ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠡᠨᠧᠷᠭᠢ ᠣᠯᠭᠣᠵᠤ ᠮᠥᠩᠭᠥᠨ ᠬᠦᠢ᠍ᠯᠬᠡᠬᠡᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ
ᠲᠥᠪ ᠪᠠᠩᠬᠢ ᠲᠦᠷᠦᠭᠦᠬᠡᠨ 《ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ (F i n T e c h)᠎ᠤᠨ ᠬᠥᠭᠵᠢᠯᠲᠡ ᠵᠢᠨ ᠲᠥᠯᠥᠪᠵᠢᠭᠦᠯᠪᠡ (2019 — 2021᠎ᠤᠨ)》 (《ᠲᠥᠯᠥᠪᠵᠢᠭᠦᠯᠪᠡ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠵᠤ᠂ ᠮᠠᠨ᠎ᠤ ᠤᠯᠤᠰ᠎ᠠᠴᠠ ᠬᠣᠶ᠋ᠢᠰᠢᠳᠠ ᠵᠢᠨ ᠭᠤᠷᠪᠠᠨ ᠵᠢᠯ᠎ᠤᠨ ᠮᠥᠩᠭᠥᠨ ᠬ᠋ᠦᠢ᠍ᠯᠬᠡᠬᠡᠨᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠬᠠᠷᠠᠯᠲᠠ᠂ ᠭᠣᠤᠯᠳᠠᠯᠭ᠎ᠠ᠎ᠲᠠᠢ ᠴᠢᠭᠯᠡᠯ ᠪᠠ ᠭᠣᠤᠯ ᠡᠭᠦᠷᠭᠡ ᠵᠢ ᠲᠣᠳᠣᠷᠬᠠᠶ᠋ᠢᠯᠠᠵᠤ᠂ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ᠎ᠳᠤ ᠴᠢᠭᠯᠡᠯ᠎ᠤᠨ ᠵᠢᠯᠣᠭᠣᠳᠤᠮᠵᠢ ᠬᠠᠩᠭ᠋ᠠᠵᠠᠶ᠃
ᠮᠥᠩᠭᠥᠨ ᠬᠦᠢ᠍ᠯᠬᠡᠬᠡᠨ᠎ᠤ ᠲᠣᠭᠲᠠᠭᠤᠨ᠎ᠤ ᠬᠡᠷᠡᠭ ᠡᠷᠬᠢᠯᠡᠭᠴᠢᠳ᠎ᠤᠨ ᠬᠤᠷᠠᠯ᠊ᠯ (F S B) 2016 ᠣᠨ᠎ᠳᠤ 《ᠮᠥᠩᠭᠥᠨ ᠬᠦᠢ᠍ᠯᠬᠡᠬᠡᠨ ᠰᠢᠨᠵᠢᠯᠡᠬᠦ ᠤᠬᠠᠭ᠋ᠠᠨ ᠮᠡᠷᠭᠡᠵᠢᠯ ᠪᠣᠯ ᠮᠡᠷᠭᠡᠵᠢᠯ ᠵᠶ᠋ᠠᠷ ᠬᠥᠳᠡᠯᠭᠡᠭᠦᠷ ᠪᠣᠯᠭ᠋ᠠᠭᠰᠠᠨ ᠮᠥᠩᠭᠥᠨ ᠬᠦᠢ᠍ᠯᠬᠡᠬᠡᠨ᠎ᠤ ᠰᠢᠨ᠎ᠡ ᠡᠭᠦᠳᠦᠯᠲᠡ ᠮᠥᠨ》 ᠭᠡᠬᠦ ᠡᠨᠡ ᠬᠦ᠌ ᠲᠣᠮᠢᠶᠠᠯᠠᠯ᠎ᠢ ᠳᠤᠷᠠᠳᠤᠭᠰᠠᠨ᠎ᠠᠴᠠ ᠨᠠᠰᠢ᠂ ᠪᠦᠬᠦ ᠳᠡᠯᠡᠬᠡᠶ᠎ᠪᠠᠷ ᠵᠶ᠋ᠠᠨ ᠡᠨᠡ ᠬᠦ᠌ ᠰᠠᠭᠤᠷᠢᠨ ᠳᠡᠭᠡᠷ᠎ᠡ ᠬᠠᠮᠲᠤ ᠵᠢᠨ ᠲᠠᠨᠢᠯᠲᠠ᠎ᠲᠠᠢ ᠪᠣᠯᠵᠤ᠂ ᠣᠳᠣ ᠦᠶ᠎ᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠥᠭᠡᠷᠡᠴᠢᠯᠡᠬᠦ ᠪᠤᠶᠤ ᠮᠥᠩᠭᠥᠨ ᠬᠦᠢ᠍ᠯᠬᠡᠬᠡᠨ᠎ᠤ ᠦᠶᠯᠡᠳᠬᠦᠨ᠂ ᠡᠵᠡᠩᠨᠡᠯᠲᠡ ᠵᠢᠨ ᠵᠠᠭᠪᠤᠷ᠂ ᠲᠤᠬᠠᠶ᠋ᠢᠯᠠᠭᠰᠠᠨ ᠠᠵᠢᠯ ᠵᠢᠨ ᠴᠤᠪᠤᠷᠠᠯ᠎ᠤᠨ ᠲᠠᠯ᠎ᠠ᠎ᠪᠠᠷ ᠰᠢᠨ᠎ᠡ ᠵᠢ ᠡᠭᠦᠳᠬᠦ ᠲᠤᠷᠰᠢᠯᠲᠠ ᠪᠠ ᠬᠡᠷᠡᠭᠯᠡᠯᠲᠡ᠎ᠪᠠᠷ ᠲᠠᠰᠤᠷᠠᠯᠲᠠ ᠥᠬᠡᠶ ᠢᠯᠡᠷᠡᠵᠦ ᠪᠣᠶ᠃ ᠲᠥᠪ ᠪᠠᠩᠬᠢ 2017᠎ᠤᠨ 5 ᠰᠠᠷ᠎ᠠ᠎ᠳᠤ ᠮᠥᠩᠭᠥᠨ ᠬ᠋ᠦᠢ᠍ᠯᠬᠡᠬᠡᠨᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠥᠪᠯᠡᠯ᠎ᠢ ᠪᠠᠶ᠋ᠢᠭᠤᠯᠤᠭᠰᠠᠨ ᠪᠥᠭᠡᠳ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠷᠡᠭᠯᠡᠭᠡᠨ᠎ᠤ ᠲᠤᠷᠰᠢᠯᠲᠠ ᠵᠢ ᠡᠬᠢᠯᠡᠭᠦᠯᠪᠡ᠃ ᠬᠡᠳᠦᠨ ᠵᠢᠯ᠎ᠤᠨ ᠲᠤᠷᠰᠢᠬᠢ ᠥᠩᠭᠡᠷᠡᠯᠲᠡ ᠪᠠ ᠦᠶᠯᠡᠳᠦᠯᠭᠡ᠎ᠪᠠᠷ ᠳᠠᠮᠵᠢᠭ᠋ᠠᠳ᠂ ᠡᠴᠦᠰ᠎ᠲᠡᠭᠡᠨ ᠡᠨᠡ ᠬᠦ᠌ ᠢᠷᠡᠭᠡᠳᠦᠶ ᠵᠢᠨ ᠭᠤᠷᠪᠠᠨ ᠵᠢᠯ᠎ᠤᠨ ᠬᠥᠭᠵᠢᠯᠲᠡ ᠵᠢ ᠵᠢᠯᠣᠭᠣᠳᠬᠤ 《ᠲᠥᠯᠥᠪᠵᠢᠭᠦᠯᠪᠡ》 ᠵᠢ ᠪᠦᠷᠢᠯᠳᠦᠭᠦᠯᠪᠡ᠃ 《ᠲᠥᠯᠥᠪᠵᠢᠭᠦᠯᠪᠡ》᠎ᠳᠤ᠂ ᠪᠦᠬᠦ ᠤᠯᠤᠰ᠎ᠠᠴᠠ ᠮᠥᠩᠭᠥᠨ ᠬ᠋ᠦᠢ᠍ᠯᠬᠡᠬᠡᠨᠤ ᠠᠵᠢᠯ ᠵᠢᠨ ᠬᠤᠷᠠᠯ᠎ᠤᠨ ᠱᠠᠭ᠋ᠠᠷᠳᠠᠯᠭ᠎ᠠ ᠶᠣᠰᠣᠭ᠋ᠠᠷ᠂ 《ᠲᠥᠪ ᠶᠣᠰᠣ ᠵᠢ ᠰᠠᠬᠢᠵᠤ ᠰᠢᠨ᠎ᠡ ᠵᠢ ᠡᠭᠦᠳᠬᠦ᠂ ᠠᠮᠤᠷ ᠲᠦᠪᠰᠢᠨ᠎ᠢ ᠡᠵᠡᠮᠳᠡᠵᠦ ᠪᠣᠯᠬᠤ᠂ ᠠᠷᠠᠳ᠎ᠤᠨ ᠠᠮᠢᠳᠤᠷᠠᠯ᠎ᠳᠤ ᠲᠦᠭᠡᠮᠡᠯ ᠠᠰᠢᠭ ᠬᠦᠷᠲᠡᠭᠡᠬᠦ᠂ ᠨᠡᠭᠡᠭᠡᠯᠲᠡ ᠬᠢᠵᠦ ᠬᠠᠮᠲᠤ᠎ᠪᠠᠷ ᠠᠰᠢᠭ ᠬᠦᠷᠲᠡᠬᠦ》 ᠦᠨᠳᠦᠰᠦᠨ ᠵᠠᠷᠴᠢᠮ ᠢ ᠪᠠᠷᠢᠮᠲᠠᠯᠠᠵᠤ᠂ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠬᠢ ᠣᠯᠭᠣᠬᠤ ᠦᠶᠯᠡᠳᠦᠯ᠎ᠢ ᠭᠦᠶᠴᠡᠳ ᠪᠠᠳᠠᠷᠠᠭᠤᠯᠵᠤ᠂ ᠮᠠᠨ᠎ᠤ ᠤᠯᠤᠰ᠎ᠠᠴᠠ ᠮᠥᠩᠭᠥᠨ ᠬᠦᠢ᠍ᠯᠬᠡᠬᠡᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃
ᠦᠵᠦ ᠲᠥᠯᠥᠪᠯᠡᠭᠡ᠎ᠠᠴᠠ ᠦᠵᠡᠪᠡᠯ᠂ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ ᠪᠣᠯ ᠮᠥᠩᠭᠥᠨ ᠬ᠋ᠦᠢ᠍ᠯᠬᠡᠬᠡᠨᠤ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠠᠬᠢᠭᠤᠯᠬᠤ ᠰᠢᠨ᠎ᠡ ᠬᠥᠳᠡᠯᠭᠡᠭᠦᠷ᠂ ᠪᠣᠳᠠᠲᠤ ᠴᠣᠭᠴᠠ ᠵᠢᠨ ᠠᠵᠤ ᠠᠬᠤᠶ᠎ᠳᠤ ᠦᠶᠯᠡᠴᠢᠯᠡᠬᠦ ᠰᠢᠨ᠎ᠡ ᠠᠷᠭ᠎ᠠ ᠵᠠᠮ᠂ ᠮᠥᠩᠭᠥᠨ ᠭᠦᠶᠯᠭᠡᠭᠡᠨ᠎ᠤ ᠬᠥᠭᠵᠢᠯᠲᠡ ᠵᠢ ᠠᠬᠢᠭᠤᠯᠬᠤ ᠰᠢᠨ᠎ᠡ ᠠᠵᠠ ᠲᠣᠬᠢᠶᠠᠯ᠂ ᠮᠥᠩᠭᠥᠨ ᠬᠦᠢ᠍ᠯᠬᠡᠬᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠰᠢᠨ᠎ᠡ ᠬᠤᠷᠴᠠ ᠵᠡᠪᠰᠡᠭ ᠮᠥᠨ᠃ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ ᠲᠥᠷᠥᠯ᠎ᠤᠨ ᠬᠥᠭᠵᠢᠯᠲᠡ ᠵᠢᠨ ᠦᠵᠦ ᠲᠥᠯᠥᠪᠵᠢᠭᠦᠯᠪᠡ ᠪᠣᠯᠤᠭᠰᠠᠨ᠎ᠤ ᠬᠤᠪᠢ᠎ᠳᠤ᠂ 《ᠲᠥᠯᠥᠪᠵᠢᠭᠦᠯᠪᠡ》᠎ᠳᠤ ᠡᠩ ᠲᠡᠷᠢᠭᠦᠨ᠎ᠳᠤ ᠠᠯᠤᠰ ᠬᠡᠲᠦ ᠵᠢᠨ ᠬᠠᠷᠠᠭ᠋ᠠᠰᠤ ᠦᠵᠦ ᠲᠥᠯᠥᠪᠯᠡᠭᠡ ᠵᠢ ᠴᠢᠩᠭ᠋ᠠᠳᠬᠠᠵᠤ᠂ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠪᠠᠶ᠋ᠢᠳᠠᠯ᠎ᠢ ᠡᠵᠡᠮᠳᠡᠵᠦ᠂ ᠨᠢᠭᠡᠳᠦᠯᠲᠡᠶ᠎ᠳᠤ ᠲᠥᠯᠥᠪᠵᠢᠭᠦᠯᠬᠦ᠂ ᠪᠠᠢ᠍ᠭᠤᠯᠤᠮᠵᠢ ᠲᠣᠭᠲᠠᠴᠠ᠂ ᠴᠢᠳᠠᠪᠤᠷᠢᠲᠠᠨ᠎ᠤ ᠡᠩᠨᠡᠭᠡ ᠵᠢᠨ ᠪᠠᠢ᠍ᠭᠤᠯᠤᠯᠲᠠ ᠵᠡᠷᠭᠡ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠴᠢᠩᠭ᠋ᠠᠳᠬᠠᠵᠤ᠂ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ᠎ᠳᠤ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
ᠮᠡᠷᠭᠡᠵᠢᠯ᠎ᠤᠨ ᠲᠠᠯ᠎ᠠ᠎ᠪᠠᠷ᠂ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠦᠶ ᠵᠣᠬᠢᠰᠲᠠᠶ ᠬᠡᠷᠡᠭᠯᠡᠯᠲᠡ ᠵᠢ ᠴᠢᠩᠭ᠋ᠠᠳᠬᠠᠬᠤ ᠬᠡᠷᠡᠭᠲᠡᠶ᠃ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ ᠪᠣᠯ ᠮᠥᠩᠭᠥᠨ ᠭᠦᠶᠯᠭᠡᠭᠡ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠦᠨᠵᠡᠭᠡᠶ ᠠᠭᠤᠰᠤᠯᠴᠠᠯ ᠪᠣᠯᠤᠨ᠎ᠠ᠂ ᠲᠣᠮᠣ ᠳ᠋ᠠᠶ᠋ᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠣᠶᠤᠨ ᠴᠢᠳᠠᠪᠤᠷᠢ᠂ ᠢᠲ᠋ᠠᠨᠤ ᠮᠠᠶᠢᠭ᠎ᠤᠨ ᠳ᠋ᠠᠶ᠋ᠢᠲ᠋ᠠ ᠬᠥᠮᠥᠷᠭᠡ ᠵᠡᠷᠭᠡ ᠣᠯᠠᠨ ᠮᠡᠷᠭᠡᠵᠢᠯ᠎ᠤᠨ ᠬᠦᠷᠢᠶ᠎ᠡ ᠵᠢ ᠬᠠᠮᠤᠷᠴᠤ ᠪᠣᠶ᠃ ᠮᠡᠷᠭᠡᠵᠢᠯ᠎ᠤᠨ ᠬᠡᠷᠡᠭᠯᠡᠯᠲᠡ᠎ᠨᠢ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠭᠡᠭᠰᠢᠯᠡᠭᠦᠯᠦᠭᠰᠡᠨ ᠮᠥᠷᠲᠡᠭᠡᠨ ᠪᠠᠰᠠ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶ᠎ᠡ ᠬᠡᠪᠴᠢᠶ᠎ᠡ ᠵᠢ ᠥᠷᠭᠡᠳᠬᠡᠭᠰᠡᠨ ᠪᠠᠶ᠋ᠢᠨ᠎ᠠ᠃ ᠭᠣᠤᠯᠳᠠᠯᠭ᠎ᠠ᠎ᠲᠠᠢ ᠰᠢᠪᠲᠤᠯᠤᠯᠲᠠ᠎ᠪᠠᠷ ᠪᠦᠬᠦ ᠲᠠᠯ᠎ᠠ ᠵᠢ ᠳᠠᠶ᠋ᠢᠴᠢᠯᠠᠵᠤ᠂ ᠵᠠᠩᠭᠢᠯᠠᠭ᠎ᠠ ᠵᠢᠨ ᠮᠡᠷᠭᠡᠵᠢᠯ᠎ᠤᠨ ᠬᠡᠯᠪᠡᠷᠢ ᠰᠣᠩᠭᠣᠬᠤ᠂ ᠴᠢᠳᠠᠪᠤᠷᠢ ᠵᠢᠨ ᠪᠠᠢ᠍ᠭᠤᠯᠤᠯᠲᠠ᠂ ᠬᠡᠷᠡᠭᠯᠡᠭᠡᠨ᠎ᠤ ᠪᠠ ᠠᠮᠤᠷ ᠲᠦᠪᠰᠢᠨ᠎ᠤ ᠬᠠᠮᠢᠶᠠᠷᠤᠯᠲᠠ ᠡᠵᠡᠮᠳᠡᠯ᠎ᠢ ᠵᠢᠷᠤᠮᠵᠢᠭᠤᠯᠵᠤ᠂ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠷᠡᠭᠯᠡᠭᠡᠨ᠎ᠤ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠮᠥᠩᠭᠥᠨ ᠭᠦᠶᠯᠭᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠮᠥᠩᠭᠥᠨ ᠬᠦᠢ᠍ᠯᠬᠡᠬᠡᠨ᠎ᠤ ᠴᠢᠨᠠᠷ ᠰᠠᠶ᠋ᠢᠲᠠᠶ ᠬᠥᠭᠵᠢᠯᠲᠡ ᠵᠢᠨ 《ᠰᠢᠨ᠎ᠡ ᠬᠥᠳᠡᠯᠭᠡᠭᠦᠷ》 ᠪᠣᠯᠭ᠋ᠠᠨ ᠪᠦᠲᠦᠭᠡᠨ ᠪᠠᠶ᠋ᠢᠭᠤᠯᠪᠠᠯ ᠵᠣᠬᠢᠨ᠎ᠠ᠃
ᠬᠡᠷᠡᠭᠯᠡᠭᠡᠨ᠎ᠤ ᠲᠠᠯ᠎ᠠ᠎ᠪᠠᠷ᠂ ᠮᠥᠩᠭᠥᠨ ᠬᠦᠢ᠍ᠯᠬᠡᠬᠡᠨ᠎ᠤ ᠦᠢ᠍ᠯᠡᠴᠢᠯᠡᠬᠡ ᠵᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠵᠦ ᠴᠢᠳᠠᠨ᠎ᠠ᠃ ᠤᠯᠠᠮᠵᠢᠯᠠᠯᠲᠤ ᠵᠠᠭᠪᠤᠷ᠎ᠤᠨ ᠳᠣᠤᠷ᠎ᠠ᠂ ᠮᠥᠩᠭᠥᠨ ᠬᠦᠢ᠍ᠯᠬᠡᠬᠡᠨ᠎ᠤ ᠠᠵᠢᠯ ᠲᠥᠷᠥᠯ᠎ᠨᠢ ᠶᠡᠷᠦ᠎ᠨᠢ ᠲᠣᠮᠣ ᠵᠣᠴᠢᠨ ᠡᠷᠦᠬᠡ᠂ ᠥᠨᠳᠥᠷ ᠥᠷᠲᠡᠭ᠎ᠲᠠᠢ ᠵᠣᠴᠢᠨ ᠡᠷᠦᠬᠡ᠎ᠳᠤ ᠣᠨᠴᠠᠭ᠋ᠠᠢ ᠦᠶᠯᠡᠴᠢᠯᠡᠭᠡ᠂ ᠲᠣᠭᠲᠠᠮᠠᠯ ᠳᠦᠷᠢᠮᠲᠦ ᠦᠶᠯᠡᠴᠢᠯᠡᠭᠡ ᠬᠠᠩᠭ᠋ᠠᠵᠤ᠂ ᠵᠣᠩᠬᠢᠯᠠᠬᠤ ᠣᠯᠠᠨ ᠲᠣᠭ᠋ᠠᠨ᠎ᠤ ᠵᠣᠴᠢᠨ ᠡᠷᠦᠬᠡ᠎ᠳᠤ ᠵᠥᠪᠬᠡᠨ ᠪᠠᠷᠢᠮᠵᠢᠶᠠᠵᠢᠭᠤᠯᠤᠭᠰᠠᠨ ᠦᠶᠯᠡᠴᠢᠯᠡᠭᠡ ᠬᠠᠩᠭ᠋ᠠᠳᠠᠭ᠃ ᠮᠥᠩᠭᠥᠨ ᠭᠦᠶᠯᠭᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠨᠢ ᠤᠯᠠᠮᠵᠢᠯᠠᠯᠲᠤ ᠮᠥᠩᠭᠥᠨ ᠭᠦᠶᠯᠭᠡᠭᠡᠨ᠎ᠤ ᠦᠶᠯᠡᠴᠢᠯᠡᠭᠡᠨ᠎ᠤ ᠬᠢᠷᠢ ᠲᠦᠪᠰᠢᠨ᠂ ᠰᠢᠨ᠎ᠡ ᠵᠢ ᠡᠭᠦᠳᠬᠦ ᠪᠠ ᠮᠥᠩᠭᠥᠨ ᠬᠦᠢ᠍ᠯᠬᠡᠬᠡᠨ᠎ᠤ ᠦᠶᠯᠡᠳᠬᠦ᠎ᠨᠢ ᠪᠠᠶᠠᠯᠢᠭᠵᠢᠭᠤᠯᠵᠤ᠂ ᠮᠥᠩᠭᠥᠨ ᠬᠦᠢ᠍ᠯᠬᠡᠬᠡᠨ ᠵᠢ ᠣᠨᠴᠠ ᠵᠠᠷᠢᠮ᠂ ᠣᠯᠠᠨ ᠡᠰᠢᠵᠢᠭᠰᠡᠨ ᠪᠠ ᠦᠶᠯᠡᠴᠢᠯᠡᠭᠡ ᠵᠢ ᠨᠠᠷᠢᠯᠢᠬ᠍ᠵᠢᠭᠤᠯᠤᠭᠰᠠᠨ ᠴᠢᠭᠯᠡᠯ ᠵᠶ᠋ᠠᠷ ᠬᠥᠭᠵᠢᠭᠦᠯᠵᠦ ᠴᠢᠳᠠᠨ᠎ᠠ᠃ ᠮᠥᠩᠭᠥᠨ ᠭᠦᠶᠯᠭᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠢ ᠵᠦᠶ ᠵᠣᠬᠢᠰᠲᠠᠶ ᠬᠡᠷᠡᠭᠯᠡᠨ ᠦᠶᠯᠡᠳᠬᠦᠨ᠎ᠤ ᠬᠠᠩᠭ᠋ᠠᠯᠭ᠎ᠠ ᠵᠢ ᠲᠡᠭᠦᠯᠳᠡᠷᠵᠢᠭᠦᠯᠵᠦ᠂ ᠦᠶᠯᠡᠴᠢᠯᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ᠂ ᠪᠡᠯᠡ ᠲᠣᠬᠢᠷᠠᠭᠤᠯᠭ᠎ᠠ ᠵᠢᠨ ᠦᠶᠯᠡᠴᠢᠯᠡᠭᠡ ᠵᠢ ᠰᠢᠯᠢᠳᠡᠭᠵᠢᠭᠦᠯᠵᠦ᠂ ᠮᠥᠩᠭᠥᠨ ᠬᠦᠢ᠍ᠯᠬᠡᠬᠡᠨ᠎ᠤ ᠦᠶᠯᠡᠴᠢᠯᠡᠭᠡᠨ᠎ᠤ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠮᠥᠩᠭᠥᠨ ᠬ᠋ᠦᠢ᠍ᠯᠬᠡᠬᠡᠨᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠠᠷᠠᠳ ᠣᠯᠠᠨ᠎ᠤ ᠠᠷᠠᠳ᠎ᠤᠨ ᠠᠮᠢᠳᠤᠷᠠᠯ᠎ᠳᠤ ᠨᠠᠩ ᠰᠠᠶ᠋ᠢᠲᠤᠷ ᠠᠰᠢᠭ ᠬᠦᠷᠲᠡᠭᠡᠵᠦ᠂ ᠪᠣᠳᠠᠲᠤ ᠴᠣᠭᠴᠠ ᠵᠢᠨ ᠠᠵᠤ ᠠᠬᠤᠢ ᠵᠢᠨ ᠡᠷᠡᠭᠦᠯ ᠵᠶ᠋ᠠᠷ ᠦᠷᠭᠦᠯᠵᠢᠯᠡᠨ ᠬᠥᠭᠵᠢᠬᠦ ᠵᠢ ᠲᠦᠯᠬᠢᠨ ᠠᠬᠢᠭᠤᠯᠬᠤ ᠬᠡᠷᠡᠭᠲᠡᠶ᠃
ᠠᠮᠤᠷ ᠲᠦᠪᠰᠢᠨ᠎ᠤ ᠲᠠᠯ᠎ᠠ᠎ᠪᠠᠷ᠂ ᠮᠥᠩᠭᠥᠨ ᠭᠦᠶᠯᠭᠡᠭᠡᠨ᠎ᠤ ᠠᠶᠤᠯ ᠲᠦᠭᠰᠢᠭᠦᠷᠢ ᠵᠢ ᠮᠡᠷᠭᠡᠵᠢᠯ ᠵᠶ᠋ᠠᠷ ᠰᠡᠷᠭᠡᠶ᠋ᠢᠯᠡᠬᠦ ᠴᠢᠳᠠᠪᠤᠷᠢ ᠵᠢ ᠴᠢᠩᠭ᠋ᠠᠳᠬᠠᠬᠤ ᠬᠡᠷᠡᠭᠲᠡᠶ᠃ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠨᠢ ᠮᠥᠩᠭᠥᠨ ᠬᠦᠢ᠍ᠯᠬᠡᠬᠡᠨ᠎ᠤ ᠦᠷ᠎ᠡ ᠪᠦᠲᠦᠮᠵᠢ᠂ ᠥᠪᠡᠷ᠎ᠤᠨ ᠥᠷᠲᠡᠭ᠎ᠢ ᠳᠡᠭᠡᠭᠰᠢᠯᠡᠭᠦᠯᠬᠦ ᠪᠠ ᠰᠠᠯᠬᠢᠨ᠎ᠤ ᠡᠵᠡᠮᠳᠡᠯ᠎ᠤᠨ ᠴᠢᠳᠠᠪᠤᠷᠢ ᠵᠢ ᠴᠢᠩᠭ᠋ᠠᠷᠠᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠤᠭᠰᠠᠨ ᠪᠣᠯᠪᠠᠴᠤ ᠮᠡᠷᠭᠡᠵᠢᠯ᠎ᠤᠨ ᠭᠦᠨᠵᠡᠭᠡᠶ ᠠᠭᠤᠰᠤᠯᠴᠠᠯ᠎ᠨᠢ ᠵᠣᠬᠢᠬᠤ ᠬᠡᠮᠵᠢᠶᠡᠨ ᠳᠡᠭᠡᠷ᠎ᠡ ᠲᠤᠬᠠᠶ᠋ᠢᠯᠠᠭᠰᠠᠨ ᠠᠵᠢᠯ ᠵᠢᠨ ᠵᠠᠭ᠋ᠠᠭ ᠬᠢᠵᠠᠭ᠋ᠠᠷ᠎ᠢ ᠪᠠᠯᠠᠷᠬᠠᠶ ᠪᠣᠯᠭ᠋ᠠᠵᠤ᠂ ᠠᠶᠤᠯ ᠲᠦᠭᠰᠢᠭᠦᠷᠢ ᠵᠢᠨ ᠳᠠᠮᠵᠢᠭᠤᠯᠭ᠎ᠠ ᠵᠢᠨ ᠬᠡᠪᠴᠢᠶ᠎ᠡ ᠵᠢ ᠥᠷᠭᠡᠳᠬᠡᠪᠡ᠃ ᠠᠮᠤᠷ ᠲᠦᠪᠰᠢᠨ ᠬᠢᠭᠡᠳ ᠬᠥᠭᠵᠢᠯᠲᠡ ᠵᠢᠨ ᠬᠠᠷᠢᠴᠠᠭ᠎ᠠ ᠵᠢ ᠵᠥᠪ ᠵᠶ᠋ᠠᠷ ᠰᠢᠶᠳᠪᠦᠷᠢᠯᠡᠵᠦ᠂ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠬᠡᠷᠡᠭᠯᠡᠨ ᠵᠠᠬ᠎ᠠ ᠳᠡᠯᠭᠡᠭᠦᠷ ᠠᠯᠤᠰᠯᠠᠭᠰᠠᠨ᠂ ᠡᠵᠡᠩᠨᠡᠯᠲᠡ ᠵᠢᠨ ᠬᠡᠯᠪᠡᠷᠢ ᠪᠠᠢ᠍ᠳᠠᠯ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠮᠥᠩᠭᠥᠨ ᠬᠦᠢ᠍ᠯᠬᠡᠬᠡᠨ᠎ᠤ ᠠᠶᠤᠯ ᠲᠦᠭᠰᠢᠭᠦᠷᠢ ᠵᠢ ᠢᠯᠭ᠋ᠠᠨ ᠲᠠᠨᠢᠬᠤ᠂ ᠤᠷᠢᠳᠴᠢᠯᠠᠨ ᠰᠡᠷᠡᠮᠵᠢᠯᠡᠭᠦᠯᠬᠦ ᠪᠠ ᠰᠢᠶᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠰᠦᠯᠵᠢᠶᠡᠨ᠎ᠤ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠮᠥᠩᠭᠥᠨ ᠬᠦᠢ᠍ᠯᠬᠡᠬᠡᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠵᠢ ᠴᠢᠩᠭ᠋ᠠᠳᠬᠠᠵᠤ᠂ ᠰᠢᠨ᠎ᠡ ᠮᠡᠷᠭᠡᠵᠢᠯ᠎ᠤᠨ ᠬᠡᠷᠡᠭᠯᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠬᠦ ᠵᠢ ᠰᠠᠶ᠋ᠢᠲᠤᠷ ᠬᠢᠵᠦ᠂ ᠰᠢᠰᠲ᠋ᠧᠮ᠎ᠤᠨ ᠴᠢᠨᠠᠷᠲᠠᠶ ᠮᠥᠩᠭᠥᠨ ᠬᠦᠢ᠍ᠯᠬᠡᠬᠡᠨ᠎ᠤ ᠠᠶᠤᠯ ᠲᠦᠭᠰᠢᠭᠦᠷᠢ ᠦᠯᠦ ᠭᠠᠷᠭ᠋ᠠᠬᠤ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠶ᠃
ᠬᠢᠨᠠᠨ ᠬᠠᠮᠢᠶᠠᠷᠬᠤ ᠲᠠᠯ᠎ᠠ᠎ᠪᠠᠷ᠂ ᠮᠥᠩᠭᠥᠨ ᠬᠦᠢ᠍ᠯᠬᠡᠬᠡᠨ᠎ᠤ ᠬᠢᠨᠠᠭᠤᠷ ᠪᠣᠯᠭᠣᠮᠵᠢᠲᠠᠶ ᠬᠢᠨᠠᠨ ᠬᠠᠮᠢᠶᠠᠷᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠶ᠃ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠨᠢ ᠵᠠᠭ᠋ᠠᠭ ᠠᠯᠤᠰᠯᠠᠭᠰᠠᠨ ᠰᠢᠨ᠎ᠡ᠎ᠪᠠᠷ ᠬᠥᠭᠵᠢᠭᠰᠡᠨ ᠪᠦᠲᠦᠭᠡᠭᠳᠡᠬᠦᠨ ᠪᠣᠯᠤᠭᠰᠠᠨ᠎ᠤ ᠬᠤᠪᠢ᠎ᠳᠤ᠂ ᠦᠳᠲᠡᠷ ᠲᠦᠷᠭᠡᠨ ᠬᠥᠭᠵᠢᠬᠦ ᠵᠢᠨ ᠬᠠᠮᠲᠤ ᠪᠠᠰᠠ ᠬᠠᠤᠯᠢ ᠴᠠᠭ᠋ᠠᠵᠠ ᠪᠣᠯᠤᠨ ᠬᠢᠨᠠᠯᠲᠠ ᠬᠠᠮᠢᠶᠠᠷᠤᠯᠲᠠ ᠵᠢᠨ ᠬᠣᠭᠣᠰᠣᠨ ᠪᠠᠶᠬᠤ ᠵᠡᠷᠭᠡ ᠠᠰᠠᠭᠤᠳᠠᠯ᠎ᠳᠤ ᠲᠤᠯᠭ᠋ᠠᠷᠠᠵᠠᠶ᠃ 《ᠲᠥᠯᠥᠪᠵᠢᠭᠦᠯᠪᠡ》᠎ᠳᠤ᠂ ᠮᠥᠩᠭᠥᠨ ᠭᠦᠶᠯᠭᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠨᠠᠭᠤᠷ ᠪᠣᠯᠭᠣᠮᠵᠢᠲᠠᠶ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠢᠨᠠᠯᠲᠠ ᠬᠠᠮᠢᠶᠠᠷᠤᠯᠲᠠ ᠵᠢᠨ ᠦᠨᠳᠦᠰᠦᠨ ᠳᠦᠷᠢᠮ᠎ᠤᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠦᠨᠳᠦᠰᠦᠨ ᠳᠦᠷᠢᠮ ᠢ ᠲᠤᠭᠤᠷᠪᠢᠨ ᠲᠣᠭᠲᠠᠭ᠋ᠠᠬᠤ᠂ ᠬᠢᠨᠠᠨ ᠬᠡᠮᠵᠢᠵᠦ ᠵᠠᠳᠠᠯᠤᠯᠲᠠ ᠬᠢᠬᠦ ᠪᠠ ᠦᠨᠡᠯᠡᠨ ᠵᠢᠱ᠌ᠢᠬᠦ ᠠᠵᠢᠯ᠎ᠤᠨ ᠡᠷᠴᠢᠮ᠎ᠢ ᠴᠢᠩᠭ᠋ᠠᠷᠠᠭᠤᠯᠵᠤ᠂ ᠤᠳᠤ ᠦᠶ᠎ᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠤᠯᠤᠰ᠎ᠠᠴᠠ ᠳᠣᠲᠣᠭ᠋ᠠᠳᠤ ᠵᠢᠨ᠂ ᠤᠯᠤᠰ᠎ᠠᠴᠠ ᠳᠣᠲᠣᠭ᠋ᠠᠳᠤ ᠵᠢᠨ ᠪᠡᠯᠡ ᠮᠥᠩᠭᠥ ᠵᠢ ᠴᠠᠭᠲᠤᠨᠢ ᠲᠤᠬᠢᠷᠠᠭᠤᠯᠤᠨ ᠬᠥᠳᠡᠯᠦᠩᠭᠦᠶ᠎ᠪᠠᠷ ᠬᠢᠨᠠᠨ ᠬᠠᠮᠢᠶᠠᠷᠴᠤ᠂ ᠮᠥᠩᠭᠥᠨ ᠭᠦᠶᠯᠭᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠶᠠᠪᠤᠳᠠᠯ᠎ᠢ ᠬᠠᠶ᠋ᠢᠨ ᠰᠦᠪᠡᠭᠴᠢᠯᠡᠵᠦ᠂ ᠮᠥᠩᠭᠥᠨ ᠭᠦᠶᠯᠭᠡᠭᠡᠨ᠎ᠤ ᠦᠢ᠍ᠯᠡᠰ᠎ᠤᠨ ᠶᠡᠷᠦᠩᠬᠡᠶ᠋ᠢᠯᠡᠭᠰᠡᠨ ᠲᠣᠭ᠎ᠠ ᠪᠦᠷᠢᠳᠬᠡᠯ᠎ᠳᠤ ᠦᠢ᠍ᠯᠡᠴᠢᠯᠡᠵᠦ᠂ ᠰᠦᠯᠵᠢᠶᠡᠨ᠎ᠤ ᠲᠤᠰᠬᠠᠶ ᠮᠡᠷᠭᠡᠵᠢᠯ᠎ᠤᠨ ᠴᠢᠨᠠᠷ᠂ ᠨᠢᠭᠡᠳᠦᠮᠡᠯ ᠴᠢᠨᠠᠷ ᠪᠠ ᠨᠡᠪᠲᠡᠯᠬᠦ ᠴᠢᠨᠠᠷ ᠢ ᠨᠡᠮᠡᠭᠳᠡᠭᠦᠯᠦᠨ᠎ᠡ ᠭᠡᠵᠦ ᠳᠤᠷᠠᠳᠤᠨ ᠭᠠᠷᠭ᠋ᠠᠵᠠᠶ᠃
ᠡᠨᠡ ᠵᠢᠯ᠎ᠤᠨ 6 ᠰᠠᠷ᠎ᠠ᠎ᠳᠤ᠂ ᠲᠥᠪ ᠪᠠᠩᠬᠢ ᠵᠢᠨ ᠶᠢᠨ ᠭᠠᠩ ᠯᠦ᠍ ᠵᠢᠶᠠ ᠽᠦᠶ ᠵᠢᠨ ᠶᠠᠷᠢᠶᠠᠨ᠎ᠤ ᠲᠠᠪᠴᠠᠩ ᠳᠡᠭᠡᠷ᠎ᠡ ᠶᠠᠷᠢᠶ᠎ᠠ ᠲᠠᠯᠪᠢᠬᠤ᠎ᠳᠠᠭᠠᠨ᠄ 《ᠢᠷᠡᠭᠡᠳᠦᠢ᠎ᠳᠤ᠂ ᠪᠦᠬᠦ ᠪᠥᠮᠪᠥᠷᠴᠡᠭ᠎ᠤᠨ ᠮᠥᠩᠭᠥᠨ ᠭᠦᠶᠯᠭᠡᠭᠡᠨ᠎ᠤ ᠨᠡᠮᠡᠭᠳᠡᠯ᠎ᠤᠨ ᠴᠡᠭ᠎ᠨᠢ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠳᠤ ᠪᠣᠶ᠂ ᠣᠯᠠᠨ ᠤᠯᠤᠰ᠎ᠠᠴᠠ ᠮᠥᠩᠭᠥᠨ ᠬ᠋ᠦᠢ᠍ᠯᠬᠡᠬᠡᠨᠤ ᠲᠥᠪ᠎ᠤᠨ ᠥᠷᠢᠰᠥᠯᠳᠦᠭᠡᠨ᠎ᠤ ᠲᠥᠪᠯᠡᠷᠡᠯ᠎ᠤᠨ ᠴᠡᠭ᠎ᠨᠢ ᠴᠦ᠍ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠳᠤ ᠪᠣᠶ᠃ ᠡᠶ᠋ᠢᠮᠦ᠎ᠠᠴᠠ ᠪᠢᠳᠡ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢ ᠳᠡᠭᠡᠰᠦ ᠬᠡᠮᠵᠢᠶ᠎ᠡ᠎ᠪᠠᠷ ᠴᠢᠬᠤᠯᠠᠴᠢᠯᠠᠬᠤ ᠬᠡᠷᠡᠭᠲᠡᠶ᠃》 ᠲᠣᠰ ᠤᠳᠠᠭ᠎ᠠ ᠨᠡᠢ᠍ᠲᠡᠯᠡᠭᠰᠡᠨ 《ᠲᠥᠯᠥᠪᠵᠢᠭᠦᠯᠪᠡ》᠎ᠨᠢ ᠮᠠᠨ᠎ᠤ ᠤᠯᠤᠰ᠎ᠠᠴᠠ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ᠎ᠳᠤ ᠪᠠᠶ᠋ᠢᠯᠳᠤᠬᠤ ᠪᠣᠳᠣᠯᠭ᠎ᠠ ᠵᠢᠨ ᠴᠢᠭᠯᠡᠯ ᠪᠠ ᠲᠥᠷᠥ ᠵᠢᠨ ᠪᠣᠳᠣᠯᠭ᠎ᠠ ᠵᠢᠨ ᠵᠢᠯᠣᠭᠣᠳᠣᠯᠭ᠎ᠠ ᠬᠠᠩᠭ᠋ᠠᠭᠰᠠᠨ ᠪᠠᠢ᠍ᠨ᠎ᠠ᠃ ᠳᠠᠷᠠᠭ᠋ᠠᠴᠢ ᠵᠢᠨ ᠱᠠᠲᠤᠨ᠎ᠳᠤ᠂ ᠡᠯ᠎ᠡ ᠮᠥᠩᠭᠥᠨ ᠬᠦᠢ᠍ᠯᠬᠡᠬᠡᠨ᠎ᠤ ᠪᠠᠢ᠍ᠭᠤᠯᠤᠮᠵᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠺᠣᠮᠫᠠᠨᠢ ᠪᠣᠯᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠲᠣᠰ ᠲᠣᠰ᠎ᠤᠨ ᠡᠭᠦᠷᠭᠡ ᠲᠤᠰᠢᠶᠠᠯ ᠵᠶ᠋ᠠᠨ ᠭᠦᠶᠴᠡᠳᠬᠡᠵᠦ᠂ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠷᠡᠭᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ᠂ ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠬᠢ ᠣᠯᠭᠣᠬᠤ ᠦᠢ᠍ᠯᠡᠲᠤᠯᠢ ᠪᠠᠳᠠᠷᠠᠭᠤᠯᠬᠤ᠂ ᠮᠥᠩᠭᠥᠨ ᠬᠦᠢ᠍ᠯᠬᠡᠬᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠬᠦ ᠴᠢᠳᠠᠪᠤᠷᠢ ᠵᠢ ᠴᠢᠩᠭ᠋ᠠᠳᠬᠠᠬᠤ᠎ᠪᠠᠷ ᠬᠠᠮᠲᠤ᠎ᠪᠠᠷ ᠴᠢᠷᠮᠠᠶ᠋ᠢᠵᠤ᠂ ᠮᠥᠩᠭᠥᠨ ᠬ᠋ᠦᠢ᠍ᠯᠬᠡᠬᠡᠨᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠪᠣᠳᠠᠲᠤ ᠴᠣᠭᠴᠠ ᠵᠢᠨ ᠠᠵᠤ ᠠᠬᠤᠶ ᠪᠣᠯᠤᠨ ᠮᠥᠩᠭᠥᠨ ᠬᠦᠢ᠍ᠯᠬᠡᠬᠡᠨ᠎ᠤ ᠬᠡᠷᠡᠭᠯᠡᠭᠴᠢᠳ᠎ᠲᠤ ᠨᠠᠩ ᠰᠠᠶ᠋ᠢᠲᠤᠷ ᠦᠶᠯᠡᠴᠢᠯᠡᠨ᠎ᠡ᠃