᠯᠢᠭ》 ᠪᠣᠯᠭ᠋ᠠᠪᠠ
ᠨᠡᠶ᠋ᠢᠲᠡᠯᠡᠭᠰᠡᠨ ᠴᠠᠭ᠄ 2019-10-22

ᠲᠣᠭ᠋ᠠᠴᠢᠯᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ ᠪᠣᠳᠠᠰ᠎ᠤᠨ ᠪᠤᠰᠤ ᠰᠣᠶᠣᠯ᠎ᠤᠨ ᠥᠪ᠎ᠢ 《ᠠᠮᠢᠳᠤᠯᠢᠭ》 ᠪᠣᠯᠭ᠋ᠠᠪᠠ
    ᠰᠦᠯᠵᠢᠶᠡᠨ᠎ᠤ ᠨᠢᠭᠤᠷ ᠪᠤᠶᠤ ᠭᠠᠷ ᠤᠲᠠᠰᠤᠨ᠎ᠤ A P P ᠵᠢ ᠨᠡᠭᠡᠭᠡᠪᠡᠯ᠂ 《ᠪᠣᠷᠣ ᠬᠣᠲᠠ》 ᠵᠢᠨ ᠰᠦᠷᠯᠢᠭ ᠰᠠᠶ᠋ᠢᠬᠠᠨ ᠦᠵᠡᠮᠵᠢ ᠵᠢ ᠰᠣᠨᠢᠷᠬᠠᠵᠤ ᠪᠣᠯᠤᠨ᠎ᠠ᠂ ᠪᠠᠰᠠ ᠬᠡᠶ᠋ᠢᠰᠪᠦᠷᠢ ᠠᠬᠤᠶ (V R) ᠵᠢᠨ ᠵᠠᠭᠪᠤᠷ ᠵᠶ᠋ᠠᠷ ᠬᠠᠭ᠋ᠠᠨ᠎ᠤ ᠣᠷᠳᠣᠨ᠎ᠤ ᠭᠤᠷᠪᠠᠨ ᠶᠡᠬᠡ ᠬᠠᠷᠰᠢ᠎ᠳᠤ ᠣᠷᠣᠵᠤ᠂ ᠢᠯᠡᠷᠬᠡᠶ᠋ᠢᠯᠡᠯ᠎ᠢ ᠣᠢ᠍ᠷ᠎ᠠ ᠵᠠᠶ᠎ᠠᠴᠠ ᠰᠣᠨᠢᠷᠬᠠᠵᠤ ᠪᠣᠯᠤᠨ᠎ᠠ᠂ ᠴᠢᠨᠠᠭᠰᠢᠯᠠᠪᠠᠯ ᠯᠣᠤ ᠵᠢᠨ ᠰᠠᠨᠳᠠᠯᠢ ᠳᠡᠭᠡᠷ᠎ᠡ 《ᠰᠠᠭᠤᠵᠤ》 ᠪᠣᠯᠤᠨ᠎ᠠ᠃ ᠨᠢᠭᠡ ᠠᠳᠬᠤ ᠬᠠᠭ᠋ᠠᠨ᠎ᠤ ᠠᠮᠢᠳᠤᠷᠠᠯ᠎ᠤᠨ ᠰᠢᠨᠤᠯ᠎ᠢ ᠥᠩᠭᠡᠷᠡᠭᠦᠯᠵᠡᠢ ᠁ ᠡᠳᠡᠭᠡᠷ ᠲᠥᠷᠥᠭᠳᠡᠯ᠎ᠨᠢ ᠵᠣᠬᠢᠶᠠᠭᠴᠢ ᠵᠢᠨ ᠬᠡᠢ ᠬᠣᠭᠣᠰᠣᠨ ᠰᠡᠳᠬᠢᠭᠳᠡᠯ ᠪᠢᠰᠢ᠂ ᠬᠠᠷᠢᠨ ᠬᠠᠭ᠋ᠠᠨ᠎ᠤ ᠣᠷᠳᠣᠨ᠎ᠤ ᠮᠦᠽᠧᠢ ᠵᠢᠨ ᠣᠷᠴᠢᠮ᠎ᠤᠨ ᠴᠣ᠌ ᠰᠢᠨ᠎ᠡ ᠬᠤᠪᠢᠯᠪᠤᠷᠢ᠎ᠪᠠᠷ ᠭᠠᠷᠭ᠋ᠠᠭᠰᠠᠨ 《ᠪᠦᠬᠦ ᠦᠵᠡᠮᠵᠢᠲᠦ ᠬᠠᠭ᠋ᠠᠨ᠎ᠤ ᠣᠷᠳᠣᠨ》 ᠲᠣᠭ᠋ᠠᠴᠢᠯᠠᠭᠰᠠᠨ ᠪᠦᠲᠦᠭᠡᠭᠳᠡᠬᠦᠨ᠎ᠠᠴᠠ ᠢᠷᠡᠯᠲᠡ᠎ᠲᠠᠢ ᠶᠤᠮ᠃ ᠠᠭ᠋ᠠᠭᠢᠮ᠎ᠠ ᠬᠠᠯᠠᠭᠤᠨ᠎ᠳᠤ ᠬᠥᠮᠦᠰ ᠭᠡᠷ᠎ᠠᠴᠠ᠎ᠪᠠᠨ ᠭᠠᠷᠬᠤ ᠦᠭᠡᠢ᠎ᠪᠠᠷ ᠬᠠᠭ᠋ᠠᠨ᠎ᠤ ᠣᠷᠳᠣᠨ᠎ᠤ ᠰᠣᠶᠣᠯ᠎ᠤᠨ ᠵᠤᠭ᠋ᠠᠴᠠᠯ᠎ᠳᠤ ᠢᠷᠡᠨ᠎ᠡ᠂ ᠡᠨᠡ᠎ᠨᠢ ᠴᠥᠭᠡᠨ ᠪᠤᠰᠤ ᠵᠤᠭ᠋ᠠᠴᠠᠭᠰᠠᠳ᠎ᠲᠤ᠄ 599 ᠨᠠᠰᠤᠲᠠᠶ ᠬᠠᠭ᠋ᠠᠨ᠎ᠤ ᠣᠷᠳᠣᠨ ᠶᠠᠪᠤᠬᠤ ᠲᠤᠲᠤᠮ ᠬᠥᠭᠵᠢᠨ ᠮᠠᠨᠳᠤᠨ᠎ᠠ ᠭᠡᠵᠦ ᠰᠡᠭᠦᠷᠡᠰᠦ ᠠᠯᠳᠠᠭᠤᠯᠵᠠᠢ᠃
    ᠡᠨᠡ ᠤᠳᠠᠭ᠋ᠠᠨ᠎ᠤ ᠬᠠᠭ᠋ᠠᠨ᠎ᠤ ᠣᠷᠳᠣᠨ᠎ᠤ ᠮᠦᠽᠧᠶ ᠵᠢᠨ ᠭᠠᠷᠭ᠋ᠠᠭᠰᠠᠨ 《ᠪᠦᠬᠦ ᠦᠵᠡᠮᠵᠢᠲᠦ ᠬᠠᠭ᠋ᠠᠨ᠎ᠤ ᠣᠷᠳᠣᠨ》 ᠵᠡᠷᠭᠡ 7 ᠬᠡᠯᠪᠡᠷᠢ ᠵᠢᠨ ᠬᠠᠭ᠋ᠠᠨ᠎ᠤ ᠣᠷᠳᠣᠨ᠎ᠤ ᠳ᠋ᠢᠵᠢᠲ᠋ᠠᠯ ᠪᠦᠲᠦᠭᠡᠭᠳᠡᠬᠦᠨ᠎ᠠᠴᠠ ᠦᠵᠡᠪᠡᠯ᠂ ᠦᠵᠡᠭᠴᠢᠳ᠎ᠢ ᠳᠠᠩ ᠵᠠᠶ᠎ᠨᠢ 360 ᠭ᠋ᠷᠠᠳᠦ᠋ᠰ᠎ᠤᠨ ᠳᠣᠲᠣᠷ᠎ᠠ ᠳᠡᠯᠭᠡᠨ ᠦᠵᠡᠭᠦᠯᠵᠦ ᠪᠣᠯᠬᠤ 《ᠳ᠋ᠢᠵᠢᠲ᠋ᠠᠯ ᠣᠯᠠᠨ ᠡᠷᠳᠡᠨᠢ ᠵᠢᠨ ᠲᠠᠭᠲᠤ ᠵᠢᠨ》 ᠵᠢ 《ᠲᠡᠮᠲᠡᠷᠢᠵᠦ》 ᠪᠣᠯᠬᠤ ᠶᠤᠮ᠃ ᠬᠠᠰᠢ ᠯᠠ ᠵᠠᠯᠠᠭᠤ ᠵᠤᠭ᠋ᠠᠴᠠᠭᠰᠠᠳ᠎ᠤᠨ ᠬᠡᠮᠵᠢᠶ᠎ᠡ᠎ᠪᠠᠷ ᠬᠢᠭᠰᠡᠨ ᠸᠢᠴᠠᠲ᠎ᠤᠨ ᠵᠢᠵᠢᠭ ᠫᠷᠤᠭ᠌ᠷᠠᠮ᠎ᠤᠨ 《ᠬᠠᠭ᠋ᠠᠨ᠎ᠤ ᠣᠷᠳᠣᠨ᠄ ᠬᠠᠷᠮᠠᠨ ᠣᠷᠳᠣᠨ᠎ᠤ ᠳᠠᠷᠬᠠᠨ》᠎ᠳᠤ ᠴᠢᠭᠯᠡᠭᠦᠯᠵᠦ᠂ ᠡᠳᠡᠭᠡᠷ ᠲᠣᠭ᠋ᠠᠴᠢᠯᠠᠭᠰᠠᠨ ᠦᠶᠯᠡᠳᠬᠦᠨ᠎ᠨᠢ ᠬᠠᠭ᠋ᠠᠨ᠎ᠤ ᠣᠷᠳᠣᠨ᠎ᠤ ᠬᠦᠷᠢᠶ᠎ᠡ᠎ᠳᠤ ᠲᠣᠭ᠎ᠠ ᠲᠣᠮᠰᠢ ᠥᠬᠡᠶ ᠣᠯᠠᠨ ᠪᠠᠶᠬᠤ ᠵᠢᠨ ᠬᠠᠮᠲᠤ᠂ ᠪᠠᠰᠠ ᠪᠢᠳᠡᠨ᠎ᠳᠤ ᠬᠠᠭ᠋ᠠᠨ᠎ᠤ ᠣᠷᠳᠣᠨ᠎ᠤ ᠮᠦᠽᠧᠶ ᠵᠢᠨ ᠲᠣᠭ᠋ᠠᠴᠢᠯᠠᠭᠰᠠᠨ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ ᠵᠡᠷᠭᠡ ᠣᠳᠣ ᠦᠶ᠎ᠡ ᠵᠢᠨ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠳᠠᠮᠵᠢᠭᠤᠯᠤᠨ᠂ ᠪᠣᠳᠠᠰ᠎ᠤᠨ ᠪᠤᠰᠤ ᠰᠣᠶᠣᠯ᠎ᠤᠨ ᠥᠪ ᠵᠶ᠋ᠠᠷ ᠨᠠᠩ ᠰᠠᠶ᠋ᠢᠨ᠂ ᠠᠮᠢᠳᠤᠷᠠᠯ᠎ᠢ ᠨᠠᠩ ᠰᠠᠶ᠋ᠢᠨ ᠪᠣᠯᠭ᠋ᠠᠭᠰᠠᠨ᠎ᠢ ᠬᠠᠷᠠᠭᠤᠯᠵᠤ ᠪᠠᠶ᠋ᠢᠨ᠎ᠠ᠃ ᠵᠤᠭ᠋ᠠᠴᠠᠭᠰᠠᠳ᠎ᠲᠠᠢ ᠬᠠᠷᠢᠯᠴᠠᠨ ᠣᠶ᠋ᠢᠯᠠᠭ᠋ᠠᠯᠴᠠᠬᠤ ᠬᠡᠯᠪᠡᠷᠢ ᠵᠢ ᠲᠠᠰᠤᠷᠠᠯᠲᠠ ᠦᠭᠡᠢ ᠥᠷᠭᠡᠳᠬᠡᠵᠦ᠂ ᠵᠤᠭ᠋ᠠᠴᠠᠭᠰᠠᠳ᠎ᠲᠤ ᠲᠣᠭ᠋ᠠᠴᠢᠯᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠤᠮᠳᠠ ᠳᠤᠮᠳᠠᠳᠤ ᠤᠯᠤᠰ᠎ᠠᠴᠠ ᠰᠣᠶᠣᠯ᠎ᠢ ᠠᠭᠤᠳᠠᠮᠴᠢ᠎ᠪᠠᠷ ᠣᠢ᠍ᠯᠠᠭ᠋ᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯ ᠪᠠ ᠬᠠᠮᠠᠭ᠋ᠠᠯᠠᠯᠲᠠ ᠵᠢ ᠠᠩᠬᠠᠷᠤᠭᠤᠯᠪᠠᠯ᠂ ᠡᠨᠡᠬᠦ 《ᠰᠢᠨ᠎ᠡ》 ᠤᠳᠬ᠎ᠠ ᠰᠠᠨᠠᠭ᠎ᠠ ᠵᠢ ᠪᠢᠰᠢᠷᠡᠭᠦᠰᠢᠲᠡᠶ ᠶᠤᠮ᠃
   《ᠲᠣᠭ᠋ᠠᠴᠢᠯᠠᠭᠰᠠᠨ》 ᠰᠢᠨᠡᠴᠢᠯᠡᠯᠲᠡ ᠵᠢᠨ ᠥᠨᠥᠳᠥᠷ᠂ ᠬᠠᠭ᠋ᠠᠨ᠎ᠤ ᠣᠷᠳᠣᠨ᠎ᠤ ᠮᠦᠽᠧᠶ ᠲᠣᠭ᠋ᠠᠴᠢᠯᠠᠭᠰᠠᠨ ᠮᠡᠷᠭᠡᠵᠢᠯ ᠵᠶ᠋ᠠᠷ ᠲᠡᠤᠬᠡ ᠵᠢᠨ ᠳᠤᠷᠠᠰᠬᠠᠯᠲᠤ ᠵᠦᠶᠯᠡᠰ᠂ ᠪᠣᠳᠠᠰ᠎ᠤᠨ ᠪᠤᠰᠤ ᠰᠣᠶᠣᠯ᠎ᠤᠨ ᠥᠪ᠎ᠢ ᠦᠯᠡᠳᠡᠭᠡᠨ ᠬᠠᠳᠠᠭ᠋ᠠᠯᠠᠬᠤ᠂ ᠬᠠᠮᠠᠭ᠋ᠠᠯᠠᠬᠤ ᠪᠠ ᠳᠡᠯᠭᠡᠨ ᠦᠵᠡᠭᠦᠯᠵᠦ ᠪᠠᠶᠬᠤ᠎ᠪᠠᠷ ᠪᠠᠷᠠᠬᠤ ᠦᠭᠡᠢ᠂ ᠨᠠᠩ ᠣᠯᠠᠨ ᠮᠦᠽᠧᠶ ᠴᠦ᠍ ᠰᠢᠨ᠎ᠡ ᠵᠠᠭᠤᠴᠢᠯᠠᠭᠤᠷ᠂ ᠵᠢᠵᠢᠭ ᠫᠷᠤᠭ᠌ᠷᠠᠮ᠂ ᠣᠬᠣᠷ ᠸᠢᠳᠢᠣ᠋ ᠵᠡᠷᠭᠡ ᠬᠡᠯᠪᠡᠷᠢ ᠵᠢ ᠠᠰᠢᠭᠯᠠᠵᠤ᠂ ᠰᠢᠨ᠎ᠡ ᠰᠡᠪᠡᠭᠦᠨ ᠪᠥᠭᠡᠳ ᠠᠮᠢᠳᠤᠯᠢᠭ ᠪᠣᠳᠠᠰ᠎ᠤᠨ ᠪᠤᠰᠤ ᠰᠣᠶᠣᠯ᠎ᠤᠨ ᠥᠪ᠎ᠢ ᠬᠥᠮᠦᠰ᠎ᠤᠨ ᠬᠠᠷᠠᠭ᠋ᠠᠨ᠎ᠳᠤ ᠢᠯᠡᠷᠡᠭᠦᠯᠬᠦ ᠪᠣᠯᠵᠠᠶ᠃ ᠵᠢᠱ᠌ᠢᠶᠡᠯᠡᠪᠡᠯ᠂ ᠳᠤᠮᠳᠠᠳᠤ ᠤᠯᠤᠰ᠎ᠠᠴᠠ ᠲᠡᠤᠬᠡ ᠵᠢᠨ ᠮᠦᠽᠧᠶ᠎ᠨᠢ ᠣᠷᠣᠨ ᠨᠤᠲᠤᠭ᠎ᠤᠨ ᠲᠡᠤᠬᠡ ᠵᠢᠨ ᠮᠦᠽᠧᠶ᠎ᠲᠠᠢ ᠬᠠᠮᠲᠤᠷᠠᠨ 《ᠲᠡᠤᠬᠡ ᠵᠢᠨ ᠳᠤᠷᠠᠰᠬᠠᠯᠲᠤ ᠵᠦᠶᠯᠡᠰ᠎ᠤᠨ ᠰᠢᠳᠢᠲᠡᠨ᠎ᠤ ᠶᠡᠬᠡ ᠬᠤᠷᠠᠯ》᠎ᠤᠨ ᠸᠢᠳᠢᠣ᠋ ᠵᠢ ᠭᠠᠷᠭ᠋ᠠᠪᠠ᠃ ᠮᠦᠽᠧᠶ ᠵᠢᠨ ᠭᠣᠤᠯᠳᠠᠯᠭ᠎ᠠ ᠪᠣᠯᠬᠤ ᠬᠦᠨᠳᠦᠲᠦ ᠵᠣᠴᠢᠨ 《ᠳᠠᠩ ᠤᠯᠤᠰ᠎ᠠᠴᠠ ᠭᠤᠷᠪᠠᠨ ᠥᠩᠭᠡᠲᠦ ᠡᠮᠡᠭᠲᠡᠶ ᠵᠠᠷᠤᠴᠠ》 ᠪᠣᠯᠤᠭᠰᠠᠨ᠎ᠤ ᠬᠤᠪᠢ᠎ᠳᠤ᠂ ᠠᠢ᠍ᠵᠠᠮ ᠴᠣᠬᠢᠯᠭ᠎ᠠ ᠵᠢᠨ ᠮᠡᠳᠡᠷᠡᠮᠵᠢ᠎ᠪᠠᠷ ᠲᠡᠭᠦᠯᠳᠡᠷ ᠳᠠᠭᠤᠤ ᠬᠥᠭᠵᠢᠮ᠎ᠢ ᠳᠠᠭ᠋ᠠᠯᠳᠤᠨ 《ᠮᠢᠩᠭ᠋ᠠᠨ᠎ᠤᠨ ᠦᠨᠡᠰᠦ ᠲᠣᠭᠯᠠᠬᠤ ᠪᠥᠵᠢᠭ》 ᠪᠥᠵᠢᠭᠯᠡᠵᠦ᠂ ᠲᠦᠮᠡ ᠭᠠᠷᠤᠶ ᠰᠦᠯᠵᠢᠶᠡᠨ ᠠᠨᠳᠠ ᠨᠠᠷ 《ᠰᠡᠳᠬᠢᠯ ᠵᠶ᠋ᠠᠨ ᠮᠡᠳᠡᠯᠴᠡᠬᠦ ᠵᠢᠨ ᠬᠠᠮᠲᠤ᠂ ᠪᠠᠰᠠ ᠬᠥᠮᠦᠰ᠎ᠤᠨ ᠳᠠᠩ ᠤᠯᠤᠰ᠎ᠠᠴᠠ ᠭᠤᠷᠪᠠᠨ ᠥᠩᠭᠡᠲᠦ ᠥᠩᠭᠡᠲᠦ ᠰᠢᠲᠠᠭ᠋ᠠᠨ ᠦᠶᠯᠡᠳᠬᠦ ᠵᠢᠴᠢ ᠲᠡᠤᠬᠡ ᠪᠠ ᠤᠷᠠᠯᠢᠭ᠎ᠤᠨ ᠦᠨ᠎ᠡ ᠥᠷᠲᠡᠭ᠎ᠢ ᠣᠶ᠋ᠢᠯᠠᠭ᠋ᠠᠵᠤ᠂ ᠴᠢᠨᠠᠭᠰᠢᠯᠠᠪᠠᠯ ᠳᠠᠩ ᠤᠯᠤᠰ᠎ᠠᠴᠠ ᠭᠤᠷᠪᠠᠨ ᠥᠩᠭᠡᠲᠦ ᠰᠢᠲᠠᠭ᠋ᠠᠨ ᠦᠶᠯᠡᠳᠬᠦ ᠶᠠᠪᠤᠴᠠ᠎ᠳᠤ ᠣᠷᠣᠯᠴᠠᠵᠤ᠂ ᠭᠡᠷ᠎ᠤᠨ ᠬᠥᠮᠦᠰ᠂ ᠨᠠᠶ᠋ᠢᠵᠠ ᠨᠥᠬᠥᠳ᠎ᠲᠡᠭᠡᠨ ᠨᠢᠭᠡ ᠬᠤᠪᠢ ᠣᠨᠴᠠᠭ᠋ᠠᠢ ᠪᠡᠯᠡᠭ ᠬᠦᠷᠭᠡᠭᠰᠡᠨ ᠪᠠᠶ᠋ᠢᠨ᠎ᠠ᠃
    ᠮᠡᠳᠡᠭᠡ ᠵᠠᠩᠭᠢ ᠵᠢᠨ ᠮᠡᠷᠭᠡᠵᠢᠯ ᠨᠢᠭᠡᠨᠲᠡ ᠬᠥᠮᠦᠰ᠎ᠤᠨ ᠠᠮᠢᠳᠤᠷᠠᠯ᠎ᠤᠨ ᠡᠯ᠎ᠡ ᠬᠦᠷᠢᠶᠡᠨ᠎ᠳᠤ ᠬᠡᠷᠡᠭᠯᠡᠭᠳᠡᠵᠦ ᠪᠠᠶᠭ᠎ᠠ ᠥᠨᠥᠳᠥᠷ᠂ ᠮᠦᠽᠧᠶ ᠪᠠᠰᠠ ᠴᠠᠭ ᠦᠶ᠎ᠡ ᠵᠢᠨ ᠤᠷᠤᠰᠬᠠᠯ᠎ᠢ ᠰᠠᠯᠤᠯ ᠦᠭᠡᠢ ᠳᠠᠭ᠋ᠠᠵᠤ᠂ ᠲᠣᠭ᠋ᠠᠴᠢᠯᠠᠭᠰᠠᠨ ᠳᠠᠪᠠᠭᠤᠯᠢᠭ᠎ᠢ ᠪᠠᠲᠤ ᠡᠵᠡᠮᠰᠢᠵᠦ᠂ ᠰᠢᠨ᠎ᠡ ᠤᠷᠤᠰᠬᠠᠯ᠂ ᠰᠣᠨᠢᠷᠬᠠᠯᠲᠠᠶ᠂ ᠬᠠᠷᠢᠯᠴᠠᠨ ᠦᠶᠯᠡᠳᠦᠯᠴᠡᠬᠦ ᠰᠢᠨ᠎ᠡ ᠵᠢ ᠡᠭᠦᠳᠬᠦ ᠬᠡᠯᠪᠡᠷᠢ᠎ᠪᠠᠷ ᠦᠵᠡᠭᠦᠯᠦᠯᠭᠡ ᠵᠢᠨ ᠡᠳ᠋᠎ᠤᠨ ᠥᠷᠲᠡᠭ᠎ᠢ ᠨᠠᠩ ᠪᠦᠲᠦᠮᠵᠢᠲᠡᠶ ᠠᠰᠢᠭᠯᠠᠵᠤ᠂ ᠦᠵᠡᠭᠴᠢᠳ᠎ᠲᠤ ᠨᠠᠩ ᠭᠣᠢ᠍ᠳᠠ ᠰᠠᠢ᠍ᠬᠠᠨ ᠪᠥᠭᠡᠳ ᠠᠮᠢᠳᠤᠯᠢᠭ ᠤᠯᠠᠮᠵᠢᠯᠠᠯᠲᠤ ᠰᠣᠶᠣᠯ᠎ᠤᠨ ᠲᠣᠭᠣᠷᠢᠨ ᠦᠵᠡᠬᠦ ᠣᠶ᠋ᠢᠯᠠᠭ᠋ᠠᠯᠲᠠ ᠵᠢ ᠬᠠᠩᠭ᠋ᠠᠵᠠᠶ᠃ ᠮᠦᠽᠧᠶ ᠵᠢᠨ ᠲᠡᠤᠬᠡ ᠵᠢᠨ ᠳᠤᠷᠠᠰᠬᠠᠯᠲᠤ ᠵᠦᠶᠯ ᠵᠢᠴᠢ ᠪᠣᠳᠠᠰ᠎ᠤᠨ ᠪᠤᠰᠤ ᠳᠤᠷᠠᠰᠬᠠᠯᠲᠤ ᠵᠦᠶᠯ᠎ᠨᠢ ᠣᠶ᠋ᠢᠯᠭ᠋ᠠᠬᠤ᠎ᠳᠤ ᠪᠡᠷᠬᠡ ᠲᠡᠤᠬᠡ ᠲᠡᠳᠦᠶ ᠪᠢᠰᠢ᠂ ᠨᠢᠭᠡ ᠵᠦᠶᠯ᠎ᠤᠨ ᠡᠷᠲᠡᠨ᠎ᠤ ᠤᠯᠠᠮᠵᠢᠯᠠᠯᠲᠤ ᠮᠡᠷᠭᠡᠵᠢᠯ ᠪᠤᠶᠤ 《ᠥᠨᠳᠥᠷ ᠬᠦᠢ᠍ᠲᠡᠨ》 ᠤᠷᠠᠯᠢᠭ᠎ᠤᠨ ᠬᠠᠳᠠᠭ᠋ᠠᠯᠠᠮᠵᠢ ᠪᠣᠯᠬᠤ ᠦᠶᠡᠰ᠂ ᠰᠢᠯᠢᠳᠡᠭ ᠤᠯᠠᠮᠵᠢᠯᠠᠯᠲᠤ ᠰᠣᠶᠣᠯ᠎ᠢ ᠬᠠᠮᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ ᠵᠠᠮ᠎ᠨᠢ ᠰᠠᠶᠢ ᠨᠠᠩ ᠥᠷᠭᠡᠨ ᠳᠡᠯᠭᠡᠷ ᠪᠣᠯᠤᠨ᠎ᠠ ᠭᠡᠳᠡᠭ᠎ᠢ ᠵᠣᠬᠢᠶᠠᠭᠴᠢ ᠢᠲᠡᠭᠡᠵᠦ ᠪᠠᠶ᠋ᠢᠨ᠎ᠠ᠃  

ᠢᠷᠡᠯᠲᠡ᠄
          
ᠬᠠᠮᠢᠶ᠎ᠡ ᠪᠦᠬᠦᠢ ᠰᠣᠨᠢᠨ
《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠬᠤ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ》 ᠡᠷᠢᠶᠡᠨ ᠬᠣᠲᠠ᠎ᠳᠤ ᠶᠠᠪᠤᠭᠳᠠᠪᠠ
ᠵᠢᠷᠭᠤᠭ᠋ᠠᠨ ᠰᠠᠯᠠᠭ᠎ᠠ ᠮᠥᠴᠢᠷ 《ᠲᠡᠬᠡᠲᠤ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠵᠢ ᠥᠷᠭᠡᠳᠬᠡᠬᠦ ᠲᠤᠬᠠᠶ ᠰᠠᠨᠠᠯ᠎ᠤᠳ》᠎ᠢ ᠳᠠᠷᠤᠮᠠᠯᠯᠠᠨ ᠲᠠᠷᠬᠠᠭ᠋ᠠᠪᠠ
ᠳᠤᠮᠳᠠᠳᠤ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠴᠢᠬᠤᠯᠠ ᠶᠡᠬᠡ ᠠᠯᠬᠤᠮ᠎ᠢ ᠠᠯᠬᠤᠪᠠ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠦᠷ᠎ᠡ ᠪᠦᠲᠦᠭᠡᠯ᠎ᠤᠨ ᠥᠮᠴᠢᠯᠡᠯ᠎ᠤᠨ ᠡᠷᠬᠡ ᠵᠢ ᠣᠯᠭᠣᠵᠤ᠂ ᠤᠯᠠᠷᠢᠭᠤᠯᠬᠤ ᠬᠦᠴᠢᠷ ᠠᠰᠠᠭᠤᠳᠠᠯ᠎ᠢ ᠰᠢᠶᠳᠪᠦᠷᠢᠯᠡᠵᠦ ᠴᠢᠳᠠᠬᠤ ᠡᠰᠡᠬᠦ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠰᠠᠶ᠋ᠢᠳ ᠸᠠᠩ ᡁᠢ ᠭᠠᠩ 《ᠶᠡᠬᠡ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠵᠢ ᠥᠷᠭᠡᠳᠬᠡᠬᠦ ᠲᠤᠬᠠᠶ ᠰᠠᠨᠠᠯ᠎ᠤᠳ》᠎ᠤᠨ ᠲᠤᠬᠠᠶ ᠲᠠᠶ᠋ᠢᠯᠤᠮᠵᠢ ᠬᠢᠪᠡ
 
            
Baidu
map